ᠴᠡᠯᠡᠭᠡᠷ ᠲᠠᠯ᠎ᠠ ᠥᠩᠭᠡᠲᠦ ᠳ᠋ᠧᠩᠯᠤ ᠲᠠᠭᠤᠤ ᠬᠦᠭᠵᠢᠮ ᠤ᠋ᠨ ᠨᠠᠢᠷ ᠬᠦᠭᠵᠢᠶᠡᠨ ᠲᠠᠢ ᠶᠠᠪᠤᠭᠳᠠᠵᠦ ᠪᠤᠢ
2022-02-12 20:14:52
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠶ᠋ᠢᠨ ᠱᠢᠨ᠎ᠡ ᠶ᠋ᠢᠨ ᠨᠠᠶ᠋ᠮᠠᠨ ᠡᠴᠡ ᠡᠬᠢᠯᠡᠨ᠂ ᠠᠷᠪᠠᠨ ᠲᠠᠪᠤᠳᠤᠭᠠᠷ ᠬᠤᠭᠤᠴᠠᠭᠠᠨ ᠤ᠋ ᠪᠤᠭᠤᠮᠳᠠ ᠳ᠋ᠡᠬᠢ ᠬᠠᠭᠤᠴᠢᠨ ᠵᠡᠭᠡᠯᠢ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠦᠮ᠎ᠡ ᠶ᠋ᠢᠨ ᠴᠤᠭ᠍ᠯᠠᠭᠠᠨ ᠵᠢᠴᠢ ᠴᠡᠯᠡᠭᠡᠷ ᠲᠠᠯ᠎ᠠ ᠥᠩᠭᠡᠲᠦ ᠳ᠋ᠧᠩᠯᠦ ᠵᠢᠨ ᠲᠠᠭᠤᠤ ᠬᠥᠭ᠌ᠵᠢᠮ ᠤ᠋ᠨ ᠨᠠᠢᠷ ᠬᠥᠬᠡᠬᠣᠲᠠ ᠶ᠋ᠢᠨ ᠢᠦᠢᠴᠢᠤᠸᠠᠨ ᠲᠣᠭᠣᠷᠢᠭ ᠤ᠋ᠨ ᠶᠡᠬᠡ ᠵᠤᠤ ᠠᠭᠤᠳᠠᠮ ᠲᠠᠯᠠᠪᠠᠢ ᠳ᠋ᠤ ᠡᠳᠤᠷ ᠪᠦᠷᠢ ᠬᠦᠭᠵᠢᠶᠡᠨ ᠲᠠᠢ ᠶᠠᠪᠤᠭᠳᠠᠵᠤ ᠪᠤᠢ᠃ ᠲᠣᠰ ᠤᠳᠠᠭᠠᠨ ᠤ᠋ ᠠᠵᠢᠯᠯᠠᠭ᠎ᠠ ᠨᠢ ᠴᠠᠭᠠᠨ ᠰᠠᠷ᠎ᠠ ᠶ᠋ᠢᠨ ᠠᠷᠪᠠᠨ ᠲᠠᠪᠤᠨ ᠤ᠋ ᠡᠳᠤᠷ ᠪᠤᠯᠳᠠᠯ᠎ᠠ ᠶᠠᠪᠤᠭᠳᠠᠬᠤ ᠪᠤᠯᠤᠨ᠎ᠠ᠃

ᠤᠢᠯᠠᠭᠠᠭᠰᠠᠨ ᠵᠢᠡᠷ᠂ ᠡᠨᠡ ᠪᠣᠯ ᠮᠠᠨ ᠤ᠋ ᠤᠷᠤᠨ ᠳ᠋ᠡᠬᠢ ᠠᠩᠬᠠᠨ ᠤ᠋ ᠤᠳᠠᠭ᠎ᠠ ᠵᠢᠨ《ᠪᠣᠳᠠᠰ ᠤ᠋ᠨ ᠪᠤᠰᠤ ᠰᠣᠶᠣᠯ ᠤ᠋ᠨ ᠥᠪ》 ᠵᠢᠡᠷ ᠭᠣᠣᠯ ᠡᠯᠧᠮᠧᠨ᠋ᠲ ᠪᠣᠯᠭᠠᠭ᠍ᠰᠠᠨ ᠱᠢᠯᠢᠳᠡᠭ ᠤᠯᠠᠮᠵᠢᠯᠠᠯᠲᠤ ᠰᠣᠶᠣᠯ ᠤ᠋ᠨ ᠰᠦᠮ᠎ᠡ ᠶ᠋ᠢᠨ ᠴᠤᠭ᠍ᠯᠠᠭᠠᠨ ᠪᠣᠯᠤᠨ᠎ᠠ᠃ ᠠᠵᠢᠯᠯᠠᠭ᠎ᠠ ᠳ᠋ᠤ᠂ ᠬᠦᠬᠡᠬᠤᠳᠠ ᠣᠷᠣᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠯᠠᠮᠵᠢᠯᠠᠭ᠍ᠴᠢ ᠨᠠᠷ ᠴᠠᠭᠠᠨ ᠰᠠᠷ᠎ᠠ ᠶ᠋ᠢᠨ ᠮᠡᠨᠳᠦᠴᠢᠯᠡᠯ ᠬᠦᠷᠭᠡᠨ ᠪᠡᠬᠡᠵᠢᠩ ᠤ᠋ᠨ ᠡᠪᠤᠯ ᠤ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠢ᠋ ᠪᠡᠯᠭᠡᠯᠡᠬᠦ᠌᠎ᠳᠦ ᠱᠢᠨ᠎ᠡ ᠪᠦᠲᠦᠭᠡᠯ ᠬᠠᠨᠳᠢᠪᠯᠠᠵᠦ᠂ ᠢᠦᠢᠴᠢᠤᠸᠠᠨ ᠲᠣᠭᠣᠷᠢᠭ ᠤ᠋ᠨ ᠤᠯᠠᠭᠠᠨᠮᠥ᠋ᠴᠢᠷ ᠤ᠋ᠨ ᠬᠢᠨ ᠠᠷᠠᠳ ᠲᠦ᠍ ᠠᠱᠢᠭ ᠬᠦᠷᠲᠡᠭᠡᠬᠦ᠌ ᠲᠣᠭ᠍ᠯᠠᠯᠲᠠ ᠭᠠᠷᠭᠠᠨ᠂ 10 ᠭᠠᠷᠤᠢ 《ᠲᠤᠰᠬᠤᠨ ᠤ᠋ ᠨᠠᠭᠠᠳᠤᠮ ᠤ᠋ᠨ ᠠᠩᠬᠢ》 ᠡᠴᠡ ᠲᠣᠭ᠍ᠯᠠᠯᠲᠠ ᠭᠠᠷᠭᠠᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠵᠡᠷᠭᠡ 20 ᠱᠢᠬᠠᠮ  ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠦᠷᠦᠯ ᠵᠦᠢᠯ ᠢ᠋ ᠲᠤᠬᠠᠢ ᠶ᠋ᠢᠨ ᠲᠠᠯᠠᠪᠠᠢ ᠳ᠋ᠤ ᠳᠡᠯᠭᠡᠨ ᠦᠵᠡᠭᠦᠯᠵᠦ᠍᠂  ᠠᠬᠤᠢ ᠲᠠᠯᠠᠪᠠᠢ ᠳ᠋ᠤ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠳᠠᠳᠦ ᠢᠳᠡᠭᠡᠨ᠎ᠦ ᠵᠦᠢᠯ ᠢ᠋ ᠬᠢᠨᠠᠨ ᠱᠢᠯᠭᠠᠬᠤ ᠵᠡᠷᠭᠡ ᠠᠵᠢᠯᠯᠠᠭ᠎ᠠ ᠥᠷᠨᠢᠭᠦᠯᠵᠤ ᠪᠤᠢ᠃ ᠪᠠᠰᠠ 《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠯᠢᠭᠡᠷ ᠤ᠋ᠨ ᠴᠢᠭᠤᠯᠭᠠᠨ》᠂ 《ᠰᠦᠯᠵᠢᠶᠡᠨ᠎ᠦ ᠨᠡᠷᠡᠳᠦ ᠰᠠᠢ᠌ᠨ ᠲᠤᠷᠠᠴᠤᠳ ᠤ᠋ᠨ ᠱᠢᠭᠤᠳ ᠨᠡᠪᠲᠡᠷᠡᠭᠦᠯᠭᠡ》 ᠵᠡᠷᠭᠡ ᠠᠵᠢᠯᠯᠠᠭ᠎ᠠ ᠶ᠋ᠢ ᠵᠣᠬᠢᠶᠠᠨ ᠪᠠᠢᠭᠤᠯᠵᠤ᠂ ᠥᠷᠭᠡᠨ ᠤᠯᠠᠨ ᠬᠤᠳᠠ ᠶ᠋ᠢᠨ ᠠᠷᠠᠳ ᠪᠣᠯᠤᠨ ᠬᠤᠯᠠ ᠤᠢᠷ᠎ᠠ ᠵᠢᠨ ᠵᠢᠭᠤᠯᠴᠢᠯᠠᠭᠰᠠᠳ ᠲᠦ᠍ 《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠶᠣᠯ》 ᠢ᠋ ᠮᠡᠳᠡᠷᠡᠭᠦᠯᠵᠤ ᠪᠤᠢ᠃ ᠴᠠᠭᠠᠨ ᠰᠠᠷ᠎ᠠ ᠡᠴᠡ ᠨᠠᠭᠠᠰᠢ᠂ ᠬᠦᠬᠡᠬᠤᠳᠠ ᠵᠢᠨ ᠪᠤᠭᠤᠮᠳᠠ ᠳ᠋ᠡᠬᠢ ᠬᠠᠭᠤᠴᠢᠨ ᠵᠡᠭᠡᠯᠢ ᠶ᠋ᠢᠨ ᠠᠭᠤᠳᠠᠮ ᠲᠠᠯᠠᠪᠠᠶ ᠨᠢ ᠠᠷᠠᠳ ᠣᠯᠠᠨ ᠤ᠋ ᠪᠠᠶᠠᠷ ᠪᠠᠶᠠᠰᠭᠤᠯᠠᠩᠲᠤ ᠨᠠᠭᠠᠳᠤᠮ ᠤ᠋ᠨ ᠳᠠᠯᠠᠪᠠᠢ ᠪᠣᠯᠵᠣ᠂ ᠡᠳᠦᠷ ᠪᠦᠷᠢ ᠬᠡᠳᠦᠨ ᠠᠷᠪᠠᠨ 《ᠲᠤᠰᠬᠤᠨ ᠤ᠋ ᠨᠠᠭᠠᠳᠤᠮ ᠤ᠋ᠨ ᠠᠩᠬᠢ》᠂ ᠶᠠᠩᠭᠠᠷ ᠪᠥᠵᠢᠭ ᠤ᠋ᠨ ᠠᠩᠭᠢ᠂ ᠭᠤᠳᠤᠮᠵᠢ  ᠵᠢᠨ  ᠪᠥᠵᠢᠭ ᠪᠤᠯᠤᠨ ᠠᠭᠤᠳᠠᠮ ᠲᠠᠯᠠᠪᠠᠶ ᠶ᠋ᠢᠨ ᠪᠥᠵᠢᠭ ᠤ᠋ᠨ ᠲᠣᠭ᠍ᠯᠠᠯᠲᠠ ᠶ᠋ᠢᠨ ᠠᠩᠭᠢ ᠵᠢᠨ ᠬᠢᠨ ᠡᠨᠳᠡ ᠤᠷ᠎ᠠ ᠠᠪᠢᠶᠠᠰ ᠵᠢᠨᠨ ᠭᠠᠢᠬᠠᠭᠤᠯᠵᠤ᠂ ᠴᠠᠭᠠᠨ ᠰᠠᠷ᠎ᠠ ᠶ᠋ᠢᠨ ᠪᠠᠶᠠᠷ ᠪᠠᠶᠠᠰᠤᠯ ᠢ᠋ ᠤᠯᠠᠨ ᠳ᠋ᠤ ᠬᠦᠷᠬᠡᠵᠤ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号