《ᠺᠠᠳ᠋ᠷ ᠬᠢᠭᠡᠳ ᠮᠠᠯᠴᠢᠳ᠎ᠤᠨ ᠶᠠᠬᠡ ᠬᠠᠪᠰᠤᠷᠤᠯᠴᠠᠭ᠎ᠠ》 ᠦᠨᠳᠦᠰᠦᠨ ᠱᠠᠳᠤᠨ ᠎ᠤ ᠵᠠᠰᠠᠯᠳᠠ ᠵᠢᠨ ᠰᠢᠨ᠎ᠡ ᠪᠠᠢᠷᠢᠰᠢᠯ᠎ᠢ ᠪᠦᠷᠢᠯᠳᠦᠬᠦᠯᠦᠨ᠎ᠡ
2022-12-02 17:22:02
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠪᠤᠭᠤᠲᠤ ᠬᠣᠲᠠ᠎ᠶ᠋ᠢᠨ ᠵᠢᠤᠶᠤᠸᠠᠨ ᠲᠣᠭᠣᠷᠢᠭ ᠎ᠤᠨ ᠠᠭᠠᠷᠤᠲᠠᠢ ᠰᠤᠮᠤ 《ᠺᠠᠳ᠋ᠷ ᠬᠢᠭᠡᠳ ᠮᠠᠯᠴᠢᠳ ᠶᠡᠬᠡ᠎ᠪᠡᠷ ᠬᠠᠪᠰᠤᠷᠤᠯᠴᠠᠭ᠎ᠠ ᠪᠠᠢᠭᠤᠯᠬᠤ》 ᠠᠵᠢᠯᠯᠠᠭ᠎ᠠ᠎ᠶ᠋ᠢ ᠡᠮᠬᠢ ᠵᠢᠷᠤᠮ᠎ᠲᠠᠶ ᠥᠷᠨᠢᠭᠦᠯᠵᠦ᠂ ᠥᠷᠭᠡᠨ ᠣᠯᠠᠨ ᠺᠠᠳ᠋ᠷᠴᠤᠳ᠎ᠤᠨ ᠬᠥᠳᠡᠭᠡ ᠲᠣᠰᠭᠣᠨ᠎ᠤ ᠠᠵᠤ ᠠᠬᠤᠶ᠎ᠶ᠋ᠢ ᠬᠥᠭ᠌ᠵᠢᠭᠦᠯᠬᠦ᠌᠂ ᠮᠠᠯᠴᠢᠨ ᠲᠠᠷᠢᠶᠠᠴᠢᠨ᠎ᠤ ᠣᠷᠣᠯᠭ᠎ᠠ᠎ᠵᠢ ᠨᠡᠮᠡᠭᠳᠡᠬᠦᠯᠬᠦ᠂ ᠮᠠᠯᠴᠢᠨ ᠲᠠᠷᠢᠶᠠᠴᠢᠨ᠎ᠤ ᠪᠠᠴᠢᠮᠲᠠᠵᠤ ᠲᠦᠪᠡᠭᠲᠠᠵᠦ ᠵᠤᠪᠠᠨᠢᠵᠤ ᠬᠦᠰᠠᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠵᠦ ᠦᠭᠬᠦ ᠲᠠᠯ᠎ᠠ᠎ᠪᠠᠷ ᠬᠢ ᠢᠳᠡᠪᠬᠢᠲᠡᠶ ᠦᠶ᠋ᠯᠡᠳᠦᠯ᠎ᠢ ᠭᠦᠶ᠋ᠴᠡᠳ ᠪᠠᠲᠠᠷᠠᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠤᠨ᠎ᠠ᠃

ᠮᠠᠯᠴᠢᠳ ᠤ᠋ᠨ 《ᠬᠡᠷ ᠤ᠋ᠨ ᠬᠦᠮᠤᠨ》 ᠪᠤᠯᠵᠤ ᠪᠤᠲᠠᠲᠠᠢ ᠬᠦᠴᠢᠷᠲᠠᠯ᠎ᠢ ᠨᠢ ᠰᠢᠢᠳᠪᠤᠷᠢᠯᠠᠵᠦ ᠦᠭᠬᠦᠨ᠎ᠠ

《ᠬᠦᠰᠡᠯ ᠶᠡᠬᠡ ᠰᠤᠷᠭᠠᠭᠤᠯᠢ᠎ᠳᠤ ᠱᠢᠯᠭᠠᠭᠤᠯᠤᠨ ᠤᠷᠤᠭ᠍ᠰᠠᠨ ᠬᠡᠨ᠎ᠠ᠂ ᠨᠡᠭᠡᠷᠡᠨ ᠪᠠᠶᠠᠷ ᠤ᠋ᠨ ᠴᠢᠮᠡᠭᠡ ᠪᠠᠢ᠍ᠢᠨ᠎ᠠ᠂ ᠡᠨᠡ ᠬᠡᠦᠬᠡᠳ ᠶᠡᠷᠦᠨᠢ ᠰᠠᠢᠡ ᠰᠤᠷᠤᠯᠴᠠᠳᠠᠭ ᠪᠣᠯᠬᠣᠷ ᠯᠠᠪ ᠠᠰᠠᠭᠤᠳᠠᠯ ᠦᠭᠡᠶ ᠭᠡᠳᠡᠭ᠌᠎ᠢ ᠮᠡᠳᠡᠵᠦ᠍ ᠪᠠᠢᠭᠰᠠᠨ ᠶᠤᠮ᠃》 ᠡᠷᠳᠡᠨᠢᠪᠤᠯᠠᠭ ᠤ᠋ᠨ ᠪᠠᠶᠠᠷ᠎ᠤᠨ ᠤᠳᠠᠰᠤ᠎ᠶ᠋ᠢ ᠰᠣᠨᠣᠰᠤᠭᠠᠳ ᠸᠠᠩ ᠷᠦᠢ  ᠮᠦᠨᠴᠦ ᠶᠡᠬᠡᠳᠡ ᠰᠡᠳᠬᠢᠯ ᠬᠦᠭᠰᠡᠨ ᠪᠠᠶᠠᠷᠯᠠᠪᠠ ᠃

ᠸᠠᠩ ᠷᠦᠢ ᠪᠣᠯ ᠠᠭᠠᠷᠤᠳᠠᠢ ᠰᠤᠮᠤᠨ᠎ᠤ ᠦᠨᠳᠦᠰᠦᠨ ᠱᠠᠲᠤᠨ᠎ᠤ ᠨᠢᠬᠡᠨ ᠺᠠᠳ᠋ᠷ ᠶᠤᠮ᠂ ᠺᠠᠳ᠋ᠷ ᠬᠢᠭᠡᠳ ᠮᠠᠯᠴᠢᠳ ᠶᠡᠬᠡ᠎ᠪᠡᠷ ᠬᠠᠪᠰᠤᠷᠤᠯᠴᠠᠭ᠎ᠠ ᠪᠠᠢᠭᠤᠯᠬᠤ ᠳᠤᠮᠳᠠ᠂ ᠮᠠᠯᠴᠢᠨ ᠡᠷᠳᠡᠨᠢᠪᠤᠯᠠᠭ ᠎ᠤᠨ ᠬᠥᠦ ᠬᠦᠰᠡᠯ᠎ᠢ ᠬᠠᠪᠰᠤᠷᠤᠨ ᠲᠡᠳᠬᠦᠬᠦ ᠪᠡᠷ ᠪᠤᠯᠤᠭᠰᠠᠨ ᠶᠤᠮ᠃ ᠬᠦᠰᠡᠯ ᠶᠡᠬᠡ ᠰᠤᠷᠭᠠᠭᠤᠯᠢ᠎ᠳᠤ ᠱᠢᠯᠭᠠᠭᠤᠯᠤᠨ ᠤᠷᠤᠭ᠍ᠰᠠᠨ᠎ᠢ ᠮᠡᠳᠡᠭ᠌ᠰᠡᠨ᠎ᠦ ᠳᠠᠷᠠᠭ᠎ᠠ᠂ ᠸᠠᠩ ᠷᠦᠢ ᠭᠠᠴᠠᠭᠠᠨ᠎ᠤ ᠵᠥᠪᠯᠡᠯ᠎ᠳᠦ ᠬᠠᠷᠢᠭᠤ ᠮᠡᠳᠡᠭᠦᠯᠵᠦ᠂ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠥᠶ ᠮᠠᠲ᠋ᠧᠷᠢᠶᠠᠯ ᠎ᠢ ᠪᠦᠷᠢᠳᠭᠡᠨ ᠲᠤᠱᠢᠶᠠᠵᠤ᠂ 3000 ᠲᠥᠭᠥᠷᠢᠭ᠎ᠦᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ᠌ ᠭᠤᠶᠤᠴᠢᠯᠠᠨ ᠤᠯᠵᠤ ᠦᠭᠬᠦᠭᠰᠡᠨ ᠪᠠᠢᠯ᠎ᠠ ᠃

ᠵᠠᠰᠠᠭ ᠪᠠᠷᠢᠬᠤ ᠎ᠶ᠋ᠢᠨ ᠴᠢᠬᠤᠯᠠ ᠨᠢ ᠨᠠᠢᠳᠠᠪᠤᠷᠢᠵᠢᠭᠤᠯᠬᠤ ᠎ᠳᠤ ᠪᠤᠶ; ᠨᠠᠢᠳᠠᠪᠤᠷᠢᠵᠢᠭᠤᠯᠬᠤ ᠎ᠶ᠋ᠢᠨ ᠭᠣᠣᠯᠳᠠᠯᠭ᠎ᠠ ᠨᠢ ᠬᠡᠷᠡᠭ᠌ᠵᠢᠭᠦᠯᠬᠦ᠌᠎ᠳᠦ ᠪᠤᠢ᠃  《ᠺᠠᠳ᠋ᠷ ᠬᠢᠭᠡᠳ ᠮᠠᠯᠴᠢᠳ ᠶᠡᠬᠡ᠎ᠪᠡᠷ ᠬᠠᠪᠰᠤᠷᠤᠯᠴᠠᠭ᠎ᠠ ᠪᠠᠢᠭᠤᠯᠬᠤ 》  ᠠᠵᠢᠯᠯᠠᠭ᠎ᠠ ᠳᠤᠮᠳᠠ᠂ ᠠᠭᠠᠷᠤᠲᠠᠢ ᠰᠤᠮᠤᠨ᠎ᠤ ᠪᠠᠢᠭᠤᠯᠭ᠎ᠠ᠎ᠶ᠋ᠢᠨ   ᠺᠠᠳ᠋ᠷ᠂ ᠡᠯ᠎ᠡ ᠭᠠᠴᠠᠭ᠎ᠠ ᠲᠣᠰᠭᠣᠨ᠎ᠤ 《ᠬᠣᠶᠠᠷ ᠵᠥᠪᠯᠡᠯ》  ᠵᠢᠴᠢ ᠬᠢᠨᠠᠨ ᠪᠠᠢᠴᠠᠭᠠᠬᠤ ᠵᠥᠪᠯᠡᠯ᠎ᠦᠨ 83 ᠺᠠᠳ᠋ᠷ ᠰᠠᠨᠠᠭᠠᠴᠢᠯᠠᠭ᠎ᠠ ᠎ᠠᠴᠠ᠎ᠪᠠᠨ 678 ᠭᠠᠴᠠᠭ᠎ᠠ ᠲᠣᠰᠭᠣᠨ ᠎ᠤ ᠮᠠᠯᠴᠢᠨ ᠲᠠᠷᠢᠶᠠᠴᠢᠨ ᠎ᠲᠠᠶ ᠬᠠᠪᠰᠤᠷᠤᠯᠴᠠᠭ᠎ᠠ ᠪᠠᠢᠭᠤᠯᠤᠨ᠂ ᠪᠠᠢᠭᠤᠯᠭ᠎ᠠ᠎ᠶ᠋ᠢᠨ ᠺᠠᠳ᠋ᠷ ᠨᠢᠭᠡ ᠪᠦᠷᠢ ᠰᠠᠷ᠎ᠠ ᠪᠦᠷᠢ ᠨᠠᠭᠠᠳᠤ ᠵᠠᠬ᠎ᠠ᠎ᠳᠠᠭᠠᠨ ᠬᠣᠶᠠᠷ ᠤᠳᠠᠭ᠎ᠠ ᠬᠠᠪᠰᠤᠷᠤᠯᠴᠠᠭ᠎ᠠ ᠪᠠᠢᠭᠤᠯᠤᠭᠰᠠᠨ ᠡᠷᠤᠬᠡ ᠳ᠋ᠤ ᠬᠦᠨᠵᠡᠬᠡᠢᠷᠠᠨ᠂ ᠲᠠᠷᠢᠶᠠᠯᠠᠩ ᠦᠢᠯᠡᠳᠪᠦᠷᠢᠯᠡᠯ ᠳ᠋ᠤ ᠬᠠᠮᠵᠢᠬᠤ ᠪᠤᠶᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ᠂ ᠡᠮ ᠡᠮᠨᠡᠯᠭᠡ᠎ᠶ᠋ᠢᠨ ᠳᠠᠭᠠᠳᠭᠠᠯ᠎ᠵᠡᠷᠭᠡ ᠵᠢ ᠬᠦᠢᠴᠡᠳᠬᠡᠨ ᠦᠭᠴᠦ᠂ ᠮᠠᠯᠴᠢᠨ ᠲᠠᠷᠢᠶᠠᠴᠢᠨ᠎ᠤ ᠰᠡᠳᠭᠢᠯ᠎ᠦᠨ ᠲᠤᠳᠤᠨᠤ ᠬᠥᠮᠦᠨ ᠪᠤᠯᠤᠭᠰᠠᠨ ᠪᠠᠢᠨ᠎ᠠ᠃ ᠡᠭᠦᠨ᠎ᠦ ᠵᠡᠷᠭᠡ ᠪᠡᠷ᠂ ᠬᠥᠮᠦᠨ ᠪᠦᠷᠢ ᠳ᠋ᠤ ᠴᠥᠮ ᠨᠢᠭᠡ ᠬᠤᠪᠢ ᠠᠷᠠᠳ᠎ᠤᠨ ᠪᠠᠢᠳᠠᠯ᠎ᠤᠨ ᠲᠠᠡᠭᠰᠠ ᠡᠪᠬᠡᠮᠡᠯ ᠪᠠᠢᠭᠤᠯᠤᠨ ᠦᠭᠴᠦ᠂ ᠦᠨᠳᠦᠰᠦᠨ ᠱᠠᠲᠤᠨ᠎ᠤ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠳᠤᠮᠳᠠ ᠲᠤᠯᠭᠠᠷᠠᠭ᠍ᠰᠠᠨ ᠪᠣᠳᠠᠲᠠᠶ ᠬᠦᠴᠢᠷᠳᠡᠯ ᠪᠠ ᠠᠰᠠᠭᠤᠳᠠᠯ᠎ᠢ ᠴᠢᠳᠠᠯ᠎ᠤᠨ ᠵᠢᠡᠨ ᠬᠢᠷᠢ᠎ᠪᠡᠷ ᠠᠯᠢ ᠲᠦᠷᠭᠡᠨ ᠵᠢᠡᠷ ᠵᠣᠬᠢᠴᠠᠭᠤᠯᠤᠨ ᠱᠢᠶ᠋ᠳᠪᠦᠷᠢᠯᠡᠵᠦ᠍᠂ ᠬᠠᠪᠰᠤᠷᠤᠯᠴᠠᠭ᠎ᠠ ᠪᠠᠢᠭᠤᠯᠬᠤ ᠠᠵᠢᠯ᠎ᠢ ᠦᠨᠡᠨ ᠪᠣᠳᠠᠲᠠᠶ ᠦᠷᠨᠢᠬᠦᠯᠦᠨ᠎ᠡ᠃

《1 + 32 + N》   ᠵᠠᠭᠪᠤᠷ ᠵᠢᠡᠷ ᠦᠨᠳᠦᠰᠦᠨ ᠱᠠᠳᠤᠨ᠎ᠤ ᠵᠠᠰᠠᠯᠳᠠ ᠵᠢᠨ ᠱᠢᠨ᠎ᠡ ᠪᠠᠢᠳᠠᠯ᠎ᠢ ᠡᠬᠦᠳᠦᠨ᠎ᠡ

— ᠮᠠᠨᠠᠢᠬᠢᠨ ᠤᠯᠠᠯᠵᠢ ᠲᠠᠪᠤᠲᠤᠭᠠᠷ ᠲᠣᠰᠭᠣᠨ᠎ᠤ ᠵᠠᠬ᠎ᠠ ᠬᠢᠵᠠᠭᠠᠷ ᠲᠸ᠋ ᠰᠠᠭᠤᠷᠢᠰᠢᠳᠠᠭ ᠪᠤᠯᠬᠤᠷ ᠦᠷᠭᠦᠯᠵᠢ ᠬᠣᠭ ᠨᠣᠪᠰᠢ ᠬᠤᠷᠠᠳᠠᠭ ᠪᠠᠢᠵᠠᠢ᠃ ᠬᠠᠪᠰᠤᠷᠤᠯᠴᠠᠭ᠎ᠠ ᠪᠠᠢᠭᠤᠯᠤᠭᠰᠠᠨ ᠺᠠᠳ᠋ᠷ᠂ ᠲᠤᠤᠷᠵᠢᠯ ᠤ᠋ᠨ ᠠᠵᠢᠯᠳᠠᠨ ᠬᠤᠭ ᠨᠤᠪᠰᠢ ᠵᠢ ᠲᠤᠷ᠎ᠠ ᠪᠡᠷ ᠦᠯᠦ ᠬᠠᠶᠠᠬᠤ ᠵᠢ ᠤᠷᠢᠶᠠᠯᠠᠨ ᠰᠠᠨᠠᠭᠠᠴᠢᠯᠠᠭᠰᠠᠨ ᠯᠣᠽᠦᠩ ᠪᠢᠴᠢᠭᠡᠰᠦ ᠨᠠᠭᠠᠭ᠍ᠰᠠᠨ ᠡᠴᠡ ᠡᠨᠡ ᠪᠠᠢᠳᠠᠯ ᠪᠦᠳᠦᠮᠵᠢᠳᠡᠢ ᠦᠭᠡᠷᠡᠴᠢᠯᠡᠭᠳᠡᠭᠰᠡᠨ ᠪᠠᠢᠨ᠎ᠠ᠂ ᠦᠭᠡᠢ ᠪᠣᠯ ᠤᠳᠤᠬᠠᠨ ᠪᠠᠰᠠ ᠭᠡᠷ᠎ᠦᠨ ᠡᠭᠦᠳᠡᠨ᠎ᠳᠦ  ᠬᠣᠭ ᠨᠣᠪᠰᠢ ᠦᠮᠡᠬᠡᠢᠷᠡᠵᠦ᠍ ᠪᠠᠢᠭ᠎ᠠ ᠨᠢ ᠲᠡᠷᠡ!

— ᠲᠡᠢᠮᠦ᠍ ᠡ᠂ ᠬᠠᠪᠰᠤᠷᠤᠯᠴᠠᠭ᠎ᠠ ᠪᠠᠢᠭᠤᠯᠤᠭᠰᠠᠨ ᠺᠠᠳ᠋ᠷᠴᠤᠳ ᠲᠤᠬᠠᠶ ᠎ᠶ᠋ᠢᠨ ᠭᠠᠵᠠᠷ ᠲᠸ᠋ ᠬᠠᠢᠨ ᠪᠠᠢᠴᠠᠭᠠᠭ᠍ᠰᠠᠨ᠎ᠤ ᠳᠠᠷᠠᠭ᠎ᠠ ᠂ ᠮᠠᠨ᠎ᠤ ᠭᠡᠷ᠎ᠦᠨ ᠠᠷᠤ᠎ᠳᠤ ᠠᠭᠤᠯᠠᠨ ᠦᠶᠡᠷ ᠪᠠᠭᠤᠬᠤ ᠠᠶᠤᠯ ᠎ᠲᠠᠶ᠎ᠪᠠᠢᠭᠰᠠᠨ᠎ᠢ ᠰᠡᠷᠡᠵᠦ ᠮᠠᠲᠠᠵᠤ ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠯᠤᠭᠡ ᠬᠠᠷᠢᠯᠴᠠᠵᠤ ᠦᠶᠡᠷ᠎ᠦᠨ ᠬᠠᠱᠢᠯᠭ᠎ᠠ ᠎ᠶ᠋ᠢ ᠪᠡᠬᠢᠯᠡᠵᠦ ᠲᠠᠯᠪᠢᠵᠠᠢ᠃ ᠲᠡᠢᠮᠦ᠍ ᠪᠢᠰᠢ ᠪᠣᠯ ᠲᠦᠷᠦᠭᠦᠦ ᠬᠡᠳᠦᠨ ᠤᠳᠠᠭᠠᠨ᠎ᠤ ᠱᠢᠷᠦᠭᠦᠨ ᠪᠣᠷᠣᠭᠠᠨ᠎ᠳᠤ ᠪᠢᠳᠡ ᠶᠠᠮᠠᠷ ᠬᠣᠬᠢᠷᠠᠯ ᠠᠮᠰᠠᠬᠤ ᠎ᠶ᠋ᠢ ᠲᠦᠰᠦᠭᠡᠯᠡᠬᠦᠶ᠎ᠡ ᠪᠡᠷᠭᠡ᠃

ᠮᠠᠯᠴᠢᠳ᠎ᠤᠨ ᠡᠳᠡᠬᠡᠷ ᠪᠤᠷᠤᠭᠵᠢᠭᠤᠨ ᠦᠭᠡ ᠶᠠᠷᠢᠶ᠎ᠠ ᠪᠤᠯ ᠺᠠᠳ᠋ᠷ ᠬᠢᠭᠡᠳ ᠮᠠᠯᠴᠢᠳ ᠎ᠤᠨ ᠬᠠᠪᠰᠤᠷᠤᠯᠴᠠᠭ᠎ᠠ ᠪᠠᠢᠭᠤᠯᠤᠭᠰᠠᠨ ᠲᠤᠬᠠᠢ ᠬᠠᠮᠤᠭ᠎ᠤᠨ ᠰᠠᠢ᠌ᠨ ᠦᠨᠡᠯᠡᠯᠲᠡ ᠪᠣᠯᠬᠤ ᠶᠤᠮ᠃

ᠠᠭᠠᠷᠤᠲᠠᠢ ᠰᠤᠮᠤᠨ᠎ᠤ  ᠬᠢᠨ 《ᠬᠤᠪᠢᠰᠭᠠᠯᠳᠤ ᠲᠣᠣᠷᠵᠢᠯ》 ᠤ᠋ᠨ  ᠨᠠᠮ᠎ᠤᠨ ᠪᠠᠢᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂  ᠠᠷᠠᠳ ᠲᠦᠮᠡᠨ᠎ᠳᠦ ᠦᠢᠯᠡᠴᠢᠯᠡᠬᠦ᠌  ᠪᠡᠷ ᠵᠤᠷᠢᠯᠳᠠ ᠪᠣᠯᠭᠠᠵᠤ᠂ ᠨᠠᠮ᠎ᠤᠨ ᠪᠠᠢᠭᠤᠯᠤᠯᠲᠠ ᠪᠣᠯᠤᠨ ᠲᠣᠣᠷᠵᠢᠯ᠎ᠤᠨ ᠪᠦᠲᠦᠮᠵᠢᠲᠡᠶ ᠵᠣᠯᠭᠠᠯᠴᠠᠭ᠎ᠠ᠎ᠶ᠋ᠢ ᠠᠬᠢᠭᠤᠯᠵᠤ᠂ 《1  ᠰᠤᠮᠤᠨ᠎ᠤ ᠲᠡᠰ᠎ᠤᠨ ᠲᠣᠣᠷᠵᠢᠯ + 32  ᠭᠠᠴᠠᠭ᠎ᠠ ᠲᠣᠰᠭᠣᠨ᠎ᠤ ᠳᠡᠰ᠎ᠤᠨ ᠲᠣᠣᠷᠵᠢᠯ + 83 ᠺᠠᠳ᠋ᠷ ᠬᠠᠪᠰᠤᠷᠤᠯᠴᠠᠭ᠎ᠠ ᠪᠠᠢᠭᠤᠯᠵᠤ ᠡᠷᠦᠬᠡ᠎ᠵᠢ ᠳᠠᠭᠠᠭᠠᠴᠢᠯᠠᠬᠤ 》 《1+32+N》 ᠲᠣᠣᠷᠵᠢᠯ᠎ᠤᠨ ᠱᠢᠨ᠎ᠡ᠎ᠵᠠᠭᠪᠤᠷ᠎ᠢ ᠡᠭᠦᠳᠴᠦ᠍ ᠦᠢᠯᠡᠳᠦᠯᠭᠡᠵᠢᠭᠦᠯᠪᠠ᠃ ᠰᠤᠮᠤᠨ᠎ᠤ ᠺᠠᠳ᠋ᠷᠴᠤᠳ ᠠᠢᠯ ᠲᠣᠰᠭᠣᠨ᠎ᠢᠶᠠᠷ ᠶᠠᠪᠤᠵᠤ ᠭᠡᠷ ᠡᠷᠦᠬᠡ᠎ᠪᠡᠷ ᠬᠦᠨᠵᠡᠬᠡᠢᠷᠠᠨ 《ᠬᠠᠪᠰᠤᠷᠤᠯᠴᠠᠭ᠎ᠠ ᠪᠠᠢᠭᠤᠯᠬᠤ》 ᠠᠵᠢᠯᠯᠠᠭ᠎ᠠ᠎ᠶ᠋ᠢ ᠪᠠᠢᠩᠭᠤᠵᠢᠭᠤᠯᠤᠨ᠂ ᠨᠢᠭᠡ ᠡᠷᠦᠬᠡ᠎ᠳ᠋ᠤ ᠨᠢᠭᠡ ᠲᠠᠩᠰᠠ ᠡᠪᠬᠡᠮᠡᠯ ᠵᠤᠬᠢᠶᠠᠵᠤ ᠦᠭᠬᠦ ᠂ ᠨᠢᠭᠡ ᠰᠤᠷᠪᠤᠯᠵᠢᠯᠠᠭ᠎ᠠ ᠳ᠋ᠤ ᠨᠢᠭᠡ ᠲᠡᠮᠳᠡᠭ᠌ᠯᠡᠯ ᠬᠢᠬᠦ ᠵᠢ ᠦᠨᠡᠨ ᠬᠦ᠌ ᠪᠠᠲᠤᠯᠠᠵᠤ ᠠᠵᠢᠯ᠎ᠤᠨ ᠦᠷ᠎ᠡ ᠪᠦᠳᠦᠮᠵᠢ ᠪᠠᠨ ᠲᠡᠭᠡᠭᠰᠢᠯᠡᠬᠦᠯᠦᠨ᠎ᠡ᠃  《ᠪᠢᠲᠠ ᠬᠠᠪᠰᠤᠷᠤᠯᠴᠠᠭ᠎ᠠ ᠪᠠᠢᠭᠤᠯᠬᠤ ᠪᠡᠷ ᠲᠠᠮᠵᠢᠭᠤᠯᠵᠤ᠂ ᠺᠠᠳ᠋ᠷ ᠮᠠᠯᠴᠢᠳ ᠨᠢᠭᠡ ᠬᠡᠷ ᠤ᠋ᠨ ᠬᠦᠮᠤᠨ ᠮᠠᠲᠤ ᠳᠣᠲᠣᠨᠣ ᠪᠠᠢᠵᠤ᠂ ᠦᠵᠡᠯᠳᠡ ᠲᠠᠨᠢᠯᠳᠠ ᠪᠡᠨ ᠰᠤᠯᠢᠯᠴᠠᠵᠤ᠂ ᠰᠡᠳᠭᠢᠯ ᠰᠠᠨᠠᠭ᠎ᠠ᠎ᠪᠠᠨ ᠤᠯᠤᠯᠴᠠᠵᠤ ᠂ ᠭᠠᠷ ᠬᠣᠯᠪᠣᠨ ᠲᠣᠮᠣ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠬᠤ ᠰᠠᠢᠨ ᠰᠠᠢᠬᠠᠨ ᠠᠭᠤᠷ ᠠᠮᠢᠰᠭᠤᠯ᠎ᠢ ᠦᠨᠡᠨ ᠬᠦ᠌ ᠪᠣᠶ ᠪᠣᠯᠭᠠᠪᠠ》 ᠬᠡᠵᠦ ᠰᠤᠮᠤᠨ᠎ᠤ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠨ᠎ᠡ᠃

ᠠᠯᠪᠠᠨ ᠬᠡᠷ ᠡᠴᠡ ᠠᠷᠠᠳ᠎ᠤᠨ ᠬᠡᠷ ᠲᠸ᠋ ᠬᠦᠷᠴᠦ  《ᠠᠮᠠᠨ ᠳᠡᠭᠡᠷ᠎ᠡ ᠶᠠᠷᠢᠬᠤ》 ᠡᠴᠡ ᠪᠤᠳᠠᠳᠠᠢ ᠶᠠᠪᠤᠳᠠᠯ ᠬᠢᠬᠦ ᠵᠢ ᠦᠨᠡᠨ ᠬᠦ᠌ ᠪᠡᠶᠡᠯᠡᠬᠦᠯᠦᠨ᠎ᠡ

《ᠬᠠᠷᠠᠭᠠᠴᠢ! ᠲᠡᠨᠳᠡᠬᠢ ᠠᠳᠤᠭᠤᠨ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ ᠶᠤᠮ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠬᠢᠴᠢᠶᠡᠯ ᠬᠥᠮᠦᠵᠢᠯ᠎ᠦᠨ ᠲᠦᠷᠦᠯ ᠵᠦᠢᠯ᠎ᠢ ᠡᠷᠬᠢᠯᠡᠵᠦ᠍᠂ ᠨᠠᠢᠷ ᠨᠠᠭᠠᠳᠤᠮ ᠪᠠ ᠡᠯ᠎ᠡ ᠲᠦᠷᠦᠯ᠎ᠦᠨ ᠮᠤᠷᠢᠨ ᠤᠷᠤᠯᠳᠤᠭᠠᠨ᠎ᠢ ᠶᠠᠪᠤᠭᠳᠠᠭᠤᠯᠳᠠᠭ᠃ ᠪᠠᠰᠠ ᠬᠤᠳᠠᠯᠳᠤᠭᠠᠨ᠎ᠤ ᠲᠣᠭᠣᠷᠢᠭ ᠪᠠ ᠢᠳᠡᠭᠡᠨ᠎ᠦ ᠦᠵᠡᠭᠦᠯᠭᠡ᠎ᠶ᠋ᠢᠨ ᠲᠣᠭᠣᠷᠢᠭ᠎ᠢ ᠲᠥᠯᠥᠪᠵᠢᠭᠦᠯᠤᠨ᠂  ᠮᠠᠯᠴᠢᠨ ᠲᠠᠷᠢᠶᠠᠴᠢᠨ᠎ᠤ ᠤᠨᠴᠠᠯᠢᠭ᠍ᠳᠤ ᠠᠵᠤ ᠦᠢᠯᠡᠰ᠎ᠢ ᠳᠡᠯᠭᠡᠷᠡᠭᠦᠯᠵᠦ᠍ ᠪᠠᠢᠨ᠎ᠠ》  ᠭᠡᠵᠦ᠍ ᠠᠭᠠᠷᠤᠳᠠᠢ ᠰᠤᠮᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠯᠢ ᠭᠦᠸᠧ ᠪᠦᠦ ᠲᠠᠨᠢᠯᠴᠠᠭᠤᠯᠪᠠ᠃

《ᠨᠠᠮ ᠪᠣᠯᠤᠨ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠳᠣᠣᠷ᠎ᠠ᠂ ᠮᠢᠨᠦ᠍ ᠤᠳᠤ᠎ᠶ᠋ᠢᠨ ᠰᠠᠷ᠎ᠠ᠎ᠶ᠋ᠢᠨ ᠣᠷᠣᠯᠭ᠎ᠠ 4000 ᠭᠠᠷᠤᠢ ᠲᠥᠭᠥᠷᠢᠭ᠎ᠲᠦ ᠬᠦᠷᠴᠦ᠍᠂ ᠠᠮᠢᠳᠤᠷᠠᠯ ᠵᠣᠯ ᠵᠢᠷᠭᠠᠯ᠎ᠲᠠᠶ ᠪᠠᠢᠨ᠎ᠠ》  ᠭᠡᠵᠦ᠍  ᠤᠯᠠᠯᠵᠢ ᠲᠠᠪᠤᠳᠤᠭᠠᠷ ᠲᠣᠰᠭᠣᠨ᠎ᠤ ᠵᠠᠩ ᠵᠢᠨ ᠶᠤᠸᠠᠨ ᠤᠷᠤᠯᠳᠤᠭᠠᠨ᠎ᠤ ᠮᠣᠷᠢᠨ᠎ᠳᠤ ᠡᠪᠡᠰᠦ ᠪᠣᠷᠳᠣᠭ᠎ᠠ ᠬᠠᠶᠠᠵᠤ ᠦᠭᠬᠦ ᠎ᠶ᠋ᠢᠨ ᠳᠠᠭᠠᠤ ᠪᠠᠶᠠᠷᠲᠠᠢ ᠶᠠᠷᠢᠵᠤ ᠪᠠᠢᠯ᠎ᠠ᠃ ᠤᠤᠯ ᠨᠢ ᠵᠠᠩ ᠵᠢᠨ ᠶᠤᠸᠠᠨ᠎ᠤ ᠣᠷᠣᠯᠭ᠎ᠠ ᠨᠢ ᠵᠦᠪᠬᠡᠨ ᠲᠠᠷᠢᠶ᠎ᠠ ᠲᠠᠷᠢᠬᠤ᠎ᠳᠤ ᠯᠠ ᠲᠦᠱᠢᠭ᠌ᠯᠡᠵᠦ᠍ ᠪᠠᠢᠵᠠᠶ᠂ ᠲᠩᠷᠢ᠎ᠶ᠋ᠢᠨ ᠴᠢᠷᠠᠶ᠎ᠶ᠋ᠢ ᠬᠠᠷᠠᠵᠤ ᠠᠮᠢᠳᠤᠷᠠᠵᠤ ᠪᠠᠢᠭᠰᠠᠨ ᠲᠡᠷᠡ ᠲᠠᠩᠳᠠ  ᠶᠠᠭᠤ ᠨᠢᠭᠡ ᠵᠢ ᠤᠯᠵᠤ ᠬᠢᠬᠦ᠌᠎ᠶ᠋ᠢ ᠪᠤᠳᠤᠳᠠᠭ ᠪᠠᠢᠵᠠᠢ᠃ ᠬᠠᠪᠰᠤᠷᠤᠯᠴᠠᠭ᠎ᠠ ᠪᠠᠢᠭᠤᠯᠤᠭᠰᠠᠨ ᠺᠠᠳ᠋ᠷ ᠲᠠᠬᠦᠨ ᠤ᠋ ᠪᠠᠢᠲᠠᠯ᠎ᠢ ᠮᠡᠳᠡᠭ᠌ᠰᠡᠨ᠎ᠦ ᠲᠠᠷᠠᠭ᠎ᠠ᠂ ᠲᠡᠭᠦᠨ᠎ᠢ ᠭᠡᠷ᠎ᠦᠨ ᠬᠢᠨᠢ ᠡᠭᠦᠳᠡᠨ᠎ᠳᠡᠬᠢ ᠮᠤᠷᠢᠨ  ᠲᠠᠯᠠᠪᠠᠢ ᠎ᠳᠤ   ᠲᠠᠨᠢᠯᠴᠠᠭᠤᠯᠤᠨ ᠠᠵᠢᠯᠯᠠᠭᠤᠯᠪᠠ᠃ ᠡᠳᠦᠷ ᠪᠦᠷᠢ 180 ᠭᠠᠷᠤᠶ ᠤᠷᠤᠯᠳᠤᠭᠠᠨ᠎ᠤ ᠮᠣᠷᠢ ᠲᠡᠵᠢᠭᠡᠬᠦ ᠨᠢ ᠵᠥᠪᠬᠡᠨ ᠬᠠᠭᠠᠰ ᠡᠳᠦᠷ᠎ᠦᠨ ᠠᠵᠤ ᠪᠤᠯᠬᠤᠷ ᠲᠡᠬᠦᠨ᠎ᠤ ᠲᠠᠷᠢᠶᠠᠯᠠᠩ ᠦᠢᠯᠡᠳᠪᠦᠷᠢᠯᠡᠯ᠎ᠢ ᠨᠢ ᠰᠠᠭᠠᠲᠠᠭᠠᠬᠤ ᠦᠭᠡᠢ ᠪᠠᠢᠵᠤ᠂  ᠢᠯᠡᠬᠦᠦ ᠨᠢᠭᠡ ᠬᠤᠪᠢ ᠵᠢᠨ ᠣᠷᠣᠯᠭ᠎ᠠ ᠨᠡᠮᠡᠭᠳᠡᠬᠦᠯᠦᠭᠰᠡᠨ ᠪᠠᠢᠵᠠᠢ᠃

《ᠺᠠᠳ᠋ᠷ ᠬᠢᠭᠡᠳ ᠮᠠᠯᠴᠢᠳ ᠶᠡᠬᠡ ᠪᠡᠷ ᠬᠠᠪᠰᠤᠷᠤᠯᠴᠠᠭ᠎ᠠ ᠪᠠᠢᠭᠤᠯᠬᠤ》 ᠠᠵᠢᠯᠯᠠᠭ᠎ᠠ ᠪᠣᠯ ᠮᠠᠯᠵᠢᠬᠤ ᠲᠠᠷᠢᠶᠠᠯᠠᠬᠤ ᠣᠷᠣᠨ᠎ᠤ ᠨᠠᠮ᠎ᠤᠨ ᠪᠠᠢᠭᠤᠯᠤᠯᠲᠠ᠎ᠪᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠦᠳᠦᠯᠦᠨ ᠳᠠᠭᠠᠭᠤᠯᠬᠤ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠶ᠋ᠢ ᠪᠡᠶᠡᠯᠡᠭᠦᠯᠬᠦ᠂ ᠬᠠᠮᠲᠤ ᠪᠠᠷ ᠬᠥᠭ᠌ᠵᠢᠬᠦ᠌ ᠎ᠶ᠋ᠢ ᠠᠬᠢᠭᠤᠯᠬᠤ ᠢᠳᠡᠪᠬᠢᠲᠡᠢ ᠰᠦᠪᠡᠭ᠌ᠴᠢᠯᠡᠯᠳᠡ ᠪᠣᠯᠤᠨ᠎ᠠ᠃ ᠬᠣᠶᠠᠷ ᠲᠠᠯ᠎ᠠ ᠵᠢᠨ ᠦᠢᠯᠡᠳᠪᠦᠷᠢᠯᠡᠯ ᠠᠮᠢᠳᠤᠷᠠᠯ᠎ᠤᠨ ᠬᠠᠪᠰᠤᠷᠤᠯᠴᠠᠭ᠎ᠠ ᠬᠠᠮᠵᠢᠯᠴᠠᠭ᠎ᠠ ᠪᠡᠷ ᠲᠠᠮᠵᠢᠭᠤᠯᠵᠤ᠂ ᠺᠠᠳ᠋ᠷ ᠤᠯᠠᠨ ᠲᠦᠮᠡᠨ᠎ᠤ  ᠶᠠᠪᠤᠯᠴᠠᠭ᠎ᠠ ᠂ ᠰᠣᠯᠢᠯᠴᠠᠭ᠎ᠠ ᠂ ᠠᠭᠤᠰᠤᠯᠴᠠᠯ᠎ᠢ ᠭᠦᠨᠵᠡᠭᠡᠢᠷᠡᠭᠦᠯᠤᠨ᠂ ᠮᠠᠯᠴᠢᠳ᠎ᠤᠨ ᠬᠠᠱᠢᠶᠠᠯᠠᠨ ᠲᠡᠵᠢᠭᠡᠬᠦ᠌᠎ᠶ᠋ᠢ ᠵᠤᠷᠢᠭᠵᠢᠭᠤᠯᠤᠨ᠂ ᠮᠠᠯᠴᠢᠳ᠎ᠤᠨ ᠭᠡᠷ ᠪᠦᠯᠢ᠎ᠶ᠋ᠢᠨ ᠵᠤᠭᠠᠴᠠᠯ᠂ ᠭᠡᠷ ᠪᠦᠯᠢ᠎ᠶ᠋ᠢᠨ ᠵᠣᠴᠢᠳ᠎ᠤᠨ ᠪᠠᠭᠤᠳᠠᠯ ᠨᠡᠭᠡᠭᠡᠬᠦ᠌᠎ᠶ᠋ᠢ ᠳᠡᠮᠵᠢᠵᠦ᠍᠂ ᠮᠠᠯᠴᠢᠨ ᠲᠠᠷᠢᠶᠠᠴᠢᠨ᠎ᠤ ᠴᠠᠭᠠᠨ ᠢᠳᠡᠭᠡᠨ᠂ ᠬᠠᠲᠠᠭᠠᠭ᠍ᠰᠠᠨ ᠦᠬᠡᠷ᠎ᠦᠨ ᠮᠢᠬ᠎ᠠ᠂ ᠭᠠᠷ ᠤᠷᠠᠯᠠᠯ᠎ᠤᠨ ᠪᠦᠲᠦᠭᠡᠭ᠌ᠳᠡᠬᠦᠨ ᠵᠡᠷᠭᠡ ᠤᠨᠴᠠᠯᠢᠬᠳᠤ ᠦᠢᠯᠡᠳᠬᠦᠨ᠎ᠤ ᠪᠤᠷᠤᠯᠠᠭᠤᠯᠭ᠎ᠠ ᠵᠢᠨ ᠵᠠᠮ᠎ᠢ ᠦᠷᠭᠡᠳᠭᠡᠵᠦ᠂ ᠬᠥᠳᠡᠭᠡ ᠲᠣᠰᠭᠣᠨ᠎ᠤ ᠤᠳᠤ ᠦᠶ᠎ᠡ᠎ᠶ᠋ᠢᠨ ᠠᠵᠤ ᠦᠢᠯᠡᠰ ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠬᠠᠮᠲᠤ᠎ᠶ᠋ᠢᠨ ᠠᠵᠤ ᠠᠬᠤᠢ᠎ᠶ᠋ᠢᠨ ᠷᠠᠱᠢᠶᠠᠨ ᠤᠰᠤᠨ᠎ᠤ ᠦᠢᠯᠡᠳᠪᠦᠷᠢ᠂ ᠮᠤᠨᠠ ᠠᠭᠤᠯᠠ᠎ᠶ᠋ᠢᠨ ᠲᠦᠷᠦᠯ ᠵᠦᠢᠯ ᠵᠡᠷᠭᠡ ᠵᠢ ᠬᠦᠭᠵᠢᠬᠦᠯᠵᠦ᠂ ᠮᠠᠯᠴᠢᠨ ᠲᠠᠷᠢᠶᠠᠴᠢᠨ᠎ᠳᠤ ᠨᠡᠩ ᠤᠯᠠᠨ ᠠᠵᠢᠯ᠎ᠤᠨ ᠪᠠᠢᠷᠢ ᠬᠠᠩᠭᠠᠵᠤ᠂  ᠠᠵᠢᠯ ᠮᠡᠷᠭᠡᠵᠢᠯ᠎ᠤᠨ ᠪᠤᠯᠪᠠᠰᠤᠷᠠᠯ ᠬᠦᠷᠳᠡᠭᠡᠵᠦ᠂ ᠤᠯᠠᠨ ᠠᠷᠭ᠎ᠠ ᠵᠠᠮ᠎ᠢᠶᠠᠷ ᠣᠷᠣᠯᠭ᠎ᠠ᠎ᠶ᠋ᠢ ᠨᠢ ᠨᠡᠮᠡᠭ᠌ᠳᠡᠭᠦᠯᠪᠠ᠃  《ᠺᠠᠳ᠋ᠷ ᠬᠢᠭᠡᠳ ᠮᠠᠯᠴᠢᠳ ᠶᠡᠬᠡ᠎ᠪᠡᠷ ᠬᠠᠪᠰᠤᠷᠤᠯᠴᠠᠭ᠎ᠠ ᠪᠠᠢᠭᠤᠯᠬᠤ》  ᠠᠵᠢᠯᠯᠠᠭ᠎ᠠ᠎ᠶ᠋ᠢ ᠳᠤᠷᠠᠳᠭᠤ ᠪᠦᠷᠢ ᠵᠠᠩ ᠵᠢᠨ ᠶᠤᠸᠠᠨ 《ᠺᠠᠳ᠋ᠷᠴᠤᠳ᠎ᠤᠨ ᠬᠠᠪᠰᠤᠷᠤᠯᠭ᠎ᠠ ᠪᠠᠢᠭᠰᠠᠨ ᠡᠴᠠ  ᠠᠵᠤ ᠠᠮᠢᠳᠤᠷᠠᠯ  ᠦᠭᠡᠳᠡᠯᠡᠨ ᠲᠡᠭᠵᠢᠷᠡᠪᠡ》 ᠬᠡᠵᠦ ᠭᠦᠭᠰᠡᠨ ᠬᠡᠯᠡᠳᠡᠭ᠃

ᠬᠤᠢᠰᠢᠳᠠ ᠠᠭᠠᠷᠤᠳᠠᠢ ᠰᠤᠮᠤ 《ᠺᠠᠳ᠋ᠷ ᠬᠢᠭᠡᠳ ᠮᠠᠯᠴᠢᠳ ᠶᠡᠬᠡ᠎ᠪᠡᠷ ᠬᠠᠪᠰᠤᠷᠤᠯᠴᠠᠭ᠎ᠠ ᠪᠠᠢᠭᠤᠯᠬᠤ》ᠠᠵᠢᠯᠯᠠᠭ᠎ᠠ᠎ᠪᠠᠨ ᠴᠢᠨᠠᠭᠰᠢᠲᠠ ᠬᠦᠨᠵᠡᠭᠡᠢᠷᠡᠬᠦᠯᠵᠦ᠂ ᠦᠨᠡᠨ ᠬᠦ᠌ ᠠᠯᠪᠠᠨ ᠬᠡᠷ ᠡᠴᠡ ᠠᠷᠠᠳ᠎ᠤᠨ ᠬᠡᠷ ᠲᠸ᠋ ᠬᠦᠷᠬᠦ ᠂ 《ᠠᠮᠠᠨ ᠳᠡᠭᠡᠷ᠎ᠡ ᠶᠠᠷᠢᠬᠤ》 ᠡᠴᠡ ᠪᠤᠳᠠᠳᠠᠢ ᠶᠠᠪᠤᠳᠠᠯ ᠬᠢᠬᠦ ᠪᠤᠯᠭᠠᠨ ᠬᠤᠪᠢᠷᠠᠭᠤᠯᠵᠤ᠂  ᠤᠯᠠᠨ ᠲᠦᠮᠡᠨ᠎ᠳᠦ ᠦᠢᠯᠡᠴᠢᠯᠡᠬᠦ ᠳᠤᠮᠳᠠ ᠺᠠᠳ᠋ᠷ ᠤᠯᠠᠨ ᠲᠦᠮᠡᠨ᠎ᠤ 《ᠵᠢᠭᠠᠰᠤ ᠤᠰᠤᠨ᠎ᠤ ᠬᠠᠷᠢᠴᠠᠭ᠎ᠠ》  ᠵᠢ ᠪᠠᠳᠤᠳᠬᠠᠵᠤ᠂ ᠪᠣᠳᠠᠲᠠᠢ ᠠᠵᠢᠯᠯᠠᠬᠤ ᠰᠤᠷᠲᠠᠯ᠎ᠢᠶᠠᠷ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠤᠢ ᠪᠤᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号