— ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌ ᠪᠦᠬᠦᠯᠢ ᠴᠤᠬᠴᠠ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠲᠤᠬᠠᠶ ᠭᠤᠷᠪᠠᠨᠲᠠ ᠥᠭᠦᠯᠡᠬᠦ᠌ ᠨᠢ
ᠲᠤᠰ ᠰᠣᠨᠢᠨ᠎ᠤ ᠱᠢᠭᠦᠮᠵᠢᠯᠡᠭ᠌ᠴᠢ
ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠨᠢ ᠬᠥᠭ᠌ᠵᠢᠯᠲᠡ᠎ᠶ᠋ᠢᠨ《ᠴᠢᠩᠭ᠎ᠠ ᠰᠣᠷᠢᠨᠵᠢᠨ ᠣᠷᠣᠨ》᠂ ᠣᠷᠣᠨ ᠨᠤᠲᠤᠭ᠎ᠤᠨ《ᠠᠯᠲᠠᠨ ᠨᠡᠷ᠎ᠡ᠎ᠶ᠋ᠢᠨ ᠬᠠᠭᠤᠳᠠᠰᠤ》ᠬᠡᠮᠡᠭᠳᠡᠳᠡᠭ᠃ ᠨᠢᠭᠡ ᠭᠠᠵᠠᠷ ᠣᠷᠣᠨ᠎ᠳᠤ ᠶᠠᠮᠠᠷ ᠶᠠᠩᠵᠤ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠠᠢᠬᠤ᠂ ᠠᠵᠤ ᠠᠬᠤᠢᠯᠠᠯ᠎ᠳᠤ ᠬᠡᠷᠬᠢᠨ ᠦᠢᠯᠡᠴᠢᠯᠡᠬᠦ᠌᠂ ᠤᠯᠠᠨ ᠲᠦᠮᠡᠨ᠎ᠳᠦ ᠬᠡᠷᠬᠢᠨ ᠦᠢᠯᠡᠴᠢᠯᠡᠬᠦ᠌ ᠨᠢ ᠨᠢᠭᠡ ᠭᠠᠵᠠᠷ ᠣᠷᠣᠨ᠎ᠤ ᠲᠦᠷᠢ ᠲᠥᠷᠬᠦ᠌᠎ᠳᠦ ᠬᠣᠯᠪᠣᠭ᠍ᠳᠠᠵᠤ᠂ ᠨᠢᠭᠡ ᠭᠠᠵᠠᠷ ᠣᠷᠣᠨ᠎ᠤ ᠬᠥᠭ᠌ᠵᠢᠯᠲᠡ᠎ᠶ᠋ᠢ ᠨᠥᠯᠥᠭᠡᠯᠡᠵᠦ᠍ ᠪᠠᠢᠳᠠᠭ᠂ ᠭᠡᠬᠦ᠌᠎ᠳᠡᠭᠡᠨ ᠰᠠᠢ᠌ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠨᠢ ᠡᠴᠦᠰ᠎ᠲᠡᠬᠡᠨ ᠰᠠᠢ᠌ᠨ ᠦᠢᠯᠡᠴᠢᠯᠡᠭᠡ ᠪᠡᠷ ᠢᠯᠡᠷᠡᠨ ᠪᠡᠶᠡᠯᠡᠭ᠌ᠳᠡᠵᠤ᠂ ᠠᠵᠤ ᠠᠬᠤᠢᠯᠠᠯ ᠪᠠ ᠤᠯᠠᠨ ᠲᠦᠮᠡᠨ᠎ᠢ ᠰᠡᠳᠭᠢᠯ ᠬᠠᠨᠤᠮᠵᠢᠲᠠᠢ ᠪᠠᠢᠯᠭᠠᠬᠤ ᠬᠡᠷᠡᠭ᠌ᠲᠡᠢ᠃
ᠥᠩᠭᠡᠷᠡᠭ᠌ᠰᠡᠨ ᠨᠢᠭᠡ ᠵᠢᠯ᠎ᠳᠦ᠂ ᠥᠪᠥᠷ ᠮᠣᠩᠭᠣᠯ ᠠᠵᠤ ᠠᠬᠤᠢᠯᠠᠯ ᠪᠠ ᠣᠯᠠᠨ ᠲᠦᠮᠡᠨ᠎ᠦ ᠲᠣᠰ ᠪᠡᠶ᠎ᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌ ᠪᠦᠬᠦᠯᠢ ᠴᠤᠬᠴᠠ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠨᠢᠭᠡ ᠪᠦᠯᠦᠭ ᠨᠢᠳᠦᠨ᠎ᠳᠦ ᠦᠵᠡᠭ᠌ᠳᠡᠮ᠎ᠡ᠂ ᠭᠠᠷ᠎ᠲᠤ ᠪᠠᠷᠢᠭ᠍ᠳᠠᠮ᠎ᠠ᠂ ᠲᠦᠷᠦᠭᠳᠡᠯ ᠵᠢᠡᠷ ᠢᠯᠡᠷᠭᠡᠢ ᠴᠢᠬᠤᠯᠠ ᠶᠡᠬᠡ ᠦᠷ᠎ᠡ ᠪᠦᠲᠦᠭᠡᠯ᠎ᠢ ᠣᠯᠵᠤ᠂ ᠰᠠᠢᠨ ᠰᠠᠢᠬᠠᠨ ᠡᠬᠢᠯᠡᠯᠲᠡ᠎ᠲᠡᠶ ᠪᠣᠯᠵᠠᠶ᠃ ᠤᠳᠤ᠂ ᠠᠵᠤ ᠠᠬᠤᠢᠯᠠᠯ ᠪᠣᠯᠤᠨ ᠤᠯᠠᠨ ᠲᠦᠮᠡᠨ᠎ᠦ ᠬᠠᠮᠤᠭ᠎ᠡᠴᠡ ᠬᠦᠰᠡᠵᠦ᠍ ᠪᠠᠢᠭ᠎ᠠ ᠨᠢ ᠡᠷᠴᠢᠮ᠎ᠢᠶᠡᠨ ᠪᠠᠲᠤᠯᠠᠵᠤ᠂ ᠴᠥᠬᠥᠷᠡᠰᠢ ᠦᠭᠡᠢ ᠠᠳᠭᠤᠵᠤ᠂ ᠪᠠᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤᠶᠠᠪᠤᠳᠠᠯ ᠪᠤᠯᠤᠨ᠎ᠠ᠂ ᠬᠠᠮᠤᠭ᠎ᠡᠴᠡ ᠰᠠᠨᠠᠭᠠᠱᠢᠷᠠᠵᠤ ᠪᠠᠢᠭ᠎ᠠ ᠨᠢ ᠲᠤᠳᠠᠭᠤ ᠲᠤᠷᠭᠤᠨ ᠵᠤᠬᠰᠤᠬᠤ᠂ ᠠᠰᠠᠭᠤᠳᠠᠯ ᠲᠠᠬᠢᠨ ᠢᠯᠡᠷᠡᠵᠦ᠍᠂ ᠦᠨᠭᠭᠡᠨ ᠲᠠᠯ᠎ᠠ ᠵᠢᠨ ᠠᠵᠢᠯ ᠬᠢᠵᠤ ᠬᠦᠨᠵᠡᠭᠡᠢᠷᠠᠬᠦ ᠦᠭᠡᠢ ᠪᠠᠢᠬᠤ ᠶᠠᠪᠤᠳᠠᠯ ᠪᠣᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠢ ᠤᠯᠠᠮ ᠴᠢᠨᠠᠬᠰᠢᠳᠠ ᠰᠠᠢᠲᠤᠷ ᠬᠢᠬᠦ᠌᠎ᠳᠦ᠂ ᠡᠷᠬᠡᠪᠰᠢ ᠠᠵᠤ ᠠᠬᠤᠢᠯᠠᠯ ᠪᠠ ᠣᠯᠠᠨ ᠲᠦᠮᠡᠨ᠎ᠦ ᠬᠠᠨᠤᠮᠵᠢᠲᠠᠶ ᠪᠠᠢᠬᠤ᠎ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠪᠠᠷᠢᠮᠵᠢᠶ᠎ᠠ᠂ ᠦᠨᠡᠯᠡᠬᠦ᠌ ᠪᠠᠷᠢᠮᠵᠢᠶ᠎ᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠠᠬᠢᠭᠤᠯᠬᠤ ᠬᠡᠷᠡᠭ᠌ᠲᠡᠶ᠃
ᠤᠰᠤ ᠬᠦᠷᠤᠰᠤᠨ᠎ᠤ ᠣᠷᠴᠢᠨ ᠨᠦᠬᠦᠴᠡᠯ ᠬᠢᠷᠢ ᠵᠡᠷᠭᠡ ᠪᠠᠢᠬᠤ ᠵᠢ ᠤᠰᠤᠨ᠎ᠳᠤ ᠱᠤᠨᠭᠪᠠᠵᠤ ᠪᠠᠢᠭ᠎ᠠ ᠵᠢᠭᠠᠰᠤ᠂ ᠨᠢᠰᠤᠨ ᠦᠨᠭᠭᠡᠷᠡᠬᠦ ᠱᠢᠪᠠᠭᠤ ᠲᠣᠳᠣᠷᠬᠠᠶ ᠮᠡᠳᠡᠨ᠎ᠡ; ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠶᠠᠮᠠᠷ ᠵᠡᠷᠭᠡ ᠪᠠᠢᠬᠤ ᠵᠢ ᠠᠵᠤ ᠠᠬᠤᠢᠯᠠᠯ ᠪᠠ ᠣᠯᠠᠨ ᠲᠦᠮᠡᠨ᠎ᠦ ᠮᠡᠳᠡᠷᠡᠮᠵᠢ ᠬᠠᠮᠤᠭ᠎ᠤᠨ ᠰᠡᠷᠭᠡᠭ ᠵᠢᠠᠷ ᠳᠠᠨᠢᠳᠠᠭ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠤᠨ ᠰᠠᠢᠨ ᠡᠰᠡᠬᠦ ᠵᠢ ᠵᠠᠰᠠᠭ᠎ᠤᠨ ᠣᠷᠳᠣᠨ᠎ᠡᠴᠡ ᠲᠣᠭ᠍ᠲᠠᠭᠠᠬᠤ ᠪᠢᠰᠢ᠂ ᠬᠠᠷᠢᠨ ᠠᠵᠤ ᠠᠬᠤᠢᠯᠠᠯ ᠪᠣᠯᠤᠨ ᠤᠯᠠᠨ ᠲᠦᠮᠡᠨ᠎ᠡᠴᠡ ᠮᠡᠳᠡᠷᠡᠵᠦ᠍ ᠦᠨᠡᠯᠡᠬᠦ᠌ ᠪᠣᠯᠤᠨ᠎ᠠ᠂ ᠵᠠᠩᠭᠢᠯᠠᠭ᠎ᠠ ᠨᠢ ᠠᠵᠤ ᠠᠬᠤᠢᠯᠠᠯ ᠢᠷᠡᠬᠦ᠌ ᠡᠰᠡᠬᠦ᠌᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠲᠦᠷᠭᠡᠨ ᠪᠠᠢᠬᠤ ᠡᠰᠡᠬᠦ᠌᠎ᠶ᠋ᠢ ᠦᠵᠡᠨ᠎ᠡ᠃ ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠲᠡᠶ ᠪᠣᠯᠪᠠᠯ᠂ ᠣᠲᠣ ᠪᠠᠢᠭ᠎ᠠ ᠠᠵᠤ ᠠᠬᠤᠢᠯᠠᠯ ᠰᠠᠶᠢ ᠣᠷᠣᠱᠢᠨ ᠲᠣᠭ᠍ᠲᠠᠨᠢᠵᠤ᠂ ᠤᠷᠤᠭ᠍ᠰᠢᠲᠠᠶ ᠦᠰᠦᠨ ᠪᠣᠢᠵᠢᠵᠤ᠂ ᠭᠠᠳᠠᠷ ᠣᠷᠣᠨ᠎ᠤ ᠠᠷᠠᠯᠵᠢᠶᠠᠴᠢᠳ ᠰᠠᠶᠢ ᠢᠷᠡᠬᠦ᠌ ᠳᠤᠷᠠᠲᠠᠶ᠂ ᠰᠠᠢᠲᠤᠷ ᠬᠥᠭ᠌ᠵᠢᠵᠤ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠰᠠᠶᠢ ᠥᠷᠢᠰᠥᠯᠳᠦᠨ ᠪᠠᠳᠠᠷᠠᠵᠤ᠂ ᠥᠪᠥᠷ ᠮᠣᠩᠭᠣᠯ ᠰᠠᠶᠢ ᠦᠨᠡᠨ ᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠬᠦᠴᠦᠷᠬᠡᠭ ᠶᠡᠬᠡ ᠪᠥᠭᠡᠳ ᠤᠳᠠᠭᠠᠨ ᠳᠠᠭᠠᠭᠠᠮᠠᠭᠠᠶ 《ᠲᠠᠲᠠᠬᠤ ᠬᠦᠴᠦᠨ》 ᠲᠠᠢ ᠪᠣᠯᠵᠣ ᠴᠢᠳᠠᠨ᠎ᠠ᠃
ᠠᠷᠠᠳ᠎ᠲᠤ ᠠᠱᠢᠭ᠍ᠲᠠᠢ ᠶᠠᠪᠤᠳᠠᠯ᠎ᠢ ᠥᠴᠦᠬᠡᠨ ᠲᠡᠳᠦᠢ ᠴᠦ᠍ ᠭᠡᠰᠡᠨ ᠵᠠᠪᠠᠯ ᠪᠠᠶᠠᠯᠡᠬᠦᠯᠬᠦ ᠬᠡᠷᠡᠭ᠌ᠲᠡᠢ᠃ ᠨᠠᠩ ᠰᠠᠢᠨ ᠦᠶ᠋ᠯᠡᠴᠢᠯᠡᠭᠡ᠎ᠪᠡᠷ ᠨᠠᠩ ᠴᠢᠨᠠᠷ ᠰᠠᠢᠲᠠᠶ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠪᠣᠯ ᠠᠷᠠᠳ᠎ᠤᠨ ᠬᠦᠰᠡᠯ ᠪᠣᠯᠬᠤ ᠪᠥᠭᠡᠳ ᠪᠠᠰᠠ ᠴᠤ᠌ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ 《ᠬᠠᠲᠠᠭᠤ ᠲᠤᠯᠭᠠᠭᠤᠷᠢᠯᠠᠯ》ᠪᠣᠯᠤᠨ᠎ᠠ᠃ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠤᠬᠠᠮᠰᠠᠷ᠎ᠡᠴᠡ᠎ᠪᠠᠨ ᠦᠶ᠋ᠯᠡᠳᠦᠯᠭᠡᠵᠢᠭᠦᠯᠵᠦ᠍᠂ ᠠᠵᠤ ᠠᠬᠤᠢᠯᠠᠯ ᠪᠣᠯᠤᠨ ᠣᠯᠠᠨ ᠲᠦᠮᠡᠨ᠎ᠦ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠡᠴᠡ ᠡᠭᠦᠰᠭᠦ᠎ᠶ᠋ᠢ ᠪᠠᠷᠢᠮᠲᠠᠯᠠᠵᠤ᠂ ᠠᠵᠤ ᠠᠬᠤᠢᠯᠠᠯ ᠪᠣᠯᠤᠨ ᠣᠯᠠᠨ ᠲᠦᠮᠡᠨ ᠶᠠᠭᠤ᠎ᠶ᠋ᠢ ᠬᠦᠰᠡᠵᠦ᠍ ᠪᠠᠢᠪᠠᠯ ᠶᠠᠭᠤ᠎ᠶ᠋ᠢ ᠰᠠᠢᠲᠤᠷ ᠬᠢᠵᠦ᠍᠂ ᠠᠵᠤ ᠠᠬᠤᠢᠯᠠᠯ ᠪᠣᠯᠤᠨ ᠣᠯᠠᠨ ᠲᠦᠮᠡᠨ ᠶᠠᠭᠤ ᠵᠢ ᠵᠢᠮᠡᠯᠡᠵᠦ᠍ ᠪᠠᠢᠪᠠᠯ ᠶᠠᠭᠤ᠎ᠶ᠋ᠢ ᠵᠠᠯᠠᠷᠠᠭᠤᠯᠵᠤ᠂ ᠠᠵᠤ ᠠᠬᠤᠢᠯᠠᠯ ᠪᠣᠯᠤᠨ ᠣᠯᠠᠨ ᠲᠦᠮᠡᠨ᠎ᠳᠦ ᠦᠨᠡᠨ ᠪᠣᠳᠠᠲᠠᠶ ᠰᠠᠢᠲᠤᠷ ᠦᠶ᠋ᠯᠡᠴᠢᠯᠡᠵᠦ᠍᠂ ᠠᠵᠤ ᠠᠬᠤᠢᠯᠠᠯ ᠪᠣᠯᠤᠨ ᠣᠯᠠᠨ ᠲᠦᠮᠡᠨ᠎ᠦ ᠪᠣᠳᠠᠲᠠᠶ ᠬᠦᠷᠲᠡᠮᠵᠢ᠎ᠶ᠋ᠢᠨ ᠲᠥᠷᠥᠭ᠌ᠳᠡᠯ ᠪᠣᠯᠤᠨ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡᠯ᠂ ᠥᠪᠥᠷ ᠮᠣᠩᠭᠣᠯ᠎ᠤᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠳᠡᠬᠢ《ᠤᠶᠠᠩᠭᠠᠲᠤ ᠮᠣᠳᠣ》 ᠵᠢᠨ ᠰᠠᠯᠠᠭ᠎ᠠ ᠨᠠᠮᠠᠭ᠎ᠠ᠎ᠨᠢ ᠢᠭ᠍ᠴᠤ ᠰᠠᠬᠤᠯᠢᠭ ᠪᠤᠯᠵᠦ᠂ ᠴᠡᠴᠡᠭ᠌ᠯᠡᠨ ᠵᠢᠮᠢᠰᠯᠠᠵᠦ᠂ ᠨᠠᠩ ᠣᠯᠠᠨ《ᠠᠯᠲᠠᠨ ᠭᠠᠷᠤᠳᠢ》 ᠶ᠋ᠢ ᠳᠠᠭᠤᠳᠠᠨ ᠦᠯᠡᠳᠡᠭᠡᠵᠦ᠍ ᠴᠢᠳᠠᠨ᠎ᠠ᠃
ᠣᠷᠴᠢᠨ ᠲᠤᠭᠤᠷᠢᠨ ᠪᠣᠯ ᠦᠢᠯᠡᠳᠪᠦᠷᠢᠯᠡᠯ᠎ᠦᠨ ᠬᠦᠴᠦᠨ ᠮᠥᠨ᠂ ᠦᠢᠯᠡᠴᠢᠯᠡᠭᠡ ᠪᠣᠯ ᠦᠷᠢᠰᠦᠯᠳᠦᠬᠦ᠌ ᠬᠦᠴᠦᠨ ᠮᠥᠨ᠃ ᠪᠢᠳᠡ《ᠬᠠᠮᠤᠭ᠎ᠤᠨ ᠰᠠᠢᠨ ᠭᠡᠵᠦ᠍ ᠪᠠᠢᠬᠤ ᠥᠬᠡᠶ᠂ ᠵᠥᠪᠬᠡᠨ ᠨᠠᠩ ᠰᠠᠢᠨ ᠪᠠᠢᠬᠤ》ᠦᠶ᠋ᠯᠡᠴᠢᠯᠡᠭᠡᠨ᠎ᠦ ᠰᠡᠳᠭᠢᠯ᠎ᠢᠶᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢᠨ ᠠᠬᠢᠭᠤᠯᠤᠭ᠍ᠴᠢ᠂ ᠦᠶ᠋ᠯᠡᠳᠦᠯᠭᠡᠵᠢᠭᠦᠯᠦᠭ᠌ᠴᠢ ᠪᠣᠯᠵᠣ᠂ ᠬᠠᠷᠠᠯᠲᠠ᠎ᠪᠠᠨ ᠪᠠᠲᠤ ᠡᠵᠡᠮᠳᠡᠨ᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠳᠠᠷᠤᠯᠲᠠ᠎ᠪᠠᠨ ᠨᠡᠮᠡᠭ᠌ᠳᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌ ᠪᠦᠬᠦᠯᠢ ᠴᠤᠬᠴᠠ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠬᠡᠷᠡᠭ᠌ᠲᠡᠶ᠃