ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠨᠡᠢᠭᠡᠮ ᠲᠣᠭᠣᠷᠢᠭ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠭ᠍ᠰᠠᠨ ᠨᠡᠢᠭᠡᠮ ᠲᠣᠭᠣᠷᠢᠭ ᠪᠣᠯᠤᠨ᠎ᠠ᠂ ᠮᠣᠩᠭᠣᠯ ᠦᠨᠳᠦᠰᠦᠲᠡᠨ᠂ ᠵᠤᠸᠠᠩ ᠦᠨᠳᠦᠰᠦᠲᠡᠨ᠂ ᠬᠣᠲᠣᠩ ᠦᠨᠳᠦᠰᠦᠲᠡᠨ᠂ ᠰᠣᠯᠣᠩᠭᠣᠰ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ ᠵᠡᠷᠭᠡ 12 ᠴᠥᠭᠡᠨ ᠲᠣᠭᠠᠲᠤ ᠦᠨᠳᠦᠰᠦᠲᠡᠨ ᠪᠠᠢᠵᠤ᠂ ᠴᠥᠭᠡᠨ ᠲᠣᠭᠠᠲᠤ ᠦᠨᠳᠦᠰᠦᠲᠡᠨ᠎ᠦ ᠰᠠᠭᠤᠭᠠᠯᠢ ᠠᠷᠠᠳ ᠨᠡᠢᠭᠡᠮ ᠲᠣᠭᠣᠷᠢᠭ᠎ᠤᠨ ᠪᠥᠬᠥ᠌ ᠬᠥᠮᠦᠨ ᠠᠮᠠ᠎ᠶ᠋ᠢᠨ 1 / 3 ᠣᠷᠴᠢᠮ᠎ᠢ ᠡᠵᠡᠯᠡᠵᠦ᠍ ᠪᠠᠢᠨ᠎ᠠ᠃

ᠯᠢᠨ ᠬᠤᠧᠠᠩ ᠨᠡᠢᠭᠡᠮ ᠲᠣᠭᠣᠷᠢᠭ ᠨᠢ ᠴᠥᠭᠡᠨ ᠲᠣᠭᠠᠲᠤ ᠦᠨᠳᠦᠰᠦᠲᠡᠨ᠎ᠦ 《ᠭᠡᠷ ᠤᠷᠤᠨ》᠎ᠤ ᠦᠢᠯᠡᠴᠢᠯᠡᠭᠡᠨ᠎ᠦ ᠤᠨᠴᠠᠯᠢᠬ᠍ᠳᠤ ᠨᠡᠢᠭᠡᠮ ᠲᠣᠭᠣᠷᠢᠭ᠎ᠢ ᠪᠠᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠦ ᠪᠦᠯᠬᠦᠮᠳᠡᠯ ᠪᠠ ᠬᠦᠭᠵᠢᠯᠳᠠ ᠵᠢᠨ ᠠᠮᠢᠳᠤᠯᠢᠭ ᠵᠢᠷᠤᠬᠯᠠᠯ ᠪᠣᠯᠤᠭ᠍ᠰᠠᠨ ᠪᠠᠢᠨ᠎ᠠ᠃ ᠨᠡᠢᠭᠡᠮ ᠲᠣᠭᠣᠷᠢᠭ᠎ᠤᠨ ᠬᠢᠨ ᠴᠥᠭᠡᠨ ᠲᠣᠭᠠᠲᠤ ᠦᠨᠳᠦᠰᠦᠲᠡᠨ᠎ᠦ ᠬᠥᠮᠦᠨ ᠠᠮᠠ ᠣᠯᠠᠨ ᠪᠠᠢᠬᠤ ᠪᠣᠳᠠᠲᠠᠶ᠎ᠲᠠᠶ ᠤᠶᠠᠯᠳᠤᠭᠤᠯᠤᠨ᠂ ᠦᠨᠳᠦᠰᠦᠲᠡᠨ᠎ᠦ ᠤᠷ᠎ᠠ ᠮᠡᠷᠭᠡᠱᠢᠯ᠎ᠢ ᠤᠯᠠᠮᠵᠢᠯᠠᠨ ᠵᠠᠯᠭᠠᠮᠵᠢᠯᠠᠬᠤ ᠠᠩᠭᠢ᠂ ᠦᠨᠳᠦᠰᠦᠲᠡᠨ᠎ᠦ ᠠᠭᠤᠰᠤᠯᠴᠠᠯ᠎ᠤᠨ ᠵᠢᠵᠢᠭ ᠬᠢᠴᠢᠶᠡᠯ᠎ᠦᠨ ᠲᠠᠪᠴᠠᠩ ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠲᠤᠮᠲᠠᠲᠤ ᠢ᠋ᠢᠨ ᠦᠨᠳᠦᠰᠦᠲᠡᠨ᠎ᠦ ᠱᠢᠯᠢᠳᠡᠭ ᠰᠣᠶᠣᠯ᠎ᠢ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠦᠴᠦᠯᠡᠨ ᠠᠬᠢᠭᠤᠯᠵᠤ᠂ ᠨᠡᠢᠭᠡᠮ ᠲᠣᠭᠣᠷᠢᠭ᠎ᠤᠨ ᠡᠶ᠎ᠡ ᠵᠣᠬᠢᠴᠠᠩᠭᠤᠶ ᠲᠣᠭ᠍ᠲᠠᠭᠤᠨ᠎ᠢ ᠬᠠᠮᠠᠭᠠᠯᠠᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号