— 《ᠲᠠᠨᠳ᠋ᠤ ᠬᠠᠨᠤᠮᠵᠢᠳᠠᠢ》ᠬᠣᠲᠠ᠎ᠶ᠋ᠢᠨ ᠦᠶ᠋ᠯᠡᠴᠢᠯᠡᠭᠡᠨ᠎ᠦ ᠨᠠᠷᠠᠲᠤ ᠲᠡᠮᠳᠡᠭ᠎ᠢ ᠠᠯᠳᠠᠷᠰᠢᠭᠤᠯᠬᠤ ᠲᠤᠬᠠᠢ ᠱᠢᠷᠢᠰ ᠮᠡᠳᠡᠭᠡᠯᠡᠯ ᠭᠤᠷᠪᠠ
2021 ᠣᠨ᠎ᠳᠤ᠂ ᠪᠤᠭᠤᠲᠤ ᠬᠣᠲᠠ᠎ᠶ᠋ᠢᠨ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠵᠥ ᠠᠪᠴᠢᠷᠠᠬᠤ ᠠᠵᠤ ᠠᠬᠤᠢᠯᠠᠯ ᠨᠡᠢᠲᠡ 5918 ᠪᠣᠯᠵᠣ᠂ 1134 ᠲᠥᠷᠥᠯ ᠵᠦᠶ᠋ᠯ᠎ᠤᠨ ᠭᠡᠷ᠎ᠡ ᠲᠣᠭ᠍ᠲᠠᠵᠤ᠂ ᠬᠡᠯᠡᠯᠴᠡᠭᠡᠷ᠎ᠦᠨ ᠶᠡᠷᠦᠩᠬᠡᠶ ᠪᠠᠯᠠ ᠣᠷᠣᠭᠤᠯᠤᠯᠲᠠ 12493 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡᠨᠲᠡ 803 ᠲᠥᠷᠥᠯ ᠵᠦᠶ᠋ᠯ᠎ᠢ ᠨᠠᠢᠳᠠᠪᠤᠷᠢᠵᠢᠭᠤᠯᠪᠠ᠃
ᠡᠨᠡ ᠵᠢᠯ᠎ᠦᠨ 1 ᠰᠠᠷ᠎ᠠ᠎ᠳᠤ᠂ ᠪᠤᠭᠤᠲᠤ ᠬᠣᠲᠠ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠵᠥ ᠠᠪᠴᠢᠷᠠᠬᠤ ᠳᠤᠬᠠᠢ ᠨᠡᠢᠳᠡ 411 ᠠᠵᠤ ᠠᠬᠤᠢᠯᠠᠯ ᠲᠠᠢ ᠵᠤᠯᠭᠠᠯᠴᠠᠭ᠎ᠠ ᠠᠪᠴᠤ᠂ ᠨᠢᠭᠡᠨᠲᠡ 104 ᠲᠥᠷᠥᠯ ᠵᠦᠶ᠋ᠯ᠎ᠤᠨ ᠭᠡᠷ᠎ᠡ ᠲᠣᠭ᠍ᠲᠠᠵᠤ᠂ ᠬᠡᠯᠡᠯᠴᠡᠭᠡᠷ᠎ᠦᠨ ᠶᠡᠷᠦᠩᠬᠡᠶ ᠪᠠᠯᠠ ᠣᠷᠣᠭᠤᠯᠤᠯᠲᠠ ᠪᠠᠷᠤᠭ 1409.2 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡᠨᠲᠡ 53 ᠲᠥᠷᠥᠯ ᠵᠦᠶ᠋ᠯ᠎ᠢ ᠨᠠᠢᠳᠠᠪᠤᠷᠢᠵᠢᠭᠤᠯᠵᠤ᠂ 7 ᠲᠥᠷᠥᠯ ᠵᠦᠶ᠋ᠯ ᠨᠢ ᠨᠢᠭᠡᠨᠲᠡ ᠠᠵᠢᠯ ᠵᠢᠨᠨ ᠡᠬᠢᠯᠡᠭᠦᠯᠵᠡᠶ᠃
ᠡᠨᠡ ᠪᠣᠯ ᠨᠢᠭᠡᠨ ᠬᠢᠯᠠᠷᠠᠮᠠ ᠰᠠᠢᠬᠠᠨ《ᠬᠢᠷᠢ ᠪᠦᠲᠦᠮᠵᠢ᠎ᠶ᠋ᠢᠨ ᠬᠠᠭᠤᠳᠠᠰᠤ》 ᠪᠣᠯᠬᠤ᠎ᠶᠤᠮ᠃
ᠲᠡᠭᠡᠪᠡᠯ᠂ ᠶᠠᠮᠠᠷ ᠱᠢᠯᠲᠠᠭᠠᠨ ᠡᠴᠡ ᠪᠣᠯᠵᠤ ᠡᠨᠡ ᠬᠦ᠌ ᠥᠩᠭᠡᠷᠡᠭᠡᠭ᠌ᠰᠡᠨᠦ ᠠᠵᠤ ᠦᠶ᠋ᠯᠡᠳᠪᠦᠷᠢ᠎ᠶ᠋ᠢᠨ ᠬᠠᠭᠤᠴᠢᠨ ᠬᠣᠲᠠ ᠨᠢ ᠠᠮᠢᠵᠢᠷᠠᠯ᠎ᠤᠨ ᠬᠦᠴᠦᠨ ᠵᠢᠡᠨ ᠪᠠᠳᠠᠷᠠᠭᠤᠯᠵᠥ ᠴᠢᠳᠠᠬᠰᠠᠨ ᠪᠤᠯ?
《ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠣᠯ ᠬᠠᠮᠤᠭ᠎ᠤᠨ ᠭᠣᠣᠯ ᠱᠢᠯᠲᠠᠭᠠᠨ ᠪᠣᠯᠤᠨ᠎ᠠ》 ᠬᠡᠵᠥ ᠱᠤᠸᠠᠩ ᠯᠢᠶᠠᠩ ᠴᠠᠬᠢᠭᠤᠷ ᠮᠠᠲ᠋ᠧᠷᠢᠶᠠᠯ(ᠪᠤᠭᠤᠲᠤ) ᠤ᠋ᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠯᠢᠦ ᠭᠦᠸᠧᠶ᠌ᠢᠨ ᠶᠠᠷᠢᠨ᠎ᠠ᠃
ᠡᠭᠦᠨ᠎ᠤ ᠳᠤᠬᠠᠢ᠂ ᠬᠣᠩ ᠶᠤᠸᠠᠨ ᠱᠢᠨ᠎ᠡ ᠮᠠᠲ᠋ᠧᠷᠢᠶᠠᠯ(ᠪᠤᠭᠤᠲᠤ) ᠤ᠋ᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠴᠧᠨ ᠨᠢᠶᠠᠨ ᠬᠤᠸᠠᠢ ᠴᠸ᠋ ᠠᠳᠠᠯᠢᠬᠠᠨ ᠦᠢᠯᠠᠭᠠᠯᠳᠠ ᠳᠠᠢ ᠪᠠᠢᠵᠥ᠄ 《ᠲᠦᠷᠦ᠍᠎ᠶ᠋ᠢᠨ ᠪᠤᠳᠤᠯᠭ᠎ᠠ ᠬᠠᠮᠤᠭ᠎ᠤᠨ ᠱᠢᠯᠢᠳᠡᠭ᠂ ᠥᠪᠡᠷ᠎ᠦᠨ ᠦᠷᠳᠡᠭ ᠬᠠᠮᠤᠭ᠎ᠤᠨ ᠳᠣᠣᠷ᠎ᠠ᠂ ᠦᠷ᠎ᠡ ᠪᠦᠲᠦᠮᠵᠢ ᠬᠠᠮᠤᠭ᠎ᠤᠨ ᠦᠨᠳᠦᠷ᠂ ᠦᠢᠯᠡᠴᠢᠯᠡᠭᠡ ᠬᠠᠮᠤᠭ᠎ᠤᠨ ᠰᠠᠢ᠌ᠨ》ᠬᠡᠪᠡ᠃
ᠡᠨᠡ ᠪᠣᠯ ᠠᠵᠤ ᠠᠬᠤᠢᠯᠠᠯ᠎ᠤᠨ ᠦᠨᠡᠯᠡᠯᠲᠡ᠂ ᠮᠥᠨ ᠴᠦ᠍ ᠲᠡᠳᠡᠨ᠎ᠦ ᠬᠠᠮᠤᠭ᠎ᠤᠨ ᠪᠣᠳᠠᠲᠠᠢ ᠲᠦᠷᠦᠭᠳᠡᠯ ᠪᠣᠯᠤᠨ᠎ᠠ᠃
ᠡᠭᠦᠷ ᠪᠠᠷᠢᠵᠤ ᠭᠠᠷᠤᠳᠢ᠎ᠶ᠋ᠢ ᠤᠷᠤᠩᠨᠠᠭᠤᠯᠤᠨᠠ᠃ ᠬᠡᠷᠪᠡ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢᠯᠠᠩᠭᠤᠶ᠎ᠠ ᠲᠡᠷᠢᠭᠦᠨ ᠵᠡᠷᠭᠡ᠎ᠶ᠋ᠢᠨ ᠠᠵᠤ ᠦᠢᠯᠡᠰ᠎ᠤᠨ ᠠᠮᠢ ᠠᠬᠤᠢ ᠣᠷᠴᠢᠨ ᠲᠤᠭᠤᠷᠢᠨ ᠪᠠᠢᠬᠤ ᠦᠭᠡᠢ ᠪᠣᠯ᠂ ᠡᠨᠳᠡ ᠢᠷᠡᠵᠦ ᠪᠡᠯᠡ ᠤᠷᠤᠭᠤᠯᠤᠨ ᠦᠢᠯᠡᠰ ᠪᠤᠰᠬᠠᠬᠤ ᠤᠴᠢᠷ ᠪᠠᠢᠬᠤ ᠦᠭᠡᠢ ᠶᠤᠮ᠃
ᠲᠡᠷᠢᠭᠦᠨ ᠵᠡᠷᠭᠡ᠎ᠶ᠋ᠢᠨ ᠵᠠᠰᠠᠭ᠎ᠤᠨ ᠶᠠᠪᠤᠳᠠᠯ᠎ᠤᠨ ᠣᠷᠴᠢᠨ ᠲᠤᠭᠤᠷᠢᠨ᠂ ᠬᠠᠤᠯᠢᠵᠢᠯ᠎ᠤᠨ ᠣᠷᠴᠢᠨ ᠲᠤᠭᠤᠷᠢᠨ᠂ ᠠᠵᠤ ᠦᠶ᠋ᠯᠡᠰ᠎ᠦᠨ ᠠᠮᠢ ᠠᠬᠤᠶ ᠣᠷᠴᠢᠨ ᠳᠤᠭᠤᠷᠢᠨ᠂ ᠬᠣᠲᠠ᠎ᠶ᠋ᠢᠨ ᠣᠷᠴᠢᠨ ᠳᠤᠭᠤᠷᠢᠨ᠎ᠤ ᠪᠦᠳᠦᠬᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ ᠵᠢᠨ ᠳᠦᠯᠦᠬᠡ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭᠰᠡᠨ᠂ ᠳᠡᠯᠡᠬᠡᠢᠴᠢᠯᠡᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠦᠬᠦ ᠬᠦᠴᠦᠨ ᠵᠢᠡᠷ ᠵᠢᠡᠨ ᠪᠥᠲᠥᠭᠡᠨ ᠪᠠᠢᠭᠤᠯᠪᠠ᠃ 2 ᠰᠠᠷ᠎ᠠ᠎ᠶ᠋ᠢᠨ 4 ᠤ᠋ ᠡᠳᠦᠷ᠂ ᠪᠤᠭᠤᠲᠤ ᠬᠣᠲᠠ ᠪᠠᠰᠠ ᠪᠡᠭᠡᠵᠢᠩ᠂ ᠱᠠᠩᠬᠠᠶ᠂ ᠱᠧᠨᠵᠧᠨ ᠵᠡᠷᠭᠡ ᠭᠠᠵᠠᠷ᠎ᠤᠨ ᠠᠷᠭ᠎ᠠ ᠬᠢᠳᠡᠯ᠎ᠢᠶᠡᠷ ᠪᠠᠷᠢᠮᠵᠢᠶᠠᠯᠠᠵᠤ᠂ 100 ᠵᠤᠷᠪᠤᠰ ᠱᠢᠨ᠎ᠡ ᠲᠥᠷᠥ᠎ᠶ᠋ᠢᠨ ᠪᠣᠳᠣᠯᠭ᠎ᠠ ᠨᠡᠢᠲᠡᠯᠡᠵᠦ᠍ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠪᠡ᠂ ᠡᠨᠡ ᠪᠣᠯ ᠪᠤᠭᠤᠲᠤ ᠬᠣᠲᠠ ᠦᠷᠭᠦᠯᠵᠢᠯᠡᠨ ᠪᠥᠬᠥ᠌ ᠲᠠᠯ᠎ᠠ᠎ᠶ᠋ᠢᠨ ᠭᠦᠨ ᠳᠠᠪᠬᠤᠷᠭ᠎ᠠ᠎ᠶ᠋ᠢᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠬᠠᠷᠠᠯᠲᠠ ᠳᠠᠢᠰᠢ ᠤᠷᠤᠭ᠍ᠰᠢᠯᠠᠭ᠍ᠰᠠᠨ ᠪᠠᠰᠠ ᠨᠢᠭᠡᠨ ᠠᠮᠢᠳᠤᠯᠢᠭ ᠦᠶ᠋ᠯᠡᠳᠦᠯᠭᠡ ᠪᠣᠯᠤᠨ᠎ᠠ᠃
ᠱᠢᠨ᠎ᠡ ᠲᠥᠷᠥ᠎ᠶ᠋ᠢᠨ ᠪᠣᠳᠣᠯᠭ᠎ᠠ ᠨᠡᠢᠲᠡᠯᠡᠭ᠌ᠳᠡᠭ᠌ᠰᠡᠨ ᠲᠡᠷᠡ ᠡᠳᠦᠷ ᠰᠠᠢᠨ ᠦᠨᠡᠯᠡᠯᠲᠡ ᠮᠠᠰᠢ ᠤᠯᠠᠨ ᠪᠠᠢᠪᠠ᠃ ᠠᠷᠠᠳ᠎ᠤᠨ ᠰᠦᠯᠵᠢᠶ᠎ᠡ᠂ ᠱᠢᠨᠬᠤᠸᠠ ᠰᠦᠯᠵᠢᠶ᠎ᠡ᠂ ᠲᠥᠪ ᠤᠨ ᠷᠠᠳᠢᠤ᠋ ᠨᠡᠪᠲᠡᠷᠡᠭᠦᠯᠭᠡ ᠶ᠋ᠢᠨ ᠰᠦᠯᠵᠢᠶ᠎ᠡ ᠵᠡᠷᠭᠡ ᠲᠥᠪ᠎ᠦᠨ ᠭᠣᠣᠯ ᠵᠠᠭᠤᠴᠢᠯᠠᠭᠤᠷ᠎ᠤᠳ ᠬᠣᠢᠨ᠎ᠠ ᠬᠣᠢᠨ᠎ᠠ ᠡᠴᠡ᠎ᠪᠠᠨ ᠮᠡᠳᠡᠭᠡᠯᠡᠪᠠ᠃
ᠰᠦᠯᠵᠢᠶᠡᠨ ᠠᠷᠠᠳ ᠱᠢᠶᠤᠤ ᠴᠢ ᠴᠢ᠄ ᠬᠠᠷᠢᠴᠠᠩᠭᠤᠶ ᠪᠣᠢᠳᠠ ᠪᠦᠭ᠌ᠯᠡᠭᠦᠦ ᠪᠤᠯᠬᠤ ᠥᠪᠥᠷ ᠮᠣᠩᠭᠣᠯ᠎ᠤᠨ ᠪᠤᠭᠤᠲᠤ ᠬᠣᠲᠠ᠎ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠷᠴᠢᠮ ᠡᠢᠮᠦ᠍ ᠶᠡᠬᠡ ᠪᠠᠢᠬᠤ᠎ᠶ᠋ᠢ ᠪᠤᠳᠤᠵᠤ ᠣᠯᠤᠭ᠍ᠰᠠᠨ ᠥᠬᠡᠶ᠂ ᠡᠭᠦᠨ᠎ᠡᠴᠡ ᠲᠤᠬᠠᠶ᠎ᠶ᠋ᠢᠨ ᠭᠠᠵᠠᠷ᠎ᠤᠨ ᠵᠠᠰᠠᠭ᠎ᠤᠨ ᠣᠷᠳᠣᠨ᠎ᠤ ᠡᠷᠡᠰ ᠱᠢᠭᠤᠷᠬᠠᠶ᠎ᠪᠠᠷ ᠥᠭᠡᠷᠡᠴᠢᠯᠡᠯᠲᠡ ᠬᠢᠬᠦ᠌ ᠰᠥᠰᠥ᠍ ᠵᠣᠷᠢᠭ᠂ ᠡᠷᠡᠰ ᠵᠣᠷᠢᠭ ᠪᠠ ᠢᠲᠡᠭᠡᠯ ᠵᠣᠷᠢᠭ᠎ᠢ ᠮᠡᠳᠡᠵᠦ᠍ ᠪᠣᠯᠤᠨ᠎ᠠ ᠬᠡᠵᠥ ᠪᠢᠴᠢᠬᠡᠰᠤ ᠦᠯᠡᠳᠡᠬᠡᠪᠡ᠃
ᠣᠢᠯᠠᠭᠠᠭ᠍ᠰᠠᠨ᠎ᠢᠶᠠᠷ᠂ 2020 ᠣᠨ ᠡᠴᠡ ᠨᠠᠭᠠᠰᠢ᠂ ᠪᠤᠭᠤᠲᠤ ᠬᠣᠲᠠ ᠪᠥᠬᠥ᠌ ᠤᠯᠤᠰ᠎ᠤᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠬᠠᠷᠠᠯᠲᠠ᠎ᠶ᠋ᠢᠨ ᠲᠣᠭᠣᠷᠢᠨ ᠳᠤ 《ᠪᠤᠭᠤᠲᠤ ᠬᠣᠲᠠ ᠵᠢᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠠᠷᠭ᠎ᠠ ᠬᠡᠮᠵᠢᠶ᠎ᠡ ᠨᠦᠭᠦᠳ》᠂《ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠬᠣᠲᠠ᠎ᠶ᠋ᠢᠨ ᠬᠣᠷᠢᠶᠠᠨ᠎ᠤ ᠬᠡᠷᠡᠭ᠌ᠵᠢᠭᠦᠯᠬᠦ᠌ ᠰᠠᠨᠠᠯ》ᠵᠡᠷᠭᠡ ᠣᠯᠠᠨ ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠭ᠌ᠰᠡᠨ ᠪᠥᠭᠡᠳ《ᠪᠤᠭᠤᠲᠤ ᠬᠣᠲᠠ᠎ᠶ᠋ᠢᠨ ᠲᠡᠷᠢᠭᠦᠨ ᠵᠡᠷᠭᠡ᠎ᠶ᠋ᠢᠨ ᠠᠵᠤ ᠦᠶ᠋ᠯᠡᠰ᠎ᠤᠨ ᠠᠮᠢ ᠠᠬᠤᠶ ᠣᠷᠴᠢᠨ ᠳᠤᠭᠤᠷᠢᠨ᠎ᠢ ᠪᠣᠶ ᠪᠣᠯᠭᠠᠬᠤ ᠠᠵᠢᠯ᠎ᠤᠨ ᠲᠥᠰᠦᠯ》᠎ᠢ᠋ ᠲᠣᠭ᠍ᠲᠠᠭᠠᠵᠥ᠂ 《ᠵᠠᠬ᠎ᠠ ᠳᠡᠯᠭᠡᠭᠦᠷ᠂ ᠡᠯᠸᠮᠸᠨ᠋ᠲ᠂ ᠠᠮᠢ ᠠᠬᠤᠶ᠂ ᠠᠭᠤᠷ ᠠᠮᠢᠰᠭᠤᠯ》ᠵᠡᠷᠭᠡ 4 ᠲᠠᠯ᠎ᠠ᠎ᠶ᠋ᠢᠨ ᠲᠣᠭᠣᠷᠢᠨ᠎ᠳᠤ᠂ ᠭᠦᠶ᠋ᠴᠡᠳ ᠪᠦᠲᠦᠮᠵᠢᠲᠡᠶ ᠵᠠᠬ᠎ᠠ ᠳᠡᠯᠭᠡᠭᠦᠷ᠎ᠦᠨ ᠱᠢᠰᠲ᠋ᠧᠮ᠎ᠢ ᠪᠠᠢᠭᠤᠯᠵᠤ᠂ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠳᠦ ᠬᠡᠷᠡᠭ᠌ᠰᠡᠬᠦ᠌ ᠬᠥᠮᠦᠨ᠎ᠦ ᠬᠦᠴᠦᠨ᠂ ᠭᠠᠵᠠᠷ ᠱᠢᠷᠣᠶ᠂ ᠡᠨᠧᠷᠭᠢ᠂ ᠤᠰᠤ᠂ ᠪᠠᠯᠠ ᠮᠥᠩᠭᠥ᠌᠂ ᠪᠠᠷᠠᠭᠠᠨ᠎ᠤ ᠭᠦᠶ᠋ᠯᠭᠡᠭᠡ ᠵᠡᠷᠭᠡ ᠴᠢᠬᠤᠯᠠ ᠡᠯᠸᠮᠸᠨ᠋ᠲ᠎ᠢ ᠪᠦᠲᠦᠮᠵᠢᠲᠡᠶ ᠪᠠᠲᠤᠯᠠᠬᠤ᠎ᠪᠠᠷ ᠴᠢᠷᠮᠠᠢᠵᠤ᠂ ᠠᠵᠤ ᠦᠶ᠋ᠯᠡᠰ᠎ᠦᠨ ᠬᠥᠭ᠌ᠵᠢᠯᠲᠡ᠎ᠳᠦ ᠬᠡᠷᠡᠭ᠌ᠰᠡᠬᠦ᠌ ᠦᠶ᠋ᠯᠡᠳᠪᠦᠷᠢᠯᠡᠯ᠂ ᠪᠣᠷᠣᠯᠠᠭᠤᠯᠭ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠦᠶ᠋ᠯᠡᠴᠢᠯᠡᠭᠡ ᠵᠡᠷᠭᠡ ᠡᠯ᠎ᠡ ᠲᠠᠯ᠎ᠠ᠎ᠶ᠋ᠢᠨ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠡᠢᠭᠡᠮ ᠳᠠᠶᠠᠭᠠᠷ ᠲᠤ ᠠᠵᠤ ᠠᠬᠤᠢᠯᠠᠯ᠎ᠢ ᠬᠦᠨᠳᠦᠳᠭᠡᠬᠦ᠌᠂ ᠦᠶ᠋ᠯᠡᠰ ᠪᠤᠰᠬᠠᠬᠤ ᠪᠠ ᠬᠥᠳᠡᠯᠮᠦᠷᠢᠴᠢᠨ᠎ᠢ ᠬᠦᠨᠳᠦᠳᠭᠡᠬᠦ᠌᠂ ᠵᠠᠰᠠᠭ ᠬᠤᠳᠠᠯᠳᠤᠭᠠᠴᠢᠨ᠎ᠤ ᠬᠠᠷᠢᠴᠠᠭ᠎ᠠ ᠳᠣᠲᠣᠨᠣ ᠴᠢᠬᠡᠴᠢ ᠪᠦᠬᠦᠢ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠵᠤ᠂ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ᠂ ᠠᠵᠤ ᠦᠶ᠋ᠯᠡᠰ᠎ᠦᠨ ᠲᠠᠰ ᠳᠡᠪᠱᠢᠬᠦ᠌᠂ ᠠᠵᠤ ᠠᠬᠤᠢᠯᠠᠯ᠎ᠤᠨ ᠬᠥᠭ᠌ᠵᠢᠯᠲᠡ᠎ᠳᠦ ᠡᠨ᠋ᠸᠷᠬᠢ ᠣᠯᠭᠣᠨ᠎ᠠ ᠭᠡᠵᠦ᠍ ᠲᠣᠳᠣᠷᠬᠠᠶ ᠳᠤᠷᠠᠳᠤᠨ ᠭᠠᠷᠭᠠᠪᠠ᠃
ᠲᠡᠭᠡᠪᠡᠯ᠂ ᠠᠵᠤ ᠠᠬᠤᠢᠯᠠᠯ᠎ᠤᠨ ᠦᠶ᠋ᠯᠡᠳᠪᠦᠷᠢᠯᠡᠯ᠎ᠳᠦ ᠬᠡᠷᠡᠭ᠌ᠰᠡᠬᠦ᠌ ᠡᠯ᠎ᠡ ᠲᠥᠷᠥᠯ᠎ᠦᠨ ᠡᠯᠧᠮᠧᠨ᠋ᠲ᠎ᠢ ᠬᠡᠷᠬᠢᠨ ᠪᠦᠲᠦᠮᠵᠢᠲᠡᠶ ᠪᠠᠲᠤᠯᠠᠬᠤ ᠪᠣᠶ?
ᠪᠤᠭᠤᠲᠤ ᠬᠣᠲᠠ ᠠᠵᠤ ᠠᠬᠤᠢᠯᠠᠯ ᠪᠠᠢᠭᠤᠯᠵᠤ ᠳᠡᠩᠰᠡᠯᠡᠨ ᠲᠡᠮᠳᠡᠭ᠌ᠯᠡᠬᠦ᠌᠂ ᠲᠠᠮᠠᠭ᠎ᠠ ᠰᠡᠢᠯᠬᠦ᠌᠂ ᠪᠠᠷᠢᠮᠲᠠ ᠭᠤᠶᠤᠴᠢᠯᠠᠨ ᠠᠪᠬᠤ ᠵᠡᠷᠭᠡ 《ᠨᠢᠭᠡ ᠬᠡᠯᠬᠢᠶ᠎ᠡ》 ᠶ᠋ᠢᠨ ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌᠂ ᠬᠠᠭᠠᠰ ᠡᠳᠦᠷ᠎ᠲᠦ ᠭᠦᠶ᠋ᠴᠡᠳᠭᠡᠵᠦ᠍ ᠳᠠᠭᠤᠰᠭᠠᠬᠤ᠂ 《ᠥᠪᠡᠷ᠎ᠦᠨ ᠥᠷᠲᠡᠭ ᠥᠬᠡᠶ》᠂ 《ᠭᠠᠵᠠᠷ ᠠᠪᠤᠪᠠᠯ ᠳᠠᠷᠤᠶ ᠠᠵᠢᠯ ᠡᠬᠢᠯᠡᠭᠦᠯᠬᠦ᠌》 ᠲᠦᠷᠢᠮ᠎ᠢ ᠬᠡᠷᠡᠭ᠌ᠵᠢᠭᠦᠯᠪᠡ᠃ ᠨᠡᠢᠭᠡᠮ᠎ᠦᠨ ᠪᠡᠯᠡ ᠣᠷᠣᠭᠤᠯᠤᠯᠲᠠ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠦᠷᠦᠯ ᠵᠦᠢᠯ᠎ᠦᠨ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ ᠲᠤᠰ ᠲᠤᠰ 70%᠂ 50% ᠪᠡᠷ ᠪᠠᠭᠠᠰᠭᠠᠪᠠ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2021 ᠣᠨ᠎ᠳᠤ᠂ ᠪᠤᠭᠤᠲᠤ ᠬᠣᠲᠠ ᠳ᠋ᠤ ᠡᠯ᠎ᠡ ᠲᠥᠷᠥᠯ᠎ᠦᠨ 37524 ᠵᠠᠬ᠎ᠠ ᠳᠡᠯᠭᠡᠭᠦᠷ᠎ᠦᠨ ᠭᠤᠤᠯ ᠴᠣᠭ᠍ᠴᠠ ᠱᠢᠨ᠎ᠡ᠎ᠪᠡᠷ ᠨᠡᠮᠡᠭ᠌ᠳᠡᠵᠦ᠍᠂ ᠲᠦᠷᠦᠭᠦᠦ ᠵᠢᠯ᠎ᠦᠨ᠎ᠬᠢ᠎ᠡᠴᠡ 40% ᠪᠠᠷ ᠨᠡᠮᠡᠭ᠌ᠳᠡᠪᠡ᠃
ᠡᠨᠡ ᠪᠣᠯ ᠳᠠᠷᠤᠢ ᠪᠤᠭᠤᠲᠤ᠎ᠶ᠋ᠢᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠣᠨᠴᠠᠭᠠᠢᠯᠠᠨ ᠠᠵᠤ ᠦᠢᠯᠡᠰ᠎ᠤᠨ ᠠᠮᠢ ᠠᠬᠤᠢ ᠣᠷᠴᠢᠨ ᠲᠣᠭᠣᠷᠢᠨ᠎ᠢ ᠪᠦᠬᠦ᠌ ᠬᠦᠴᠦ᠍᠎ᠪᠡᠷ᠎ᠢᠶᠡᠨ ᠴᠣᠭ᠍ᠴᠠᠯᠠᠭ᠍ᠰᠠᠨᠤ ᠡᠷᠬᠢᠯᠳᠡᠳᠤ ᠦᠷ᠎ᠡ ᠠᠱᠢᠭ ᠪᠣᠯᠤᠨ᠎ᠠ᠃