ᠱᠧᠨ ᠶᠠᠨ ᠪᠢᠩ᠄ ᠢᠲᠡᠭᠡᠯ ᠪᠢᠰᠢᠷᠡᠯ᠎ᠢᠶᠡᠨ ᠭᠤᠢᠪᠢᠰᠢ ᠦᠭᠡᠢ ᠪᠠᠲᠤ ᠰᠠᠬᠢᠨ᠎ᠠ
2022-12-14 20:11:00
ᠵᠣᠬᠢᠶᠠᠭ᠍ᠴᠢ᠄
​ᠴᠧᠨ ᠶᠠ ᠹᠸᠢ
ᠣᠩᠱᠢᠭ᠍ᠰᠠᠨ ᠣᠳᠠᠭ᠎ᠠ᠄
★★★☆☆

《5·4》᠎ᠤ ᠬᠥᠳᠡᠯᠭᠡᠭᠡᠨ᠎ᠤ ᠳᠠᠷᠠᠭ᠎ᠠ᠂ ᠱᠸᠨ ᠶᠠᠨ ᠪᠢᠩ ᠮᠠᠷᠺᠰ᠎ᠤᠨ ᠦᠵᠡᠯ ᠲᠡᠶ ᠡᠬᠢᠯᠡᠨ ᠣᠢᠷᠠᠳᠴᠤ᠂ ᠴᠧᠨ ᠳ᠋ᠦ᠋ ᠰᠢᠤ ᠲᠡᠶ ᠲᠠᠨᠢᠯᠴᠠᠵᠤ᠂ ᠲᠡᠷᠡᠴᠢᠯᠡᠨ《ᠰᠢᠨ᠎ᠡ ᠵᠠᠯᠠᠭᠤᠴᠤᠳ》 ᠰᠡᠳᠬᠦᠯ  ᠳᠡᠭᠡᠷ᠎ᠠ ᠡᠬᠡ ᠪᠢᠴᠢᠭ ᠨᠡᠢᠳᠡᠯᠡᠪᠡ᠃ 1920 ᠣᠨ ᠳ᠋ᠦ᠂ ᠲᠡᠷᠡ ᠱᠠᠩᠬᠠᠢ ᠵᠢᠨ ᠡᠪ ᠬᠠᠮᠲᠤ ᠨᠠᠮ᠎ᠤᠨ ᠡᠬᠢᠨ ᠤ᠋ ᠦᠶ᠎ᠡ ᠵᠢᠨ ᠵᠣᠬᠢᠶᠠᠨ ᠪᠠᠢᠭᠤᠯᠤᠯᠲᠠ ᠳ᠋ᠦ ᠣᠷᠣᠵᠤ᠂ ᠶᠡᠬᠡ ᠬᠡᠮᠵᠢᠶᠡᠨ᠎ᠤ ᠠᠵᠢᠯ ᠬᠢᠵᠡᠢ᠃

1921 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠵᠢᠩᠬᠢᠨᠢ᠎ᠪᠡᠷ ᠪᠠᠢᠭᠤᠯᠤᠭᠳᠠᠵᠤ᠂ ᠱᠸᠨ ᠶᠠᠨ ᠪᠢᠩ᠎ᠢ ᠪᠠᠭᠲᠠᠭᠠᠭᠰᠠᠨ ᠡᠯ᠎ᠡ ᠭᠠᠵᠠᠷ᠎ᠤᠨ ᠡᠬᠢᠨ ᠤ᠋ ᠦᠶ᠎ᠡ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠷᠤᠭᠰᠢᠲᠠᠢ᠎ᠪᠠᠷ ᠵᠢᠩᠬᠢᠨᠢ ᠨᠠᠮ᠎ᠤᠨ ᠭᠡᠰᠢᠭᠦᠨ ᠪᠣᠯᠪᠠ᠃ ᠡᠬᠢᠨ᠎ᠳᠡᠭᠡᠨ᠂ ᠨᠠᠮ᠎ᠤᠨ ᠡᠯ᠎ᠡ ᠵᠦᠢᠯ᠎ᠦᠨ ᠠᠵᠢᠯ ᠨᠢᠭᠤᠴᠠ ᠪᠠᠢᠳᠠᠯ᠎ᠳᠤ ᠪᠠᠢᠵᠤ᠂ ᠱᠧᠨ ᠶᠠᠨ ᠪᠢᠩ ᠠᠵᠢᠯ᠎ᠤᠨ ᠣᠷᠴᠢᠨ ᠲᠣᠭᠣᠷᠢᠨ᠎ᠢᠶᠠᠷ᠎ᠢᠶᠠᠨ ᠬᠠᠯᠬᠠᠪᠴᠢ ᠪᠣᠯᠭᠠᠨ ᠰᠢᠭᠤᠳ ᠬᠠᠷᠢᠶ᠎ᠠ ᠲᠥᠪ ᠬᠣᠷᠢᠶᠠᠨ᠎ᠤ ᠬᠣᠯᠪᠣᠭᠠᠴᠢᠨ᠎ᠤ ᠲᠤᠰᠢᠶᠠᠯ᠎ᠢ ᠡᠭᠦᠷᠭᠡᠯᠡᠵᠦ᠂ ᠨᠠᠮ᠎ᠤᠨ ᠳᠣᠲᠣᠭᠠᠳᠤ᠎ᠶᠢᠨ ᠴᠢᠮᠡᠭᠡ ᠬᠣᠯᠪᠣᠭᠠᠨ᠎ᠤ ᠠᠵᠢᠯ᠎ᠢ ᠥᠷᠨᠢᠭᠦᠯᠦᠭᠰᠡᠨ ᠪᠥᠭᠡᠳ ᠨᠠᠮ᠎ᠤᠨ ᠡᠷᠬᠢᠯᠡᠭᠰᠡᠨ ᠰᠤᠷᠭᠠᠭᠤᠯᠢ᠎ᠳᠤ ᠵᠢᠭᠠᠨ ᠰᠤᠷᠭᠠᠬᠤ ᠡᠭᠦᠷᠭᠡ᠎ᠶᠢ ᠡᠭᠦᠷᠭᠡᠯᠡᠵᠦ᠂ ᠱᠠᠩᠬᠠᠢ᠎ᠶᠢᠨ ᠠᠵᠢᠯ ᠬᠠᠶᠠᠯᠲᠠ᠎ᠶᠢᠨ ᠬᠥᠳᠡᠯᠭᠡᠭᠡᠨ᠎ᠢ ᠤᠳᠤᠷᠢᠳᠴᠤ᠂ ᠣᠷᠣᠯᠴᠠᠵᠤ᠂ ᠮᠡᠳᠡᠭᠡᠯᠡᠪᠡ᠃

ᠶᠡᠬᠡ ᠬᠤᠪᠢᠰᠬᠠᠯ᠎ᠤᠨ ᠬᠤᠭᠤᠴᠠᠭᠠᠨ᠎ᠳᠤ᠂ ᠪᠠᠢᠳᠠᠯ᠎ᠤᠨ ᠠᠬᠢᠴᠠ ᠪᠣᠯᠣᠨ ᠨᠠᠮ᠎ᠤᠨ ᠠᠵᠢᠯ᠎ᠤᠨ ᠬᠡᠷᠡᠭᠴᠡᠭᠡ᠎ᠪᠡᠷ᠂ ᠱᠸᠨ ᠶᠠᠨ ᠪᠢᠩ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠮᠢᠯᠠᠯᠲᠠ᠎ᠪᠠᠷ᠂ ᠡᠯ᠎ᠡ ᠭᠠᠵᠠᠷ᠎ᠢᠶᠠᠷ ᠶᠠᠪᠤᠵᠤ ᠪᠠᠢᠪᠠ᠃ ᠶᠡᠬᠡ ᠬᠤᠪᠢᠰᠬᠠᠯ ᠢᠯᠠᠭᠳᠠᠭᠰᠠᠨ᠎ᠤ ᠳᠠᠷᠠᠭ᠎ᠠ᠂ ᠬᠤᠪᠢᠰᠬᠠᠯ ᠤᠷᠤᠭᠤᠳᠠᠯ᠎ᠳᠤ ᠣᠷᠣᠵᠤ᠂ ᠱᠸᠨ ᠶᠠᠨ ᠪᠢᠩ ᠠᠷᠭ᠎ᠠ ᠪᠤᠰᠤ ᠨᠢᠭᠤᠨ ᠰᠠᠭᠤᠵᠤ ᠲᠡᠨᠦᠭᠦᠴᠢᠯᠡᠬᠦ ᠠᠮᠢᠳᠤᠷᠠᠯ᠎ᠢᠶᠠᠨ ᠡᠬᠢᠯᠡᠭᠦᠯᠵᠡᠢ᠃ ᠤᠯᠤᠰ᠎ᠤᠨ ᠳᠣᠲᠣᠭᠠᠳᠤ᠎ᠶᠢᠨ ᠪᠠᠴᠢᠮ ᠪᠠᠢᠳᠠᠯ ᠪᠣᠯᠣᠨ ᠨᠠᠷᠢᠨ ᠪᠤᠳᠤᠯᠢᠶᠠᠨᠲᠠᠢ ᠨᠡᠢᠭᠡᠮ᠎ᠦᠨ ᠪᠠᠢᠳᠠᠯ ᠨᠢ ᠲᠡᠭᠦᠨ᠎ᠦ ᠨᠠᠮ᠎ᠤᠨ ᠵᠣᠬᠢᠶᠠᠨ ᠪᠠᠢᠭᠤᠯᠤᠯᠲᠠ ᠯᠤᠭ᠎ᠠ᠎ᠶᠢᠨ ᠬᠠᠷᠢᠴᠠᠭ᠎ᠠ᠎ᠶᠢ ᠠᠭᠠᠵᠢᠮ᠎ᠢᠶᠠᠷ ᠠᠯᠳᠠᠭᠤᠯᠪᠠ᠃ ᠤᠢᠳᠬᠠᠷᠯᠠᠨ ᠡᠷᠡᠭᠡᠯᠵᠡᠬᠦ ᠦᠶ᠎ᠡ᠎ᠳᠦ᠂ ᠱᠧᠨ ᠶᠠᠨ ᠪᠢᠩ ᠭᠠᠷ᠎ᠲᠠᠬᠢ ᠪᠢᠷ᠎ᠢᠶᠡᠨ ᠠᠳᠬᠤᠨ ᠨᠠᠮ᠎ᠤᠨ ᠦᠢᠯᠡᠰ᠎ᠦᠨ ᠲᠥᠯᠥᠭᠡ ᠦᠷᠭᠦᠯᠵᠢᠯᠡᠨ ᠲᠡᠮᠡᠴᠡᠬᠦ᠎ᠪᠡᠷ ᠵᠣᠷᠢᠭ᠋ ᠰᠢᠭᠤᠳᠴᠤ᠂ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶᠢᠨ ᠠᠶᠠᠨ ᠵᠠᠮ᠎ᠳᠠᠭᠠᠨ ᠮᠣᠷᠳᠠᠯ᠎ᠠ᠃ ᠱᠠᠩᠬᠠᠢ᠎ᠳᠤ ᠨᠢᠭᠤᠨ ᠰᠠᠭᠤᠵᠤ ᠪᠠᠢᠭᠰᠠᠨ ᠬᠤᠭᠤᠴᠠᠭᠠᠨ᠎ᠳᠠᠭᠠᠨ᠂ ᠲᠡᠷᠡ ᠶᠡᠬᠡ ᠬᠤᠪᠢᠰᠬᠠᠯ᠎ᠤᠨ ᠦᠶ᠎ᠡ᠎ᠪᠡᠷ ᠠᠷᠤ ᠦᠵᠡᠭᠳᠡᠯ ᠪᠣᠯᠭᠠᠭᠰᠠᠨ ᠠᠩᠬᠠᠳᠠᠭ᠍ᠴᠢ ᠥᠭᠦᠯᠡᠯᠭᠡ 《ᠵᠡᠭᠦᠳᠦ ᠵᠡᠷᠭᠡᠯᠭᠡᠨ》ᠵᠢᠡᠨ ᠪᠢᠴᠢᠪᠡ; 1928 ᠣᠨ᠎ᠳᠤ ᠶᠠᠫᠤᠨ᠎ᠳᠤ ᠲᠡᠨᠦᠭᠦᠴᠢᠯᠡᠵᠤ ᠪᠠᠢᠭ᠎ᠠ ᠦᠶ᠎ᠠ ᠳ᠋ᠡᠭᠡᠨ᠂ ᠬᠤᠪᠢᠰᠬᠠᠯ᠎ᠤᠨ ᠢᠷᠡᠭᠡᠳᠦᠢ ᠳ᠋ᠦ ᠢᠲᠡᠭᠡᠯ ᠪᠢᠰᠢᠷᠡᠯ᠎ᠵᠢᠡᠨ ᠨᠠᠢᠳᠠᠭᠰᠠᠨ ᠷᠣᠮᠠᠨ《ᠰᠣᠯᠣᠩᠭ᠎ᠠ》ᠪᠠᠨ ᠵᠣᠬᠢᠶᠠᠪᠠ;1930 ᠣᠨ᠎ᠳᠤ ᠱᠠᠩᠬᠠᠢ᠎ᠳᠤ ᠪᠤᠴᠠᠭᠰᠠᠨ᠎ᠤ ᠳᠠᠷᠠᠭ᠎ᠠ᠂ ᠭᠤᠴᠢᠭᠠᠳ ᠣᠨ᠎ᠤ ᠦᠶ᠎ᠡ᠎ᠶᠢᠨ ᠤᠯᠤᠰ᠎ᠤᠨ ᠳᠣᠲᠣᠭᠠᠳᠤ᠎ᠶᠢᠨ ᠨᠡᠢᠭᠡᠮ᠎ᠦᠨ ᠪᠣᠳᠠᠲᠤ ᠪᠠᠢᠳᠠᠯ᠎ᠢ ᠲᠤᠰᠬᠠᠭᠰᠠᠨ ᠠᠪᠤᠷᠭᠤ ᠪᠦᠲᠦᠭᠡᠯ《ᠰᠥᠨᠢ ᠳᠦᠯᠢ》ᠪᠡᠨ ᠪᠢᠴᠢᠵᠦ ᠳᠠᠭᠤᠰᠬᠠᠪᠠ; ᠶᠠᠫᠤᠨ᠎ᠢ ᠡᠰᠡᠷᠭᠦᠴᠡᠬᠦ ᠳᠠᠶ᠋ᠢᠨ᠎ᠦ ᠬᠤᠭᠤᠴᠠᠭᠠᠨ᠎ᠳᠤ᠂ ᠦᠷᠭᠦᠯᠵᠢᠯᠡᠨ ᠶᠡᠬᠡ ᠬᠡᠮᠵᠢᠶᠡᠨ᠎ᠦ ᠭᠣᠮᠢᠨᠳᠠᠩ᠎ᠤᠨ ᠲᠡᠷᠰᠯᠡᠭᠦᠦ ᠮᠥᠨ ᠴᠢᠨᠠᠷ᠎ᠢ ᠢᠯᠡᠷᠡᠭᠦᠯᠵᠦ᠂ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠮᠡᠴᠡᠯ᠎ᠢ ᠮᠠᠭᠲᠠᠨ ᠳᠠᠭᠤᠯᠠᠭᠰᠠᠨ ᠬᠤᠪᠢᠰᠬᠠᠯᠲᠤ ᠪᠦᠲᠦᠭᠡᠯ᠎ᠢ ᠵᠣᠬᠢᠶᠠᠨ ᠪᠦᠲᠦᠭᠡᠪᠡ᠃ ᠴᠢᠯᠦᠭᠡᠯᠡᠬᠦ ᠲᠠᠢ᠍ᠢᠨ᠎ᠦ ᠦᠶ᠎ᠡ᠎ᠡᠴᠡ ᠡᠬᠢᠯᠡᠨ᠂ ᠱᠸᠨ ᠶᠠᠨ ᠪᠢᠩ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠡᠴᠡ᠎ᠪᠡᠨ ᠭᠠᠳᠠᠭᠠᠳᠤ ᠯᠤᠭ᠎ᠠ᠎ᠶᠢᠨ ᠰᠣᠶᠣᠯ᠎ᠤᠨ ᠰᠣᠯᠢᠯᠴᠠᠭ᠎ᠠ᠂ ᠤᠯᠤᠰ᠎ᠤᠨ ᠰᠣᠶᠣᠯ᠎ᠤᠨ ᠪᠠᠢᠭᠤᠯᠤᠯᠲᠠ᠎ᠳᠤ ᠰᠢᠯᠵᠢᠭᠰᠡᠨ ᠪᠥᠭᠡᠳ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠲᠠᠷᠠᠭ᠎ᠠ ᠰᠣᠶᠣᠯ᠎ᠤᠨ ᠶᠠᠮᠤᠨ᠎ᠤ ᠰᠠᠢᠳ᠎ᠤᠨ ᠲᠤᠰᠢᠶᠠᠯ᠎ᠢ ᠡᠭᠦᠷᠭᠡᠯᠡᠵᠦ᠂ ᠨᠡᠢᠭᠡᠮ ᠵᠢᠷᠤᠮ᠎ᠤᠨ ᠰᠣᠶᠣᠯ᠎ᠤᠨ ᠦᠢᠯᠡᠰ᠎ᠲᠦ ᠣᠷᠣᠯᠴᠠᠪᠠ᠃

1981 ᠣᠨ᠎ᠳᠤ᠂ ᠱᠸᠨ ᠶᠠᠨ ᠪᠢᠩ ᠡᠪᠡᠳᠴᠢᠲᠡᠨ᠎ᠦ ᠣᠷᠣ᠌ ᠳᠡᠭᠡᠷ᠎ᠡ ᠲᠥᠪ ᠬᠣᠷᠢᠶ᠎ᠠ᠎ᠳᠤ ᠵᠠᠬᠢᠳᠠᠯ ᠪᠢᠴᠢᠵᠦ᠂ ᠨᠠᠮ᠎ᠤᠨ ᠬᠠᠷᠢᠶ᠎ᠠ᠎ᠶᠢ ᠰᠡᠷᠭᠦᠭᠡᠬᠦ ᠬᠦᠰᠡᠯ᠎ᠢᠶᠡᠨ ᠢᠯᠡᠳᠬᠡᠪᠡ᠃ ᠡᠨᠡ ᠵᠠᠬᠢᠳᠠᠯ᠎ᠢ ᠲᠡᠷᠡ ᠠᠮᠠ᠎ᠪᠠᠷ ᠵᠢᠡᠨ ᠬᠡᠯᠡᠵᠤ᠂ ᠲᠡᠭᠦᠨ᠎ᠦ ᠬᠦᠦ ᠨᠢ ᠣᠷᠣᠯᠠᠨ ᠪᠢᠴᠢᠵᠦ᠂ ᠲᠡᠷᠡ ᠥᠪᠡᠷ᠎ᠢᠶᠡᠨ ᠭᠠᠷ᠎ᠤᠨ ᠦᠰᠦᠭ ᠵᠢᠷᠤᠪᠠ᠃ ᠡᠨᠡ ᠬᠦ᠌ ᠵᠠᠬᠢᠳᠠᠯ᠎ᠢ ᠪᠢᠴᠢᠭᠰᠡᠨ᠎ᠦ ᠳᠠᠷᠠᠭ᠎ᠠ᠂ ᠱᠧᠨ ᠶᠠᠨ ᠪᠢᠩ ᠄ 《ᠪᠢ ᠦᠬᠦᠴᠢᠬᠡᠪᠡᠯ ᠶᠠᠭᠤ ᠪᠣᠯᠤᠭᠰᠠᠨ᠎ᠢ ᠴᠤ᠌ ᠮᠡᠳᠡᠬᠦ ᠦᠭᠡᠢ ᠪᠣᠯᠤᠨ᠎ᠠ᠂ ᠬᠡᠷᠪᠡ ᠲᠡᠷᠡ ᠦᠶᠡᠰ ᠲᠦ᠍ ᠨᠡᠭᠡᠮᠵᠢᠯᠡᠨ ᠵᠦᠪᠰᠢᠶᠡᠷᠡᠭᠰᠡᠨ ᠪᠤᠯ ᠮᠢᠨᠤ ᠨᠢᠭᠡ ᠨᠠᠰᠤᠨ᠎ᠤ ᠢᠷᠠᠭᠤ ᠠᠯᠳᠠᠷ ᠪᠣᠯᠬᠤ ᠶᠤᠮ》 ᠭᠡᠪᠡ᠃ 3 ᠰᠠᠷ᠎ᠠ᠎ᠶᠢᠨ 27 ᠎ᠤ ᠡᠳᠦᠷ᠂ ᠡᠨᠡ ᠬᠦ᠌ ᠤᠳᠬ᠎ᠠ ᠵᠣᠬᠢᠶᠠᠯ᠎ᠤᠨ ᠲᠠᠪᠴᠠᠩ᠎ᠤᠨ ᠠᠪᠤᠷᠭᠤ ᠣᠳᠣᠨ ᠦᠨᠢᠳᠡ ᠬᠠᠯᠢᠵᠠᠢ᠃ 3 ᠰᠠᠷ᠎ᠠ᠎ᠶᠢᠨ 31 ᠎ᠦ ᠡᠳᠦᠷ᠂ ᠨᠠᠮ᠎ᠤᠨ ᠲᠥᠪ ᠬᠣᠷᠢᠶ᠎ᠠ 《ᠱᠧᠨ ᠶᠠᠨ ᠪᠢᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠬᠠᠷᠢᠶ᠎ᠠ ᠵᠢ ᠰᠡᠷᠭᠦᠭᠡᠵᠤ᠂ ᠨᠠᠮ᠎ᠳᠤ ᠣᠷᠣᠭᠰᠠᠨ ᠣᠨ ᠵᠢᠯ᠎ᠢ 1921 ᠣᠨ᠎ᠠᠴᠠ ᠡᠬᠢᠯᠡᠵᠦ ᠪᠤᠳᠤᠨ᠎ᠠ》 ᠭᠡᠰᠡᠨ ᠲᠣᠭᠲᠠᠭᠠᠯ ᠭᠠᠷᠭᠠᠪᠠ᠃

ᠱᠧᠨ ᠶᠠᠨ ᠪᠢᠩ ᠨᠠᠮ᠎ᠤᠨ ᠡᠬᠢᠨ᠎ᠦ ᠦᠶ᠎ᠡ᠎ᠶᠢᠨ ᠬᠦᠴᠢᠷᠳᠡᠯᠲᠡᠢ ᠦᠶ᠎ᠡ᠎ᠳᠦ ᠨᠠᠮ᠎ᠳᠤ ᠣᠷᠣᠭᠰᠠᠨ ᠪᠥᠭᠡᠳ ᠨᠠᠮ᠎ᠲᠠᠢ ᠬᠠᠮᠲᠤ ᠬᠦᠴᠢᠷ ᠪᠡᠷᠬᠡᠰᠢᠶᠡᠯ᠎ᠢ ᠲᠤᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠲᠠᠢ ᠬᠠᠷᠢᠯᠴᠠᠭ᠎ᠠ ᠲᠠᠰᠤᠷᠠᠭᠰᠠᠨ᠎ᠴᠦ ᠦᠪᠡᠷ᠎ᠤᠨ ᠤᠬᠠᠮᠰᠠᠷ ᠎ᠠᠴᠠ ᠎ᠪᠠᠨ ᠬᠤᠪᠢᠰᠬᠠᠯ ᠎ᠤᠨ 《ᠬᠡᠩᠭᠡᠷᠭᠡᠴᠢᠨ》 ᠪᠠ 《ᠪᠦᠷᠢᠶ᠎ᠡ》 ᠪᠣᠯᠪᠠ᠃ ᠨᠠᠮ ᠢᠯᠠᠯᠲᠠ ᠣᠯᠣᠭᠰᠠᠨ᠎ᠤ ᠳᠠᠷᠠᠭ᠎ᠠ ᠦᠷᠭᠦᠯᠵᠢᠯᠡᠨ ᠨᠠᠮ᠎ᠤᠨ ᠲᠥᠯᠥᠭᠡ ᠵᠢᠳᠬᠦᠵᠦ᠂ ᠨᠠᠰᠤ ᠪᠠᠷᠠᠬᠤ ᠡᠴᠡ ᠪᠡᠨ ᠡᠮᠦᠨ᠎ᠠ ᠨᠠᠮ ᠳ᠋ᠠᠭᠠᠨ ᠪᠤᠴᠠᠵᠤ ᠢᠷᠡᠬᠦ᠎ᠶᠢ ᠬᠦᠰᠡᠨ ᠬᠦᠯᠢᠶᠡᠵᠦ ᠪᠠᠢᠨ᠎ᠠ᠃ ᠲᠡᠭᠦᠨ᠎ᠦ ᠬᠦᠰᠡᠯᠡᠩ ᠢᠲᠡᠭᠡᠯ ᠵᠣᠷᠢᠭ᠋᠎ᠤᠨ ᠲᠤᠬᠠᠢ ᠬᠥᠭᠡᠭᠡᠴᠡᠯᠳᠦᠯ ᠨᠢ ᠡᠷᠡᠰ ᠪᠠᠲᠤ ᠪᠠᠷᠢᠮᠲᠠᠯᠠᠯ ᠪᠤᠯ ᠶᠠᠭᠤ  ᠭᠡᠳᠡᠭ ᠢ᠋ ᠬᠦᠢᠴᠡᠳ ᠢᠯᠡᠷᠡᠭᠦᠯᠵᠠᠢ᠃

ᠢᠷᠡᠯᠳᠡ᠄ 《ᠡᠪ ᠬᠠᠮᠲᠤ ᠨᠠᠮ᠎ᠤᠨ ᠬᠡᠰᠢᠬᠦᠨ᠎ᠤ ᠮᠡᠳᠡᠬᠦ ᠶᠤᠰᠤᠳᠠᠢ ᠨᠠᠮ ᠎ᠤᠨ ᠲᠡᠤᠬᠡ ᠵᠢᠨ ᠵᠢᠵᠢᠭ ᠦᠯᠢᠭᠡᠷ ᠎ᠤᠳ 》 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号