ᠤᠢ᠍ᠢᠷᠠ ᠳ᠋ᠤ᠂《ᠱᠢᠨ᠎ᠡ ᠴᠠᠭ ᠦᠶ᠎ᠡ ᠪᠠᠨ ᠮᠠᠭᠳᠠᠨ ᠳᠠᠭᠤᠯᠠᠵᠦ ᠱᠢᠨ᠎ᠡ ᠠᠶᠠᠨ ᠳ᠋ᠠᠭᠠᠨ ᠡᠷᠡᠮᠡᠬᠡᠢᠯᠡᠨ ᠤᠷᠤᠭ᠍ᠰᠢᠯᠠᠬᠤ》ᠪᠡᠷ ᠭᠣᠣᠯ ᠰᠡᠳᠦᠪ ᠪᠣᠯᠭᠠᠭ᠍ᠰᠠᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠰᠦᠯᠵᠢᠶᠡᠨ ᠳᠡᠭᠡᠷᠡᠬᠢ ᠳᠠᠭᠤᠤ ᠬᠥᠭ᠌ᠵᠢᠮ ᠤ᠋ᠨ ᠦᠳᠡᠱᠢᠯᠡᠭᠡ ᠢᠳᠡ ᠬᠦᠭ ᠲᠠᠢ ᠶᠠᠪᠤᠭ᠍ᠳᠠᠪᠠ ᠃
《ᠲᠠᠪᠤᠨ ᠣᠳᠣᠲᠤ ᠤᠯᠠᠭᠠᠨ ᠲᠤᠭ ᠪᠣᠯ ᠲᠠᠨ ᠤ᠋ ᠨᠢᠭᠤᠷ ᠲᠦᠷᠬᠦ ᠂ ᠲᠦᠮᠡᠨ ᠭᠠᠵᠠᠷ ᠤ᠋ᠨ ᠤᠷᠳᠤ ᠴᠠᠭᠠᠨ ᠬᠡᠷᠡᠮ ᠪᠣᠯ ᠲᠠᠨ ᠤ᠋ ᠨᠢᠷᠤᠭᠤ ᠲᠤᠯᠭᠠᠭᠤᠷᠢ ᠁》ᠱᠢᠭᠤᠳ ᠨᠡᠪᠲᠡᠷᠡᠭᠦᠯᠭᠡ ᠵᠢᠨ ᠲᠠᠰᠤᠭ ᠡᠴᠡ ᠴᠠᠭ ᠦᠶ᠎ᠡ ᠵᠢᠨ ᠬᠦᠭ ᠠᠶᠠᠰ ᠢ᠋ ᠬᠦᠭᠵᠢᠮᠳᠡᠨ ᠠᠭᠤᠤ ᠶᠡᠬᠡ ᠡᠬᠡ ᠤᠯᠤᠰ ᠵᠢᠡᠨ ᠮᠠᠭ᠍ᠲᠠᠨ ᠳᠠᠭᠤᠯᠠᠵᠤ ᠂ ᠡᠬᠡ ᠣᠷᠣᠨᠴᠢ ᠴᠢᠩ ᠦᠨᠡᠨᠴᠢ ᠬᠠᠢᠷ᠎ᠠ ᠰᠡᠳᠭᠢᠯᠭᠡ ᠵᠢ ᠦᠵᠡᠭ᠌ᠴᠢᠳ ᠤ᠋ᠨ ᠰᠡᠳᠬᠢᠯ ᠳ᠋ᠤ ᠬᠠᠳᠠᠩᠰᠢᠭᠤᠯᠤᠨ᠎ᠠ ᠃ ᠲᠤᠰ ᠤᠳᠠᠭ᠎ᠠ ᠵᠢᠨ ᠦᠳᠡᠰᠢᠯᠡᠬᠡ ᠨᠢ《ᠣᠷᠣᠱᠢᠯ》᠂ ᠨᠢᠭᠡᠳᠦᠭᠡᠷ ᠪᠦᠯᠦᠭ《ᠠᠭᠤᠤ ᠶᠡᠬᠡ ᠬᠤᠪᠢᠰᠤᠯᠲᠠ》᠂ ᠬᠣᠶᠠᠳᠤᠭᠠᠷ ᠪᠦᠯᠦᠭ《ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ》᠂ ᠭᠤᠷᠪᠠᠳᠤᠭᠠᠷ ᠪᠦᠯᠦᠭ《ᠴᠣ᠋ ᠱᠢᠨ᠎ᠡ ᠠᠶᠠᠨ》 ᠪᠤᠯᠤᠨ 《ᠲᠡᠭᠦᠰᠭᠡᠯ》 ᠭᠡᠬᠦ ᠬᠡᠳᠦᠨ ᠪᠦᠯᠦᠭ ᠬᠤᠪᠢᠶᠠᠨ ᠂ ᠳᠡᠳᠮ᠎ᠠ ᠂ ᠵᠢᠨ ᠬᠤᠸᠠ ᠵᠡᠷᠭᠡ ᠠᠬᠠᠮᠠᠳ ᠨᠢᠭᠡ ᠦᠶ᠎ᠡ ᠵᠢᠨ ᠤᠷᠠᠯᠢᠭ᠍ᠴᠢᠳ ᠪᠦᠬᠦᠳᠡᠭᠡᠷ ᠪᠢᠯᠬᠠᠮ᠎ᠠ ᠰᠡᠳᠭᠢᠯᠬᠡ ᠲᠠᠢ ᠪᠠᠷ ᠲᠤᠭᠯᠠᠯᠳᠠ ᠭᠠᠷᠭᠠᠨ ᠂ ᠠᠶᠤᠩᠭ᠎ᠠ ᠂ ᠬᠦᠰᠡᠯᠡᠩ ᠂ ᠤᠯᠠᠭᠠᠨᠲᠤᠶᠠᠭ᠎ᠠ ᠂ ᠶᠦᠨ ᠹᠧᠶ ᠵᠡᠷᠭᠡ ᠵᠠᠯᠠᠭᠤ ᠤᠷᠠᠯᠢᠭᠴᠢᠳ ᠴᠦ᠍ ᠣᠷᠭᠢᠯᠤᠮ᠎ᠠ ᠬᠠᠯᠠᠭᠤᠨ ᠰᠡᠳᠭᠢᠯᠭᠡ ᠪᠡᠷ ᠠᠶ᠎ᠠ ᠳᠠᠭᠤᠤ ᠪᠠᠨ ᠡᠷᠬᠦᠵᠤ ᠂《ᠠᠷᠠᠳ ᠲᠦᠮᠡᠨ ᠪᠣᠯ ᠲᠥᠷᠥ᠍ ᠭᠦᠷᠦᠨ》᠂《ᠪᠠᠬᠠᠷᠤᠮ᠎ᠠ ᠰᠠᠢᠬᠠᠨ ᠳᠤᠮᠳᠠᠳᠤ ᠤᠯᠤᠰ》ᠵᠡᠷᠭᠡ ᠳᠠᠭᠤᠤ ᠨᠢ ᠲᠦᠭ ᠲᠦᠮᠡᠨ ᠠᠷᠠᠳ ᠲᠦᠮᠡᠨ ᠤ᠋ ᠤᠷᠮ᠎ᠠ ᠵᠣᠷᠢᠭ ᠢ᠋ ᠪᠠᠳᠠᠷᠠᠭᠠᠵᠦ ᠂ ᠡᠷᠴᠢ ᠵᠣᠷᠢᠭ ᠢ᠋ ᠬᠥᠪᠴᠢᠯᠡᠭᠰᠡᠨ ᠪᠠᠢᠨ᠎ᠠ᠃
ᠲᠣᠰ ᠤᠳᠠᠭ᠎ᠠ ᠵᠢᠨ ᠰᠦᠯᠵᠢᠶᠡᠨ ᠳᠡᠭᠡᠷᠡᠬᠢ ᠳᠠᠭᠤᠤ ᠬᠥᠭ᠌ᠵᠢᠮ ᠤ᠋ᠨ ᠴᠤᠭ᠍ᠯᠠᠭᠠᠨ ᠢ᠋ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨᠬᠢᠨ ᠤ᠋ ᠬᠣᠯᠪᠣᠭ᠎ᠠ ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ ᠤ᠋ᠨ ᠳᠠᠭᠤᠤ ᠬᠥᠭ᠌ᠵᠢᠮᠴᠢᠳ ᠤ᠋ᠨ ᠨᠡᠢᠭᠡᠮᠯᠢᠭ ᠡᠴᠡ ᠳᠠᠭᠠᠭᠠᠴᠢᠯᠠᠨ ᠡᠷᠭᠢᠯᠡᠵᠦ᠍᠂《ᠲᠠᠯ᠎ᠠ ᠨᠤᠲᠤᠭ ᠤ᠋ᠨ ᠡᠬᠦᠯᠡ》ᠬᠠᠮ ᠵᠠᠭᠤᠴᠢᠯᠠᠭᠤᠷ ᠂ ᠥᠪᠥᠷ ᠮᠣᠩᠭᠣᠯ ᠤ᠋ᠨ ᠡᠳᠦᠷ ᠤ᠋ᠨ ᠰᠣᠨᠢᠨ ᠤ᠋ ᠸᠢᠳᠢᠣ᠋ ᠳ᠋ᠤᠭᠠᠷ ᠂《ᠲᠡᠬᠦᠯᠢᠯᠳᠡ》ᠬᠠᠮ ᠵᠠᠭᠤᠴᠢᠯᠠᠭᠤᠷ ᠵᠡᠷᠭᠡ ᠪᠡᠷ ᠳᠠᠮᠵᠢᠨ ᠢᠵᠢᠯ ᠠᠯᠬᠤᠮ ᠵᠢᠡᠷ ᠱᠢᠭᠤᠳ ᠨᠡᠪᠲᠡᠷᠡᠭᠦᠯᠵᠡᠢ ᠃ ᠥᠪᠥᠷ ᠮᠣᠩᠭᠣᠯ ᠤ᠋ᠨ ᠳᠠᠭᠤᠤ ᠬᠥᠭ᠌ᠵᠢᠮᠴᠢᠳ ᠤ᠋ᠨ ᠨᠡᠢᠭᠡᠮᠯᠢᠭ ᠤ᠋ᠨ ᠨᠠᠷᠢᠨ ᠪᠢᠴᠢᠭ ᠤ᠋ᠨ ᠳᠠᠷᠤᠭ᠎ᠠ ᠤᠯᠠᠭᠠᠨ ᠄《ᠣᠳᠣᠬᠠᠨ ᠳ᠋ᠤ ᠪᠦᠬᠦ᠌ ᠣᠷᠣᠨ ᠳ᠋ᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠴᠤ᠌ ᠪᠠᠢᠨ᠎ᠠ ᠃ ᠪᠢᠳᠡ ᠡᠨᠡ ᠬᠦ᠌ ᠳᠠᠭᠤᠤ ᠬᠥᠭ᠌ᠵᠢᠮ ᠤ᠋ᠨ ᠦᠳᠡᠱᠢᠯᠡᠭᠡ ᠪᠡᠷ ᠲᠠᠮᠵᠢᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ ᠂ ᠰᠦᠯᠵᠢᠶᠡᠨ ᠳᠡᠭᠡᠷᠡᠬᠢ ᠦᠳᠡᠰᠢᠯᠡᠬᠡ ᠪᠡᠷ ᠨᠠᠩ ᠣᠯᠠᠨ ᠬᠦᠮᠦᠨ ᠳ᠋ᠤ ᠳᠠᠭᠤᠤ ᠤᠷᠠᠯᠢᠭ ᠢ᠋ ᠰᠤᠨᠢᠷᠬᠠᠭᠤᠯᠬᠤ ᠵᠢ ᠵᠤᠷᠢᠭᠰᠠᠨ ᠶᠤᠮ》ᠭᠡᠵᠤ ᠬᠡᠯᠡᠨ᠎ᠠ᠃