ᠪᠤᠭᠤᠲᠤ᠄ ᠭᠠᠵᠠᠷ ᠪᠣᠯᠭᠠᠨ᠎ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢᠯᠡᠷᠡᠵᠦ᠍ ᠬᠥᠮᠦᠨ ᠪᠣᠯᠭᠠᠨ ᠳᠦᠷᠢ ᠲᠥᠷᠬᠦ᠌᠎ᠶ᠋ᠢᠨ ᠡᠯᠴᠢ ᠪᠣᠯᠤᠨ᠎ᠠ
2022-02-10 10:27:36
ᠵᠣᠬᠢᠶᠠᠭ᠍ᠴᠢ᠄
ᠰᠥᠩ ᠠ ᠨᠠᠨ
ᠣᠩᠱᠢᠭ᠍ᠰᠠᠨ ᠣᠳᠠᠭ᠎ᠠ᠄
★★★☆☆

—《ᠳᠠᠨ ᠳ᠋ᠤ ᠬᠠᠨᠤᠮᠵᠢᠳᠠᠢ》ᠬᠣᠲᠠ᠎ᠶ᠋ᠢᠨ ᠦᠶ᠋ᠯᠡᠴᠢᠯᠡᠭᠡᠨ᠎ᠦ ᠨᠠᠷᠠᠲᠤ ᠲᠡᠮᠳᠡᠭ᠎ᠢ ᠠᠯᠳᠠᠷᠰᠢᠭᠤᠯᠬᠤ ᠳᠤᠬᠠᠢ ᠱᠢᠷᠢᠰ ᠮᠡᠳᠡᠭᠡᠯᠡᠯ ᠬᠤᠶᠠᠷ

ᠱᠢᠨ᠎ᠡ ᠵᠢᠯ ᠡᠬᠢᠯᠡᠮᠡᠭ᠌ᠴᠡ᠂ ᠪᠤᠭᠤᠲᠤ᠎ᠶ᠋ᠢᠨ ᠠᠩᠬᠠᠳᠠᠭ᠍ᠴᠢ ᠭᠠᠳᠠᠭᠠᠳᠤ᠎ᠶ᠋ᠢᠨ ᠠᠺᠠᠳᠧᠮᠢᠴᠢ᠎ᠶ᠋ᠢᠨ ᠠᠵᠢᠯ᠎ᠤᠨ ᠥᠷᠲᠡᠭᠡ — ᠬᠣᠪᠣᠷ ᠱᠢᠷᠣᠶ᠎ᠶ᠋ᠢᠨ ᠰᠣᠷᠢᠨᠵᠢᠨ ᠴᠢᠨᠠᠷᠲᠠᠶ ᠮᠠᠲ᠋ᠧᠷᠢᠶᠠᠯ᠎ᠤᠨ ᠬᠡᠷᠡᠭ᠌ᠯᠡᠭᠡᠨ᠎ᠦ ᠠᠺᠠᠳᠧᠮᠢᠴᠢ᠎ᠶ᠋ᠢᠨ ᠠᠵᠢᠯ᠎ᠤᠨ ᠥᠷᠲᠡᠭᠡ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠲᠤ ᠨᠤᠲᠤᠭ᠍ᠰᠢᠪᠠ᠃ ᠡᠨᠡ ᠬᠦ᠌ ᠠᠺᠠᠳᠧᠮᠢᠴᠢ᠎ᠶ᠋ᠢᠨ ᠠᠵᠢᠯ᠎ᠤᠨ ᠥᠷᠲᠡᠭᠡ᠎ᠶ᠋ᠢ ᠦᠺᠷᠠᠢᠨ᠎ᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠪᠣᠯᠤᠨ ᠣᠷᠣᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠣᠶᠠᠷ ᠬᠦᠷᠢᠶᠡᠯᠡᠩ᠎ᠦᠨ ᠠᠺᠠᠳᠧᠮᠢᠴᠢ ᠱᠦᠷᠳ᠋ᠮᠢᠲ ᠪᠥᠲᠥᠭᠡᠨ ᠪᠠᠢᠭᠤᠯᠵᠤ᠂ ᠪᠤᠭᠤᠲᠤ ᠬᠣᠲᠠ᠎ᠶ᠋ᠢᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

《ᠪᠤᠭᠤᠲᠤ᠎ᠶ᠋ᠢᠨ〈ᠴᠢᠷᠮᠠᠢᠨ ᠳᠡᠮᠡᠥᠯᠬᠦ᠂ ᠴᠠᠭ᠎ᠢ ᠠᠮᠵᠢᠬᠤ᠂ ᠲᠡᠷᠢᠭᠦᠨ᠎ᠦ᠎ᠬᠢ ᠪᠣᠯᠬᠤ᠎ᠪᠠᠷ ᠴᠢᠷᠮᠠᠢᠬᠤ〉 ᠠᠭᠤᠷ ᠠᠮᠢᠰᠭᠤᠯ᠎ᠢ ᠦᠨᠡᠨ ᠬᠦ᠌ ᠮᠡᠳᠡᠷᠡᠵᠦ᠍᠂ ᠨᠠᠩ ᠴᠢᠩᠭ᠎ᠠ ᠲᠤᠯᠭᠠᠮ ᠰᠡᠳᠭᠢᠯᠭᠡ ᠪᠠ ᠴᠠᠭ᠎ᠤᠨ ᠤᠬᠠᠮᠰᠠᠷ᠎ᠢ ᠮᠡᠳᠡᠷᠡᠵᠥ ᠴᠢᠳᠠᠨ᠎ᠠ》ᠬᠡᠵᠥ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠴᠢᠬᠤᠯᠠ ᠶᠡᠬᠡ ᠲᠦᠷᠦᠯ ᠵᠦᠢᠯ ᠳ᠋ᠤ ᠦᠢᠯᠡᠴᠢᠯᠡᠬᠦ ᠵᠠᠰᠠᠭ᠎ᠤᠨ ᠤᠷᠳᠤᠨ ᠪᠠᠩᠬᠢ ᠠᠵᠤ ᠠᠬᠤᠢᠯᠠᠯ᠎ᠢ ᠵᠣᠯᠭᠠᠭᠤᠯᠬᠤ ᠠᠵᠢᠯᠯᠠᠭ᠎ᠠ ᠳᠤᠮᠳᠠ ᠠᠵᠤ ᠠᠬᠤᠢᠯᠠᠯ᠎ᠢ ᠲᠣᠭᠣᠷᠢᠨ ᠦᠵᠡᠬᠦ᠌ ᠳ᠋ᠡᠬᠡᠨ᠂ ᠪᠦᠲᠦᠭᠡᠨ ᠪᠠᠢᠭᠤᠯᠤᠯᠲᠠ᠎ᠶ᠋ᠢᠨ ᠪᠠᠩᠬᠢ᠎ᠶ᠋ᠢᠨ ᠪᠤᠭᠤᠲᠤ᠎ᠶ᠋ᠢᠨ ᠬᠤᠪᠢᠶᠠᠷᠢ ᠪᠠᠩᠬᠢ᠎ᠶ᠋ᠢᠨ ᠳᠠᠷᠤᠭ᠎ᠠ ᠹᠠᠨ ᠷᠦᠢ ᠵᠢᠶᠦ᠋ᠨ ᠬᠡᠯᠡᠨ᠎ᠡ᠃

《ᠡᠢᠮᠦ᠍ ᠣᠬᠣᠷᠬᠠᠨ ᠬᠤᠭᠤᠴᠠᠭᠠᠨ᠎ᠳᠤ ᠡᠵᠡᠩᠨᠡᠯᠲᠡ᠎ᠶ᠋ᠢᠨ ᠦᠨᠡᠮᠯᠡᠯ ᠪᠠ ᠠᠯᠪᠠᠨ ᠲᠠᠮᠠᠭ᠎ᠠ᠎ᠶ᠋ᠢ ᠣᠯᠤᠭᠠᠳ᠂ 〈ᠪᠤᠭᠤᠲᠤ᠎ᠶ᠋ᠢᠨ ᠬᠤᠷᠳᠤᠴᠠ〉ᠵᠢ ᠪᠢ ᠦᠨᠡᠨ ᠬᠦ᠌ ᠮᠡᠳᠡᠷᠡᠪᠡ》ᠬᠡᠵᠥ ᠬᠥᠨᠳᠡᠯᠡᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠦᠨ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠥᠷᠲᠡᠭᠡ᠎ᠳᠦ ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ᠎ᠶ᠋ᠢ ᠪᠡᠶᠡᠴᠢᠯᠡᠨ ᠣᠢᠯᠠᠭᠠᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠮᠸᠩ ᠰᠢ ᠴᠤᠤ ᠺᠤᠸᠠᠩ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠯᠢ ᠷᠦᠩ ᠭᠠᠢᠬᠠᠰᠢ ᠠᠯᠳᠠᠵᠤ ᠶᠠᠷᠢᠨ᠎ᠠ᠃

ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 1 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠤᠭᠤᠲᠤ ᠬᠣᠲᠠ᠎ᠶ᠋ᠢᠨ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠵᠥ ᠠᠪᠴᠢᠷᠠᠬᠰᠠᠨ ᠠᠵᠤ ᠠᠬᠤᠢᠯᠠᠯ ᠨᠡᠢᠲᠡ 411 ᠪᠣᠯᠵᠣ᠂ ᠨᠢᠭᠡᠨᠲᠡ 104 ᠲᠥᠷᠥᠯ ᠵᠦᠶ᠋ᠯ᠎ᠳᠦ ᠭᠡᠷ᠎ᠡ ᠲᠣᠭ᠍ᠲᠠᠵᠤ᠂ ᠬᠡᠯᠡᠯᠴᠡᠭᠡᠷ᠎ᠦᠨ ᠶᠡᠷᠦᠩᠬᠡᠶ ᠪᠠᠯᠠ ᠣᠷᠣᠭᠤᠯᠤᠯᠲᠠ ᠪᠠᠷᠤᠭ 1409.2 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡᠨᠲᠡ 53 ᠲᠥᠷᠥᠯ ᠵᠦᠶ᠋ᠯ᠎ᠢ ᠨᠤᠳᠤᠬᠰᠢᠭᠤᠯᠪᠠ;7 ᠲᠥᠷᠥᠯ ᠵᠦᠶ᠋ᠯ᠎ᠢ ᠠᠵᠢᠯ ᠡᠬᠢᠯᠡᠭᠦᠯᠵᠦ᠍᠂ 0.45 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ᠃

2 ᠰᠠᠷ᠎ᠠ᠎ᠶ᠋ᠢᠨ 7 ᠤ᠋ ᠦᠳᠡ᠎ᠳᠦ᠂ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠤᠨ ᠳᠠᠷᠠᠭ᠎ᠠ᠂ ᠪᠤᠭᠤᠲᠤ ᠬᠣᠲᠠ ᠵᠢᠨ ᠬᠢᠨ ᠪᠥᠬᠥ᠌ ᠬᠣᠲᠠ ᠪᠡᠷ ᠵᠢᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠳᠠᠢᠴᠢᠯᠠᠯᠲᠠ᠎ᠶ᠋ᠢᠨ ᠶᠡᠬᠡ ᠬᠤᠷᠠᠯ᠎ᠢ ᠳᠠᠷᠤᠢᠬᠠᠨ ᠬᠤᠷᠠᠯᠳᠤᠭᠤᠯᠪᠠ᠃ ᠡᠨᠡ ᠪᠣᠯ ᠪᠤᠭᠤᠲᠤ ᠶ᠋ᠢᠨ ᠬᠣᠶᠠᠷ ᠵᠢᠯ ᠳᠠᠷᠠᠭᠠᠯᠠᠨ ᠴᠠᠭᠠᠨ ᠰᠠᠷ᠎ᠠ᠎ᠶ᠋ᠢᠨ ᠳᠠᠷᠠᠭᠠᠬᠢ ᠠᠵᠢᠯ᠎ᠳᠤ ᠭᠠᠷᠤᠭ᠍ᠰᠠᠨ ᠠᠩᠬᠠᠨ᠎ᠤ ᠡᠳᠦᠷ᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠪᠠᠷ ᠭᠣᠣᠯ ᠰᠡᠳᠦᠪ ᠪᠣᠯᠭᠠᠭ᠍ᠰᠠᠨ ᠪᠦᠬᠦ᠌ ᠬᠤᠳᠠ᠎ᠶ᠋ᠢᠨ ᠺᠠᠳ᠋ᠷᠴᠤᠳ᠎ᠤᠨ ᠶᠡᠬᠡ ᠬᠤᠷᠠᠯ ᠪᠣᠯᠤᠨ᠎ᠠ᠃

2 ᠰᠠᠷ᠎ᠠ᠎ᠶ᠋ᠢᠨ 7 ᠤ᠋ ᠦᠳᠡ᠎ᠶ᠋ᠢᠨ ᠬᠣᠢᠨ᠎ᠠ ᠡᠴᠡ 2 ᠰᠠᠷ᠎ᠠ ᠶ᠋ᠢᠨ 8 ᠤ᠋ ᠦᠳᠡ᠎ᠶ᠋ᠢᠨ ᠡᠮᠦᠨ᠎ᠡ ᠪᠣᠯᠲᠠᠯ᠎ᠠ᠂ ᠪᠤᠭᠤᠲᠤ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ 2022 ᠣᠨ᠎ᠤ ᠭᠤᠤᠯᠳᠠᠯᠭ᠎ᠠ᠎ᠲᠠᠶ ᠲᠥᠷᠥᠯ ᠵᠦᠶ᠋ᠯ᠂ ᠭᠤᠤᠯᠳᠠᠯᠭ᠎ᠠ᠎ᠲᠠᠶ ᠠᠵᠢᠯ᠎ᠢ ᠠᠬᠢᠭᠤᠯᠬᠤ ᠬᠤᠷᠠᠯ᠎ᠢ ᠵᠠᠯᠭᠠᠭ᠎ᠠ᠎ᠪᠠᠷ ᠬᠤᠷᠠᠯᠳᠤᠭᠤᠯᠵᠥ᠂ ᠪᠥᠬᠥ᠌ ᠺᠠᠳ᠋ᠷ ᠠᠵᠢᠯᠲᠠᠨ ᠠᠵᠢᠯᠴᠢᠨ《ᠠᠵᠢᠯᠯᠠᠬᠤ ᠪᠠᠢᠳᠠᠯ》 ᠳ᠋ᠠᠭᠠᠨ ᠲᠦᠷᠭᠡᠨ ᠤᠷᠤᠪᠠ᠃

ᠪᠤᠭᠤᠲᠤ ᠬᠣᠲᠠ᠎ᠶ᠋ᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠸᠠᠩ ᠱᠢᠤ ᠯᠢᠶᠠᠨ ᠰᠤᠷᠪᠤᠯᠵᠢᠯᠠᠭ᠍ᠴᠢ᠎ᠳᠤ᠂ ᠣᠳᠣᠬᠠᠨ᠎ᠳᠤ ᠪᠤᠭᠤᠲᠤ ᠬᠣᠲᠠ᠎ᠶ᠋ᠢᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠵᠥ ᠠᠪᠴᠢᠷᠠᠬᠤ ᠠᠵᠢᠯ᠎ᠤᠨ ᠢᠯᠡᠳᠲᠡ ᠦᠷ᠎ᠡ ᠪᠦᠲᠦᠭᠡᠯ ᠤᠯᠤᠬᠰᠠᠨ᠎ᠨᠢ ᠪᠦᠬᠦᠯᠢ ᠴᠣᠭ᠍ᠴᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠦᠨᠳᠦᠰᠦᠨ ᠰᠠᠢᠵᠢᠷᠠᠯᠲᠠ ᠡᠴᠡ ᠪᠣᠯᠤᠭ᠍ᠰᠠᠨ ᠶᠤᠮ!ᠪᠤᠭᠤᠲᠤ᠎ᠶ᠋ᠢᠨ ᠬᠢᠨ《ᠲᠠᠨ ᠳ᠋ᠤ ᠬᠠᠨᠤᠮᠵᠢᠳᠠᠢ》 ᠬᠤᠲᠠ᠎ᠶ᠋ᠢᠨ ᠦᠢᠯᠡᠴᠢᠯᠡᠭᠡᠨ᠎ᠦ ᠨᠡᠷᠡᠳᠤ ᠲᠡᠮᠳᠡᠭ᠎ᠢ ᠠᠯᠳᠠᠷᠰᠢᠭᠤᠯᠤᠬᠰᠠᠨ ᠠᠷᠭ᠎ᠠ ᠳᠡᠮ ᠨᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠰᠠᠢᠲᠤᠷ ᠠᠳᠭᠤᠵᠤ᠂ ᠪᠦᠬᠦ᠌ ᠬᠥᠮᠦᠰ᠎ᠦᠨ ᠣᠷᠣᠯᠴᠠᠬᠤ ᠰᠠᠭᠤᠷᠢ᠎ᠶ᠋ᠢ ᠪᠡᠬᠢᠵᠢᠭᠦᠯᠵᠦ᠍᠂ 《ᠭᠠᠵᠠᠷ ᠪᠣᠯᠭᠠᠨ᠎ᠳᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢᠯᠡᠷᠡᠵᠥ᠂ ᠬᠥᠮᠦᠨ ᠪᠦᠬᠦᠨ ᠳᠦᠷᠢ ᠲᠥᠷᠬᠦ᠌᠎ᠶ᠋ᠢᠨ ᠡᠯᠴᠢ ᠪᠤᠯᠬᠤ》ᠣᠢᠯᠠᠭᠠᠭ᠍ᠳᠠᠬᠤᠨ᠎ᠢ ᠪᠠᠲᠤ ᠪᠤᠢ ᠪᠣᠯᠭᠠᠭ᠍ᠰᠠᠨ᠎ᠳᠤ ᠪᠤᠢ ᠬᠡᠪᠡ᠃

ᠪᠤᠭᠤᠲᠤ ᠬᠣᠲᠠ᠎ᠶ᠋ᠢᠨ ᠵᠠᠰᠠᠭ᠎ᠤᠨ ᠣᠷᠳᠣᠨ᠎ᠤ ᠠᠯᠪᠠᠨ ᠬᠡᠷ᠎ᠦᠨ ᠶᠡᠷᠦᠩᠬᠡᠢᠯᠡᠭ᠌ᠰᠡᠨ ᠬᠣᠶᠠᠳᠤᠭᠠᠷ ᠰᠠᠯᠠᠭᠠᠨ᠎ᠤ ᠳᠠᠷᠤᠭ᠎ᠠ᠎ᠶ᠋ᠢᠨ ᠶᠦᠩ ᠯᠢ᠂ ᠪᠤᠭᠤᠲᠤ ᠶᠡᠷᠦᠩᠬᠡᠶ᠎ᠳᠡᠭᠡᠨ《ᠲᠤᠯᠤᠭᠠᠨ ᠲᠠᠯ᠎ᠠ᠎ᠪᠠᠷ ᠠᠳᠭᠤᠵᠤ》 ᠪᠠᠢᠨ᠎ᠠ᠂ ᠡᠨᠡ 《ᠲᠤᠯᠤᠭᠠᠨ ᠲᠠᠯ᠎ᠠ᠎ᠪᠠᠷ ᠠᠳᠭᠤᠬᠤ》 ᠨᠢ ᠪᠤᠰᠤᠳᠴᠢ ᠲᠠᠯ᠎ᠠ᠎ᠪᠠᠷ ᠪᠤᠭᠤᠲᠤ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢᠨ ᠶᠡᠷᠦᠩᠬᠡᠶ ᠳᠠᠢᠴᠢᠯᠠᠯᠲᠠ᠎ᠶ᠋ᠢ ᠪᠣᠶ ᠪᠣᠯᠭᠠᠵᠠᠢ ᠬᠡᠵᠥ ᠳᠠᠨᠢᠯᠴᠠᠭᠤᠯᠪᠠ᠃

ᠲᠠᠨᠢᠯᠲᠠ᠎ᠶ᠋ᠢ᠎ᠠᠳᠭᠤᠵᠤ᠂᠎ᠳᠠᠢᠴᠢᠯᠠᠯᠲᠠ᠎ᠶ᠋ᠢ ᠠᠳᠭᠤᠪᠠ᠃ ᠨᠢᠳᠤᠨᠤᠨ᠎ᠤ 10 ᠰᠠᠷ᠎ᠠ ᠡᠴᠡ ᠨᠠᠭᠠᠰᠢ᠂ ᠪᠤᠭᠤᠲᠤ ᠬᠣᠲᠠ᠎ᠶ᠋ᠢᠨ ᠨᠠᠮ ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠶᠡᠬᠡ ᠬᠤᠷᠠᠯ ᠪᠠᠭ᠎ᠠ ᠬᠤᠷᠠᠯ ᠳ᠋ᠤ ᠳᠠᠬᠢᠨ ᠳᠠᠪᠲᠠᠨ ᠶᠠᠷᠢᠬᠤ᠂ ᠶᠡᠬᠡ ᠶᠠᠪᠤᠳᠠᠯ ᠪᠠᠭ᠎ᠠ ᠶᠠᠪᠤᠳᠠᠯ᠎ᠢ ᠨᠢᠭᠡᠳ ᠨᠢᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠨᠢᠭᠡ ᠬᠣᠲᠠ᠎ᠶ᠋ᠢᠨ ᠬᠠᠮᠤᠭ᠎ᠤᠨ ᠰᠠᠢᠨ 《ᠤᠶᠠᠩᠭᠠᠲᠤ ᠮᠣᠳᠣ》᠂ ᠬᠠᠮᠤᠭ᠎ᠤᠨ ᠶᠡᠬᠡ 《ᠰᠤᠷᠢᠨᠵᠢᠨ ᠴᠢᠯᠠᠭᠤ》᠂ ᠬᠠᠮᠤᠭ᠎ᠤᠨ ᠴᠢᠬᠤᠯᠠ ᠥᠷᠢᠰᠦᠯᠳᠦᠬᠦ᠌ ᠬᠦᠴᠦᠨ ᠪᠣᠯᠭᠠᠵᠤ᠂ ᠪᠥᠬᠥ᠌ ᠬᠣᠲᠠ ᠪᠡᠷ᠎ᠢᠶᠠᠨ《ᠭᠠᠵᠠᠷ ᠪᠣᠯᠭᠠᠨ ᠳ᠋ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢᠯᠡᠷᠡᠵᠥ᠂ ᠬᠥᠮᠦᠨ ᠪᠣᠯᠭᠠᠨ ᠳᠦᠷᠢ ᠲᠥᠷᠬᠦ᠌᠎ᠶ᠋ᠢᠨ ᠡᠯᠴᠢ ᠪᠤᠯᠬᠤ》ᠣᠢᠯᠠᠭᠠᠭ᠍ᠳᠠᠬᠤᠨ᠎ᠢ ᠪᠣᠶ ᠪᠣᠯᠭᠠᠬᠤ ᠶ᠋ᠢ ᠠᠬᠢᠭᠤᠯᠵᠤ᠂ ᠠᠵᠤ ᠠᠬᠤᠢᠯᠠᠯ᠎ᠤᠨ ᠪᠠᠯᠠ ᠣᠷᠣᠭᠤᠯᠤᠯᠲᠠ ᠠᠷᠠᠯᠵᠢᠶ᠎ᠠ ᠪᠣᠯᠤᠨ ᠬᠤᠪᠢ ᠬᠥᠮᠦᠨ᠎ᠦ ᠠᠵᠢᠯ ᠠᠮᠢᠳᠤᠷᠠᠯ᠎ᠤᠨ ᠴᠢᠨᠠᠷ ᠴᠢᠨᠰᠠᠭ᠎ᠠ ᠪᠠ ᠳᠥᠭᠥᠮᠴᠢᠯᠡᠯᠲᠡ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ ᠎ᠢᠶᠡᠷ᠎ᠢᠶᠡᠨ ᠰᠠᠢᠲᠤᠷ ᠠᠳᠭᠤᠪᠠ᠃

ᠵᠣᠬᠢᠶᠠᠨ ᠪᠠᠢᠭᠤᠯᠤᠯᠲᠠ᠎ᠶ᠋ᠢ᠎ᠠᠳᠭᠤᠵᠤ᠂᠎ᠠᠬᠢᠭᠤᠯᠬᠤ᠎ᠶ᠋ᠢ ᠠᠳᠭᠤᠪᠠ᠃ ᠬᠠᠮᠤᠭ᠎ᠤᠨ ᠦᠨᠳᠦᠷ ᠳᠦᠪᠰᠢᠨ ᠵᠢᠡᠷ ᠠᠬᠢᠭᠤᠯᠬᠤ ᠤᠳᠤᠷᠢᠳᠭᠤ ᠲᠣᠭ᠍ᠲᠠᠴᠠ ᠪᠠ ᠠᠵᠢᠯᠯᠠᠭᠠᠨ᠎ᠤ ᠲᠣᠭ᠍ᠲᠠᠴᠠ᠎ᠶ᠋ᠢ ᠪᠠᠢᠭᠤᠯᠵᠤ᠂ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ᠂ ᠬᠣᠲᠠ᠎ᠶ᠋ᠢᠨ ᠳᠠᠷᠤᠭ᠎ᠠ᠎ᠳᠤᠭᠤᠢᠯᠠᠩ᠎ᠤᠨ᠎ᠳᠠᠷᠤᠭ᠎ᠠ᠎ᠶ᠋ᠢᠨ᠎ᠲᠤᠱᠢᠶᠠᠯ᠎ᠢ᠎ᠡᠭᠦᠷᠭᠡᠯᠡᠭ᠌ᠰᠡᠨ᠎ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠪᠠ᠃ ᠳᠤᠤᠷ᠎ᠠ᠎ᠪᠠᠨ 8 ᠠᠵᠢᠯᠯᠠᠬᠤ ᠳᠤᠭᠤᠢᠯᠠᠩ ᠭᠠᠷᠭᠠᠵᠥ᠂ ᠳᠡᠭᠡᠷ᠎ᠡ᠎ᠡᠴᠡ ᠳᠣᠷᠣᠭ᠍ᠰᠢ ᠬᠠᠷᠠᠭᠠᠯᠵᠠᠬᠰᠠᠨ ᠠᠵᠢᠯ᠎ᠤᠨ ᠲᠤᠰᠭᠠᠶ ᠠᠩᠭᠢ ᠪᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠵᠥ᠂ ᠴᠢᠩᠭ᠎ᠠ ᠬᠦᠴᠦᠲᠡᠶ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢᠨ ᠬᠦᠴᠦᠨ᠎ᠢ ᠪᠦᠷᠢᠯᠳᠦᠭᠦᠯᠵᠡᠶ᠃

ᠳᠦᠷᠢᠮ᠎ᠢ ᠠᠳᠭᠤᠵᠤ᠂ ᠠᠮᠠᠯᠠᠯᠲᠠ᠎ᠶ᠋ᠢ ᠠᠳᠭᠤᠪᠠ᠃ ᠬᠣᠲᠠ ᠶ᠋ᠢᠨ ᠳᠥᠷᠪᠡᠨ ᠪᠠᠭ ᠡᠴᠡ ᠡᠬᠢᠯᠡᠨ ᠬᠢᠵᠦ᠍᠂ ᠡᠯ᠎ᠡ ᠬᠣᠱᠢᠭᠤ ᠱᠢᠶᠠᠨ ᠲᠣᠭᠣᠷᠢᠭ ᠪᠠ ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠣᠳᠠᠲᠠᠶ ᠰᠠᠨᠠᠯ᠎ᠢ ᠲᠣᠭ᠍ᠲᠠᠭᠠᠨ ᠨᠡᠢᠲᠡᠯᠡᠭ᠌ᠰᠡᠨ ᠪᠥᠭᠡᠳ ᠭᠤᠤᠯ ᠬᠠᠷᠢᠭᠤᠴᠠᠯᠭᠠᠲᠠᠨ ᠨᠥᠬᠥᠳ ᠵᠠᠭᠤᠴᠢᠯᠠᠭᠤᠷ᠎ᠲᠤ ᠢᠯᠡ ᠠᠮᠠᠯᠠᠯᠲᠠ ᠬᠢᠵᠦ᠍᠂ ᠪᠥᠬᠥ᠌ ᠨᠡᠢᠭᠡᠮ᠎ᠦᠨ ᠬᠢᠨᠠᠯᠲᠠ᠎ᠶ᠋ᠢ ᠬᠦᠯᠢᠶᠡᠵᠦ᠍᠂ ᠡᠯ᠎ᠡ ᠱᠠᠲᠤᠨ᠎ᠤ ᠺᠠᠳ᠋ᠷᠴᠤᠳ᠎ᠤᠨ ᠳᠡᠭᠡᠷ᠎ᠡ ᠱᠠᠲᠤᠨ᠎ᠤ 《ᠨᠠᠳᠠ᠎ᠪᠠᠷ ᠬᠢᠯᠭᠡᠬᠦ᠌》 ᠡᠴᠡ 《ᠪᠢ ᠠᠮᠠᠯᠳᠠᠬᠤ》 ᠂ 《ᠪᠢ ᠬᠢᠬᠦ᠌》 ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃

ᠪᠠᠷᠢᠮᠵᠢᠶᠠᠯᠠᠬᠤ ᠵᠢ ᠠᠳᠬᠤᠵᠥ᠂ ᠳᠡᠭᠡᠭ᠌ᠰᠢᠯᠡᠭᠦᠯᠬᠦ᠌᠎ᠶ᠋ᠢ ᠠᠳᠭᠤᠪᠠ᠃  ᠬᠠᠮᠤᠭ᠎ᠤᠨ ᠥᠨᠳᠥᠷ ᠬᠠᠮᠤᠭ᠎ᠤᠨ ᠰᠠᠢᠨ ᠳᠦᠪᠰᠢᠨ ᠳᠠᠢ ᠪᠠᠷᠢᠮᠵᠢᠶᠠᠯᠠᠨ ᠬᠠᠷᠭᠤᠭᠤᠯᠬᠤ ᠵᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠭ᠌ᠰᠡᠨ ᠪᠥᠬᠥ᠌ ᠤᠯᠤᠰ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ ᠵᠢ ᠪᠠᠢᠩᠭᠤ ᠳᠠᠭᠠᠬᠤ ᠬᠥᠳᠡᠯᠦᠩᠭᠦᠶ ᠲᠣᠭ᠍ᠲᠠᠴᠠ᠎ᠶ᠋ᠢ ᠪᠠᠢᠭᠤᠯᠵᠤ᠂ ᠴᠠᠭ ᠲᠤᠬᠠᠶ᠎ᠳᠤᠨᠢ ᠱᠢᠩᠭᠡᠭᠡᠨ ᠠᠪᠴᠤ᠌᠂ ᠰᠤᠷᠤᠯᠴᠠᠨ ᠲᠣᠯᠢᠳᠠᠵᠤ᠂ ᠬᠡᠷᠡᠭ᠌ᠯᠡᠨ ᠳᠡᠯᠭᠡᠷᠡᠭᠦᠯᠵᠦ᠍᠂ ᠴᠡᠭ᠎ᠡᠴᠡ ᠪᠥᠬᠥ᠌ ᠲᠠᠯ᠎ᠠ᠎ᠳᠤ ᠬᠦᠷᠭᠡᠵᠦ᠍᠂ ᠠᠯᠬᠤᠮ ᠠᠯᠬᠤᠮ ᠵᠢᠡᠷ ᠠᠬᠢᠭᠤᠯᠵᠤ᠂ ᠣᠷᠳᠣ ᠬᠤᠭᠤᠴᠠᠭ᠎ᠠ᠎ᠪᠠᠷ ᠦᠷ᠎ᠡ ᠪᠦᠳᠦᠮᠵᠢᠳᠡᠢ ᠪᠤᠯᠭᠠᠪᠠ᠃

ᠠᠵᠢᠯᠯᠠᠭ᠎ᠠ᠎ᠶ᠋ᠢ᠎ᠠᠳᠭᠤᠵᠤ᠂ ᠦᠶ᠋ᠯᠡᠴᠢᠯᠡᠭᠡ᠎ᠶ᠋ᠢ᠎ᠠᠳᠭᠤᠪᠠ᠃ ᠬᠣᠲᠠ᠂ ᠡᠯ᠎ᠡ ᠬᠣᠱᠢᠭᠤ ᠱᠢᠶᠠᠨ ᠲᠣᠭᠣᠷᠢᠭ ᠪᠠ ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠲᠦᠷᠦᠭᠦᠯᠡᠨ ᠬᠢᠵᠥ᠂ 《1 + 10 + N》 ᠠᠵᠤ ᠠᠬᠤᠢᠯᠠᠯ ᠪᠠ ᠵᠠᠰᠠᠭ᠎ᠤᠨ ᠣᠷᠳᠣᠨ᠎ᠢ ᠵᠠᠪᠰᠠᠷ ᠦᠬᠡᠢ ᠵᠤᠯᠭᠠᠭᠤᠯᠬᠤ《ᠠᠵᠤ ᠠᠬᠤᠢᠯᠠᠯ᠎ᠤᠨ ᠳᠡᠭᠡᠳᠦ ᠲᠠᠰ᠎ᠤᠨ ᠬᠠᠮᠢᠶᠠᠷᠤᠭ᠍ᠴᠢ》ᠵᠢᠨ ᠵᠢᠷᠬᠢᠶ᠎ᠡ᠎ᠵᠢᠨ ᠬᠤᠯᠪᠤᠭ᠎ᠠ᠎ᠭᠠᠷᠭᠠᠪᠠ᠃ ᠡᠭᠦᠨ᠎ᠦ ᠬᠠᠮᠲᠤ᠂ ᠭᠤᠤᠯᠳᠠᠯᠭ᠎ᠠ᠎ᠲᠠᠶ ᠠᠵᠤ ᠠᠬᠤᠢᠯᠠᠯ᠎ᠳᠤ ᠨᠢᠭᠡᠳ ᠨᠢᠭᠡ᠎ᠪᠡᠷ ᠦᠶ᠋ᠯᠡᠴᠢᠯᠡᠭᠡᠨ᠎ᠦ ᠲᠤᠰᠭᠠᠶ ᠠᠩᠭᠢ ᠪᠠᠢᠭᠤᠯᠵᠤ᠂ ᠠᠵᠤ ᠠᠬᠤᠢᠯᠠᠯ᠎ᠢ ᠪᠥᠬᠥ᠌ ᠲᠠᠯ᠎ᠠ᠎ᠪᠠᠷ᠂ ᠵᠠᠶ ᠵᠠᠪᠰᠠᠷ ᠥᠬᠡᠶ᠎ᠪᠡᠷ ᠬᠠᠪᠰᠤᠷᠤᠨ ᠪᠣᠳᠠᠲᠠᠶ ᠠᠰᠠᠭᠤᠳᠠᠯ᠎ᠢ ᠨᠢ ᠱᠢᠶ᠋ᠳᠪᠦᠷᠢᠯᠡᠵᠦ᠍ ᠥᠭ᠌ᠪᠡ᠃ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠪᠠ ᠪᠤᠭᠤᠲᠤ᠎ᠶ᠋ᠢᠨ ᠡᠳᠦᠷ᠎ᠦᠨ ᠰᠣᠨᠢᠨ ᠴᠥᠮ ᠰᠦᠯᠵᠢᠶᠡᠨ᠎ᠦ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠮᠡᠳᠡᠭᠡᠯᠡᠯ ᠪᠠ ᠪᠢᠴᠢᠭᠡᠰᠦ᠎ᠶ᠋ᠢᠨ ᠠᠰᠠᠭᠤᠳᠠᠯ᠎ᠢ ᠴᠤᠭ᠍ᠯᠠᠭᠤᠯᠵᠤ ᠬᠠᠷᠢᠭᠤ ᠲᠤᠰᠭᠠᠬᠤ ᠲᠣᠭ᠍ᠲᠠᠴᠠ᠎ᠶ᠋ᠢ ᠪᠠᠢᠭᠤᠯᠵᠤ᠂ ᠰᠦᠯᠵᠢᠶᠡᠨ ᠢᠷᠬᠡᠳ᠎ᠤᠨ ᠲᠤᠰᠭᠠᠭ᠍ᠰᠠᠨ ᠠᠰᠠᠭᠤᠳᠠᠯ᠎ᠢ ᠴᠠᠭ ᠲᠤᠬᠠᠶ᠎ᠳᠤᠨᠢ ᠰᠠᠯᠠᠭ᠎ᠠ ᠮᠥᠴᠢᠷ ᠨᠢᠭᠡᠴᠢ᠎ᠳᠦ ᠲᠤᠱᠢᠶᠠᠨ ᠱᠢᠶ᠋ᠳᠪᠦᠷᠢᠯᠡᠭᠦᠯᠬᠦ᠌᠎ᠶ᠋ᠢᠨ ᠬᠠᠮᠲᠤ ᠴᠠᠭ ᠲᠤᠬᠠᠶ᠎ᠳᠤᠨᠢ ᠬᠠᠷᠢᠭᠤᠯᠲᠠ ᠥᠭ᠌ᠪᠡ᠃

 ᠬᠢᠨᠠᠯᠲᠠ ᠲᠠᠯᠪᠢᠬᠤ᠎ᠶ᠋ᠢ ᠠᠳᠭᠤᠵᠤ᠂ ᠦᠷ᠎ᠡ ᠪᠦᠲᠦᠮᠵᠢ ᠭᠠᠷᠭᠠᠬᠤ᠎ᠶ᠋ᠢ ᠠᠳᠭᠤᠪᠠ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠥ᠎ᠶ᠋ᠢᠨ ᠵᠥᠪᠯᠡᠯᠭᠡᠨ᠎ᠦ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠤᠯᠠᠮ ᠴᠢᠨᠠᠬᠰᠢᠳᠠ ᠴᠢᠩᠭᠠᠳᠭᠠᠵᠤ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨ ᠬᠠᠤᠯᠢ ᠬᠡᠷᠡᠭ᠌ᠵᠢᠭᠦᠯᠦᠯᠲᠡ ᠶ᠋ᠢᠨ ᠪᠠᠢᠴᠠᠭᠠᠯᠲᠠ ᠵᠡᠷᠭᠡ ᠠᠷᠭ᠎ᠠ ᠬᠡᠯᠪᠡᠷᠢ᠎ᠶ᠋ᠢ ᠬᠡᠷᠡᠭ᠌ᠯᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠠᠵᠢᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠵᠢᠨ ᠬᠢᠨ ᠵᠥᠪᠯᠡᠬᠦ᠌ ᠮᠠᠶᠢᠭ᠎ᠤᠨ ᠬᠢᠨᠠᠯᠲᠠ᠎ᠶ᠋ᠢ ᠴᠢᠩᠭᠠᠳᠭᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠨᠠᠩ ᠰᠠᠢᠳᠤᠷ ᠴᠤᠬᠴᠠᠯᠠᠬᠤ᠎ᠳᠤ ᠬᠦᠴᠦᠨ ᠨᠡᠮᠡᠷᠢᠯᠡᠪᠡ᠃ ᠱᠢᠨ᠎ᠡ ᠤᠨ᠎ᠡᠴᠡ ᠡᠮᠦᠨ᠎ᠡ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠡᠴᠡ ᠬᠣᠲᠠ᠎ᠶ᠋ᠢᠨ ᠠᠷᠠᠳ᠎ᠲᠤ ᠮᠡᠳᠡᠭᠦᠯᠬᠦ᠌᠂ ᠬᠣᠲᠠ᠎ᠶ᠋ᠢᠨ ᠠᠷᠠᠳ᠎ᠤᠨ ᠰᠠᠨᠠᠯ᠎ᠢ ᠰᠣᠨᠣᠰᠭᠤ᠂ ᠬᠣᠲᠠ᠎ᠶ᠋ᠢᠨ ᠠᠷᠠᠳ ᠵᠢᠡᠷ ᠦᠨᠡᠯᠡᠬᠦᠯᠬᠦ ᠠᠵᠢᠯᠯᠠᠭ᠎ᠠ ᠥᠷᠨᠢᠭᠦᠯᠵᠦ᠍᠂ ᠡᠯ᠎ᠡ ᠰᠠᠯᠠᠭ᠎ᠠ ᠮᠥᠴᠢᠷ᠎ᠦᠨ ᠠᠵᠢᠯ᠎ᠤᠨ ᠦᠷ᠎ᠡ ᠪᠦᠲᠦᠮᠵᠢ᠎ᠳᠦ ᠬᠤᠪᠢ ᠥᠭ᠌ᠴᠦ ᠦᠨᠡᠯᠡᠬᠦᠯᠪᠡ᠃

 ᠤᠬᠠᠭᠤᠯᠭ᠎ᠠ᠎ᠶ᠋ᠢ ᠠᠳᠭᠤᠵᠤ᠂ ᠠᠭᠤᠷ ᠠᠮᠢᠰᠭᠤᠯ᠎ᠢ ᠠᠳᠭᠤᠪᠠ᠃ 《ᠳᠠᠨ ᠳ᠋ᠤ ᠬᠠᠨᠤᠮᠵᠢᠳᠡᠢ》 ᠎ᠪᠠᠷ ᠭᠤᠤᠯ ᠰᠡᠳᠦᠪ ᠪᠣᠯᠭᠠᠵᠤ᠂ ᠬᠣᠲᠠ ᠬᠤᠰᠢᠭᠤ ᠱᠢᠶᠠᠨ ᠬᠣᠶᠠᠷ ᠱᠠᠲᠤᠨ᠎ᠤ ᠵᠠᠭᠤᠴᠢᠯᠠᠭᠤᠷ᠎ᠢ ᠵᠣᠬᠢᠶᠠᠨ ᠪᠠᠢᠭᠤᠯᠤᠨ ᠲᠤᠰᠭᠠᠶ ᠬᠡᠪᠯᠡᠯ ᠲᠤᠰᠭᠠᠶ ᠪᠤᠯᠤᠩ ᠭᠠᠷᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠭᠰᠡᠨ ᠱᠢᠨ᠎ᠡ ᠠᠷᠭ᠎ᠠ ᠬᠡᠮᠵᠢᠶ᠎ᠡ ᠪᠠ ᠠᠵᠢᠯ᠎ᠤᠨ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠤᠬᠠᠭᠤᠯᠤᠨ ᠳᠡᠯᠭᠡᠨ ᠦᠵᠡᠭᠦᠯᠪᠠ᠃ ᠲᠤᠰᠭᠠᠶ ᠮᠡᠷᠭᠡᠵᠢᠯ᠎ᠦᠨ ᠪᠦᠯᠬᠦᠮ᠎ᠢ ᠵᠣᠬᠢᠶᠠᠨ ᠪᠠᠢᠭᠤᠯᠵᠤ《ᠳᠠᠨ ᠳ᠋ᠤ ᠬᠠᠨᠤᠮᠵᠢᠳᠠᠢ᠂ ᠠᠮᠵᠢᠯᠲᠠ᠎ᠳᠤ ᠬᠥᠷᠬᠡᠬᠦ》 ᠵᠡᠷᠭᠡ ᠱᠢᠷᠢᠰ ᠣᠬᠣᠷ ᠸᠢᠳᠢᠣ᠋᠎ᠶ᠋ᠢᠨ ᠪᠦᠲᠦᠭᠡᠯ᠎ᠢ ᠵᠣᠬᠢᠶᠠᠨ ᠪᠦᠲᠦᠭᠡᠵᠦ᠍᠂ ᠵᠢᠷᠬᠢᠶ᠎ᠡ ᠵᠢᠨ ᠨᠠᠢᠵᠠ᠎ᠶ᠋ᠢᠨ ᠲᠣᠭᠣᠷᠢᠭ᠂ ᠵᠢᠷᠬᠢᠶ᠎ᠡ ᠵᠢᠨ ᠸᠢᠳᠢᠣ᠋᠎ᠶ᠋ᠢᠨ ᠨᠣᠮᠧᠷ᠂ ᠴᠤᠤᠷᠢᠶ᠎ᠠ ᠪᠠ ᠨᠡᠢᠲᠡ᠎ᠶ᠋ᠢᠨ ᠮᠠᠱᠢᠨ ᠲᠡᠷᠭᠡᠨ᠎ᠤ ᠲᠧᠯᠸᠢᠰ᠂ ᠨᠢᠰᠭᠡᠯ᠎ᠦᠨ ᠪᠠᠭᠤᠳᠠᠯ᠂ ᠭᠠᠯᠲᠤ ᠲᠡᠷᠭᠡᠨ ᠥᠷᠲᠡᠭᠡᠨ᠎ᠦ ᠲᠢᠩᠬᠢᠮ ᠵᠡᠷᠭᠡ ᠲᠠᠪᠴᠠᠩ ᠵᠢᠡᠷ ᠥᠷᠭᠡᠨ᠎ᠢᠶᠡᠷ ᠳᠡᠯᠭᠡᠷᠡᠭᠦᠯᠦᠨ ᠤᠬᠠᠭᠤᠯᠵᠤ᠂ ᠨᠠᠩ ᠣᠯᠠᠨ ᠪᠠᠯᠠ ᠣᠷᠣᠭᠤᠯᠤᠭ᠍ᠴᠢᠳ᠎ᠲᠤ ᠪᠤᠭᠤᠲᠤ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠬᠥᠭ᠌ᠵᠢᠯᠲᠡ ᠬᠤᠪᠢᠷᠠᠯᠲᠠ᠎ᠶ᠋ᠢ ᠣᠢᠯᠠᠭᠠᠭᠤᠯᠬᠤ᠎ᠶ᠋ᠢᠨ ᠬᠠᠮᠲᠤ ᠪᠤᠭᠤᠲᠤ᠎ᠳᠤ ᠬᠦᠷᠴᠦ᠍᠂ ᠪᠤᠭᠤᠲᠤ᠎ᠳᠤ ᠪᠠᠯᠠ ᠣᠷᠣᠭᠤᠯᠤᠨ᠂ ᠪᠤᠭᠤᠲᠤ᠎ᠶ᠋ᠢ ᠪᠥᠲᠥᠭᠡᠨ ᠪᠠᠢᠭᠤᠯᠬᠤ ᠳᠤᠷᠠᠲᠠᠶ ᠪᠤᠯᠭᠠᠪᠠ᠃

《ᠪᠢᠳᠡ〈ᠭᠠᠵᠠᠷ ᠪᠣᠯᠭᠠᠨ᠎ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢᠯᠡᠷᠡᠵᠥ᠂ ᠬᠥᠮᠦᠨ ᠪᠦᠬᠦᠨ ᠴᠥᠮ ᠳᠦᠷᠢ ᠲᠥᠷᠬᠦ᠌᠎ᠶ᠋ᠢᠨ ᠡᠯᠴᠢ ᠪᠤᠯᠬᠤ〉 ᠵᠢ ᠬᠡᠷᠡᠭᠵᠢᠬᠦᠯᠪᠡ᠃  ᠪᠢᠳᠡ ᠪᠣᠯ ᠪᠥᠬᠥ᠌ ᠬᠥᠮᠦᠰ ᠬᠤᠳᠠᠯᠳᠤᠭᠠᠴᠢᠨ ᠤᠷᠢᠵᠤ᠂ ᠪᠥᠬᠥ᠌ ᠨᠡᠢᠭᠡᠮ᠎ᠢᠶᠡᠷ᠎ᠢᠶᠡᠨ ᠬᠤᠳᠠᠯᠳᠤᠭᠠᠴᠢᠨ ᠤᠷᠢᠵᠤ᠂ ᠬᠤᠳᠠᠯᠳᠤᠭᠠᠴᠢᠨ᠎ᠢᠶᠠᠷ ᠬᠤᠳᠠᠯᠳᠤᠭᠠᠴᠢᠨ ᠤᠷᠢᠵᠤ᠂ ᠨᠠᠷᠢᠨ ᠣᠨᠣᠴᠠᠲᠠᠶ᠎ᠪᠠᠷ ᠬᠤᠳᠠᠯᠳᠤᠭᠠᠴᠢᠨ ᠤᠷᠢᠵᠤ ᠪᠠᠢᠨ᠎ᠠ᠂ ᠨᠢᠳᠤᠨᠤᠨ ᠪᠢᠳᠡᠨ᠎ᠦ ᠵᠣᠯᠭᠠᠭᠤᠯᠤᠭ᠍ᠰᠠᠨ ᠠᠵᠤ ᠠᠬᠤᠢᠯᠠᠯ᠎ᠤᠨ ᠲᠣᠭ᠎ᠠ 5918 ᠪᠠᠢᠵᠥ᠂ ᠲᠦᠷᠦᠭᠦᠦ ᠨᠢᠭᠡ ᠵᠢᠯ᠎ᠦᠨ 5.9 ᠳᠠᠬᠢᠨ ᠪᠣᠯᠵᠣ᠂ ᠪᠢᠳᠡᠨ᠎ᠦ ᠭᠡᠷ᠎ᠡ ᠲᠣᠭ᠍ᠲᠠᠭ᠍ᠰᠠᠨ ᠲᠥᠷᠥᠯ ᠵᠦᠶ᠋ᠯ 1134 ᠪᠠᠢᠵᠥ᠂ ᠭᠡᠷ᠎ᠡ ᠲᠣᠭ᠍ᠲᠠᠭ᠍ᠰᠠᠨ ᠲᠣᠭ᠎ᠠ᠎ᠨᠢ ᠲᠦᠷᠦᠭᠦᠦ ᠨᠢᠭᠡ ᠵᠢᠯ᠎ᠦᠨ 3.4 ᠳᠠᠬᠢᠨ ᠪᠣᠯᠵᠣ᠂ ᠪᠢᠳᠡᠨ᠎ᠦ ᠭᠡᠷ᠎ᠡ ᠲᠣᠭ᠍ᠲᠠᠭ᠍ᠰᠠᠨ ᠵᠣᠭᠣᠰ᠎ᠤᠨ ᠲᠣᠭ᠎ᠠ 1.25 ᠲᠦᠮᠡᠨ ᠳ᠋ᠦᠩᠱᠢᠭᠤᠷ ᠲᠸ᠋ ᠬᠦᠷᠴᠤ᠂ ᠲᠦᠷᠦᠭᠦᠦ ᠨᠢᠭᠡ ᠵᠢᠯ᠎ᠦᠨ5.2 ᠳᠠᠬᠢᠨ ᠪᠣᠯᠵᠣ᠂ ᠬᠠᠮᠤᠭ᠎ᠤᠨ ᠰᠡᠭᠦᠯ᠎ᠳᠦ ᠨᠤᠳᠤᠬᠰᠢᠬᠰᠠᠨ ᠲᠥᠷᠥᠯ ᠵᠦᠶ᠋ᠯ 803 ᠪᠠᠢᠵᠥ᠂ ᠲᠦᠷᠦᠭᠦᠦ ᠨᠢᠭᠡ ᠵᠢᠯ᠎ᠦᠨ 3.8 ᠳᠠᠬᠢᠨ ᠪᠣᠯᠵᠠᠶ》᠃  ᠸᠠᠩ ᠱᠢᠤ ᠯᠢᠶᠠᠨ᠂ ᠡᠨᠡ ᠵᠢᠯ ᠪᠤᠭᠤᠲᠤ ᠬᠣᠲᠠ《ᠭᠠᠵᠠᠷ ᠪᠣᠯᠭᠠᠨ᠎ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠯᠡᠷᠡᠵᠥ᠂ ᠬᠥᠮᠦᠨ ᠪᠦᠬᠦᠨ ᠳᠦᠷᠢ ᠲᠥᠷᠬᠦ᠌᠎ᠶ᠋ᠢᠨ ᠡᠯᠴᠢ ᠪᠤᠯᠬᠤ》ᠣᠢᠯᠠᠭᠠᠭ᠍ᠳᠠᠬᠤᠨ᠎ᠢ ᠦᠷᠭᠦᠯᠵᠢᠯᠡᠨ ᠲᠤᠭᠤᠰᠢᠯᠠᠭᠤᠯᠵᠤ᠂ ᠦᠷᠭᠦᠯᠵᠢᠯᠡᠨ ᠪᠥᠬᠥ᠌ ᠬᠥᠮᠦᠰ᠎ᠢᠶᠡᠷ᠎ᠢᠶᠡᠨ ᠬᠤᠳᠠᠯᠳᠤᠭᠠᠴᠢᠨ ᠤᠷᠢᠵᠤ᠂ ᠨᠡᠢᠭᠡᠮ ᠳᠠᠶᠠᠭᠠᠷ ᠬᠤᠳᠠᠯᠳᠤᠭᠠᠴᠢᠨ ᠤᠷᠢᠵᠤ᠂ 《ᠲᠠᠨ᠎ᠳᠤ ᠬᠠᠨᠤᠮᠵᠢᠲᠠᠶ》ᠨᠠᠷᠠᠲᠤ ᠲᠡᠮᠳᠡᠭ᠎ᠢᠶᠡᠨ ᠪᠥᠬᠥ᠌ ᠬᠦᠴᠦᠨ᠎ᠢᠶᠡᠷ᠎ᠢᠶᠡᠨ ᠠᠯᠳᠠᠷᠰᠢᠭᠤᠯᠤᠨ᠂ ᠡᠴᠦᠰ ᠲᠡᠬᠡᠨ 《ᠲᠠᠨ᠎ᠳᠤ ᠬᠠᠨᠤᠮᠵᠢᠲᠠᠶ》 ᠪᠤᠯᠭᠠᠨ᠎ᠠ ᠬᠡᠵᠥ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号