ᠳ᠋ᠠᠢᠲ᠋ᠠ ᠵᠢ ᠬᠣᠯᠪᠣᠯᠳᠤᠭᠤᠯᠤᠨ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂
ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠰᠠᠢᠵᠢᠷᠠᠭᠤᠯᠬᠤ ᠪᠣᠯ ᠬᠤᠳᠠᠯᠳᠤᠭ᠎ᠠ
ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢᠨ ᠴᠢᠬᠤᠯᠠ᠎ᠠᠴᠠ ᠴᠢᠬᠤᠯᠠ᠂ ᠪᠠᠴᠢᠮ᠎ᠠᠴᠠ ᠪᠠᠴᠢᠮ
ᠶᠠᠪᠤᠳᠠᠯ ᠪᠣᠯᠤᠨ᠎ᠠ᠃
ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠣᠷᠣᠨ ᠡᠨᠡ ᠬᠦ᠌ ᠠᠵᠢᠯ᠎ᠳᠤ ᠬᠦᠴᠦᠨ᠎ᠢᠶᠡᠨ
ᠲᠥᠪᠯᠡᠷᠡᠭᠦᠯᠦᠨ ᠪᠣᠭᠣᠮᠲᠠ ᠱᠢᠪᠲᠤᠯᠵᠤ᠂ ᠰᠦᠯᠵᠢᠶ᠎ᠡ ᠬᠤᠯᠪᠤᠯᠳᠤᠭᠰᠠᠨ᠂ ᠳ᠋ᠠᠢᠲ᠋ᠠ ᠬᠤᠯᠪᠤᠯᠳᠤᠭᠰᠠᠨ᠂ ᠲᠤᠬᠠᠢᠯᠠᠭ᠍ᠰᠠᠨ
ᠠᠵᠢᠯ ᠬᠤᠯᠪᠤᠯᠳᠤᠭᠰᠠᠨ ᠪᠠᠢᠳᠠᠯ᠎ᠢ ᠠᠩᠬ᠎ᠠ ᠠᠯᠬᠤᠮ ᠪᠡᠶᠡᠯᠡᠭᠦᠯᠪᠡ᠃ ᠡᠳᠦᠭᠡ᠂ ᠪᠥᠬᠥ᠌ ᠣᠷᠣᠨ᠎ᠤ 《ᠨᠢᠭᠡ ᠰᠦᠯᠵᠢᠶ᠎ᠡ᠎ᠪᠡᠷ ᠪᠦᠬᠦᠨ᠎ᠢ ᠭᠦᠢᠴᠡᠳᠭᠡᠬᠦ᠌》 ᠠᠵᠢᠯ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ
ᠱᠠᠲᠤᠨ᠎ᠤ 41 ᠠᠵᠢᠯ ᠲᠥᠷᠥᠯ᠎ᠤᠨ ᠮᠡᠳᠡᠭᠡ
ᠵᠠᠩᠭᠢ᠎ᠶ᠋ᠢᠨ ᠱᠢᠰᠲ᠋ᠧᠮ ᠬᠢᠭᠡᠳ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ
ᠲᠠᠪᠴᠠᠩ ᠬᠤᠯᠪᠤᠯᠳᠤᠨ ᠨᠡᠪᠲᠡᠷᠡᠯᠴᠡᠬᠦ᠌᠎ᠶ᠋ᠢ ᠪᠡᠶᠡᠯᠡᠭᠦᠯᠵᠦ᠍᠂ ᠳ᠋ᠠᠢᠲ᠋ᠠ᠎ᠶ᠋ᠢ ᠬᠠᠮᠲᠤ ᠪᠠᠷ ᠡᠳ᠋ᠯᠡᠬᠦ
ᠲᠣᠭ᠍ᠲᠠᠴᠠ᠎ᠶ᠋ᠢ ᠦᠨᠳᠦᠰᠦᠨ᠎ᠳᠡᠭᠡᠨ ᠪᠠᠢᠭᠤᠯᠵᠤ᠂ 《ᠮᠥᠩᠬᠡ ᠰᠤᠪᠠᠭ》᠎ᠤ᠋ᠨ ᠦᠶ᠋ᠯᠡᠴᠢᠯᠡᠭᠡᠨ᠎ᠦ ᠴᠢᠳᠠᠮᠵᠢ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠵᠠᠰᠠᠭ᠎ᠤᠨ
ᠶᠠᠪᠤᠳᠠᠯ᠎ᠤᠨ ᠦᠶ᠋ᠯᠡᠴᠢᠯᠡᠭᠡᠨ᠎ᠦ ᠨᠠᠩ ᠣᠯᠠᠨ ᠵᠦᠶ᠋ᠯᠡᠰ᠎ᠢ ᠰᠦᠯᠵᠢᠶ᠎ᠡ᠎ᠪᠡᠷ ᠭᠦᠶ᠋ᠴᠡᠳᠭᠡᠬᠦ᠌᠂ ᠠᠯᠠᠭᠠᠨ ᠳᠡᠭᠡᠷ᠎ᠡ᠎ᠪᠡᠨ
ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠎ᠶ᠋ᠢ ᠪᠡᠶᠡᠯᠡᠭᠦᠯᠪᠡ᠃ ᠵᠠᠰᠠᠭ᠎ᠤᠨ ᠣᠷᠳᠣᠨ᠎ᠤ ᠲᠣᠭᠠᠴᠢᠯᠠᠯᠲᠠ
ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ᠎ᠨᠢ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ
ᠬᠤᠪᠢᠷᠠᠭᠤᠯᠬᠤ᠂ ᠵᠠᠬ᠎ᠠ ᠳᠡᠯᠭᠡᠭᠦᠷ᠎ᠦᠨ ᠡᠷᠬᠡ ᠲᠡᠭ᠌ᠰᠢ ᠥᠷᠢᠰᠥᠯᠳᠦᠭᠡᠨ᠎ᠢ ᠠᠬᠢᠭᠤᠯᠬᠤ᠎ᠳᠤ ᠠᠱᠢᠭ᠍ᠲᠠᠶ ᠪᠠᠢᠵᠤ᠂
ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌᠂ ᠠᠵᠤ ᠠᠬᠤᠢᠯᠠᠯ ᠪᠠ ᠣᠯᠠᠨ ᠲᠦᠮᠡᠨ᠎ᠦ
ᠤᠴᠢᠷ ᠶᠠᠪᠤᠳᠠᠯ᠎ᠢᠶᠡᠨ ᠭᠦᠶ᠋ᠴᠡᠳᠭᠡᠬᠦ᠌᠎ᠳᠦ ᠨᠠᠩ ᠳᠥᠭᠥᠮ ᠳᠥᠲᠡ ᠥᠨᠳᠥᠷ ᠪᠦᠲᠦᠮᠵᠢᠲᠡᠶ ᠪᠣᠯᠭᠠᠬᠤ᠎ᠳᠤ ᠠᠱᠢᠭ᠍ᠲᠠᠶ
ᠪᠠᠢᠵᠤ᠂ ᠰᠤᠷᠲᠠᠯ᠎ᠤᠨ ᠠᠷᠬᠠᠭ ᠬᠡᠮ᠎ᠢ ᠴᠡᠭ᠌ᠴᠡᠯᠡᠨ ᠵᠠᠰᠠᠵᠤ᠂ ᠢᠯᠵᠠᠷᠠᠯ᠎ᠤᠨ ᠳᠤᠲᠠᠭᠳᠠᠯ᠎ᠢ ᠨᠥᠬᠥᠪᠥᠷᠢᠯᠡᠵᠦ᠍᠂
ᠠᠷᠢᠭᠤᠨ ᠴᠢᠬᠡᠴᠢ ᠬᠡᠯᠪᠡᠷᠢ᠎ᠶ᠋ᠢᠨ ᠵᠠᠰᠠᠭ᠎ᠤᠨ ᠣᠷᠳᠣᠨ᠎ᠢ ᠪᠠᠢᠭᠤᠯᠬᠤ᠎ᠳᠤ ᠠᠱᠢᠭ᠍ᠲᠠᠶ ᠪᠠᠢᠵᠤ᠂ ᠨᠢᠭᠡ ᠯᠡ
ᠳᠡᠭᠡᠷ᠎ᠡ ᠣᠯᠠᠨ ᠶᠠᠪᠤᠳᠠᠯ᠎ᠢ ᠪᠦᠲᠦᠭᠡᠭ᠌ᠰᠡᠨ ᠭᠡᠰᠡᠨ᠎ᠢ ᠦᠢᠯᠡᠳᠦᠯᠭᠡ ᠬᠡᠷᠡᠴᠢᠯᠡᠪᠡ᠃
ᠵᠠᠰᠠᠭ᠎ᠤᠨ ᠣᠷᠳᠣᠨ᠎ᠤ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ
ᠠᠬᠢᠭᠤᠯᠬᠤ ᠪᠣᠯ ᠠᠵᠤ ᠠᠬᠤᠢᠯᠠᠯ ᠪᠣᠯᠤᠨ ᠤᠯᠠᠨ ᠲᠦᠮᠡᠨ᠎ᠦ ᠲᠤᠯᠭᠠᠮ ᠬᠦᠰᠡᠯ ᠡᠷᠡᠮᠡᠯᠵᠡᠯ ᠮᠥᠨ᠂ ᠴᠠᠭ ᠦᠶ᠎ᠡ᠎ᠶ᠋ᠢᠨ
ᠬᠥᠭ᠌ᠵᠢᠯᠲᠡ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌᠎ᠶ᠋ᠢᠨ ᠵᠠᠢᠯᠠᠰᠢ
ᠦᠭᠡᠢ ᠱᠠᠭᠠᠷᠳᠠᠯᠭ᠎ᠠ ᠮᠥᠨ᠃ ᠲᠡᠦᠬᠡᠨ ᠥᠷᠢᠲᠦᠯ ᠳᠡᠩᠳᠡᠭᠦᠦ ᠶᠡᠬᠡ᠎ᠡᠴᠡ ᠪᠣᠯᠵᠣ᠂ ᠣᠳᠣᠬᠠᠨ᠎ᠳᠤ ᠰᠦᠯᠵᠢᠶᠡᠨ
ᠳᠡᠭᠡᠷᠡᠬᠢ ᠦᠶ᠋ᠯᠡᠴᠢᠯᠡᠭᠡᠨ᠎ᠦ ᠵᠦᠶ᠋ᠯᠡᠰ ᠪᠦᠷᠢᠨ ᠪᠤᠰᠤ᠂ ᠮᠡᠳᠡᠭᠡ ᠵᠠᠩᠭᠢ᠎ᠶ᠋ᠢᠨ ᠱᠢᠰᠲ᠋ᠧᠮ᠎ᠦᠨ ᠬᠣᠯᠪᠣᠭ᠎ᠠ
ᠰᠢᠭᠤᠳ ᠱᠢᠯᠤᠭᠤᠨ ᠪᠢᠰᠢ᠂ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ᠌ ᠬᠡᠮᠵᠢᠶ᠎ᠡ ᠥᠨᠳᠥᠷ ᠪᠢᠰᠢ ᠵᠡᠷᠭᠡ ᠠᠰᠠᠭᠤᠳᠠᠯ
ᠮᠥᠨ ᠣᠷᠣᠱᠢᠵᠤ ᠪᠠᠢᠨ᠎ᠠ᠃ ᠪᠢᠳᠡ ᠡᠷᠬᠡᠪᠰᠢ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠴᠢᠩᠭ᠎ᠠ ᠬᠠᠲᠠᠭᠤ
ᠵᠣᠷᠢᠭ ᠰᠠᠨᠠᠭ᠎ᠠ᠎ᠪᠠᠷ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠪᠠᠨ ᠬᠤᠪᠢᠷᠠᠭᠤᠯᠬᠤ᠂ ᠦᠢᠯᠡᠴᠢᠯᠡᠭᠡᠨ᠎ᠦ
ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠤ᠂ ᠵᠠᠰᠠᠭ᠎ᠤᠨ ᠣᠷᠳᠣᠨ᠎ᠤ ᠲᠣᠭᠠᠴᠢᠯᠠᠯᠲᠠ ᠲᠡᠢᠰᠢ ᠬᠡᠯᠪᠡᠷᠢ᠎ᠪᠡᠨ
ᠬᠤᠪᠢᠷᠠᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ 《ᠨᠢᠭᠡ ᠰᠦᠯᠵᠢᠶ᠎ᠡ᠎ᠪᠡᠷ ᠪᠦᠬᠦᠨ᠎ᠢ
ᠭᠦᠢᠴᠡᠳᠭᠡᠬᠦ᠌》 ᠶ᠋ᠢ ᠪᠥᠬᠥ᠌ ᠲᠠᠯ᠎ᠠ᠎ᠪᠠᠷ ᠲᠡᠯᠭᠡᠷᠡᠭᠦᠯᠦᠨ ᠬᠡᠷᠡᠭ᠌ᠵᠢᠭᠦᠯᠵᠦ᠍᠂
ᠡᠷᠴᠢᠮ᠎ᠢᠶᠡᠨ ᠴᠢᠩᠭᠠᠷᠠᠭᠤᠯᠤᠨ᠂ ᠠᠬᠢᠴᠠ᠎ᠪᠠᠨ ᠲᠦᠷᠭᠡᠳᠭᠡᠵᠦ᠍᠂ ᠠᠯᠢ ᠲᠦᠷᠭᠡᠨ᠎ᠢᠶᠡᠷ ᠦᠷ᠎ᠡ ᠪᠦᠲᠦᠮᠵᠢ ᠣᠯᠵᠤ᠂
《ᠨᠢᠭᠡ ᠰᠦᠯᠵᠢᠶ᠎ᠡ᠎ᠪᠡᠷ ᠪᠦᠬᠦᠨ᠎ᠢ ᠭᠦᠢᠴᠡᠳᠭᠡᠬᠦ᠌》 ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠡᠯ᠎ᠡ ᠬᠦᠷᠢᠶ᠎ᠡ ᠡᠯ᠎ᠡ ᠭᠣᠭ᠍ᠴᠣᠭ᠎ᠠ᠎ᠶ᠋ᠢᠨ
ᠪᠥᠲᠥᠭᠡᠨ ᠪᠠᠢᠭᠤᠯᠤᠯᠲᠠ᠎ᠶ᠋ᠢ ᠶᠡᠷᠦᠩᠬᠡᠢᠯᠡᠨ ᠵᠢᠯᠣᠭᠤᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ
ᠱᠢᠯᠢᠳᠡᠭ᠌ᠵᠢᠭᠦᠯᠬᠦ᠌ 《ᠬᠤᠷᠳᠤᠴᠠ ᠵᠢ ᠨᠡᠮᠡᠭᠳᠡᠭᠦᠯᠬᠦ》 ᠳ᠋ᠤ᠌ ᠬᠦᠴᠦᠨ ᠨᠡᠮᠡᠷᠢᠯᠡᠬᠦ᠌ ᠬᠡᠷᠡᠭ᠌ᠲᠡᠶ᠃ 《ᠨᠢᠭᠡ ᠰᠦᠯᠵᠢᠶ᠎ᠡ᠎ᠪᠡᠷ ᠪᠦᠬᠦᠨ᠎ᠢ ᠭᠦᠢᠴᠡᠳᠭᠡᠬᠦ᠌》 ᠶ᠋ᠢ ᠲᠡᠯᠭᠡᠷᠡᠭᠦᠯᠦᠨ ᠬᠡᠷᠡᠭ᠌ᠵᠢᠭᠦᠯᠬᠦ᠌᠎ᠶ᠋ᠢ ᠵᠠᠰᠠᠭ ᠵᠠᠬᠢᠷᠭᠠᠨ᠎ᠤ ᠪᠠᠢᠭᠤᠯᠤᠮᠵᠢ
ᠵᠢᠨ ᠥᠭᠡᠷᠡᠴᠢᠯᠡᠯᠲᠡ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠶ᠋ᠢ ᠬᠤᠪᠢᠷᠠᠭᠤᠯᠬᠤᠯᠤᠭᠠ ᠣᠷᠭᠠᠨᠢᠭ᠎ᠢᠶᠠᠷ
ᠤᠶᠠᠯᠳᠤᠭᠤᠯᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠵᠢᠷᠤᠮᠵᠢᠭᠤᠯᠤᠨ ᠡᠮᠬᠢᠯᠡᠵᠦ᠍᠂
ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢᠨ ᠰᠦᠯᠵᠢᠶᠡᠨ ᠳᠡᠭᠡᠷ᠎ᠡ ᠭᠦᠢᠴᠡᠳᠭᠡᠬᠦ ᠲᠡᠢᠰᠢ ᠱᠢᠯᠵᠢᠭᠦ᠂
ᠲᠤᠬᠠᠢᠯᠠᠭ᠍ᠰᠠᠨ ᠠᠵᠢᠯ᠎ᠤᠨ ᠬᠠᠮᠵᠢᠯᠴᠠᠭ᠎ᠠ᠎ᠶ᠋ᠢ ᠪᠡᠶᠡᠯᠡᠭᠦᠯᠬᠦ᠌᠎ᠳᠦ ᠰᠠᠭᠤᠷᠢ ᠵᠢ ᠰᠠᠢᠲᠤᠷ ᠲᠠᠯᠪᠢᠬᠤ ᠬᠡᠷᠡᠭ᠌ᠲᠡᠶ᠃ 《ᠮᠡᠳᠡᠭᠡ ᠵᠠᠩᠭᠢ᠎ᠶ᠋ᠢᠨ ᠲᠦᠭᠵᠢᠮᠡᠯ ᠪᠠᠢᠳᠠᠯ》᠎ᠢ᠋
ᠲᠤᠢᠯᠪᠤᠷᠢᠲᠠᠢ ᠡᠪᠳᠡᠵᠦ᠍᠂ ᠳ᠋ᠠᠢᠲ᠋ᠠ᠎ᠶ᠋ᠢᠨ ᠬᠤᠯᠪᠤᠯᠳᠤᠨ ᠬᠠᠮᠲᠤ᠎ᠪᠠᠷ ᠡᠳ᠋ᠯᠡᠬᠦ᠌᠎ᠶ᠋ᠢ ᠦᠨᠡᠨ ᠬᠦ᠌ ᠪᠡᠶᠡᠯᠡᠭᠦᠯᠬᠦ᠌
ᠬᠡᠷᠡᠭ᠌ᠲᠡᠢ᠃ ᠲᠣᠭᠠᠴᠢᠯᠠᠭ᠍ᠰᠠᠨ ᠵᠠᠰᠠᠭ᠎ᠤᠨ ᠣᠷᠳᠣᠨ᠎ᠤ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ᠂ 《ᠨᠢᠭᠡ ᠰᠦᠯᠵᠢᠶ᠎ᠡ᠎ᠪᠡᠷ ᠪᠦᠬᠦᠨ᠎ᠢ ᠭᠦᠢᠴᠡᠳᠭᠡᠬᠦ᠌》᠂ 《ᠨᠢᠭᠡ ᠰᠦᠯᠵᠢᠶ᠎ᠡ᠎ᠪᠡᠷ ᠨᠢᠭᠡᠳᠦᠯᠲᠡᠢ ᠬᠠᠮᠢᠶᠠᠷᠬᠤ》 ᠪᠡᠷ ᠭᠠᠷᠳᠠᠴᠠ ᠪᠣᠯᠭᠠᠵᠤ᠂ ᠵᠣᠷᠢᠭ᠍ᠲᠠᠢ᠎ᠪᠠᠷ ᠬᠢᠳᠤᠭᠠᠨᠤ ᠢᠷ᠎ᠢ ᠳᠣᠲᠣᠭ᠍ᠰᠢ ᠬᠠᠨᠳᠤᠭᠤᠯᠵᠤ᠂
ᠵᠠᠰᠠᠭ᠎ᠤᠨ ᠣᠷᠳᠣᠨ᠎ᠤ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂
ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠭᠦᠢᠴᠡᠳ ᠠᠱᠢᠭ᠍ᠯᠠᠨ ᠵᠠᠰᠠᠯᠲᠠ᠎ᠶ᠋ᠢᠨ ᠵᠠᠭ᠍ᠪᠤᠷ ᠪᠣᠯᠤᠨ
ᠦᠢᠯᠡᠴᠢᠯᠡᠭᠡᠨ᠎ᠦ ᠠᠷᠭ᠎ᠠ ᠬᠡᠯᠪᠡᠷᠢ᠎ᠶ᠋ᠢᠨ ᠬᠤᠪᠢᠰᠤᠯᠲᠠ᠎ᠶ᠋ᠢ ᠠᠬᠢᠭᠤᠯᠪᠠᠯ ᠤᠯᠠᠨ ᠲᠦᠮᠡᠨ᠎ᠢ ᠳᠤᠲᠠᠭᠤ ᠭᠦᠶᠦᠯᠭᠡᠵᠦ᠍᠂
ᠮᠡᠳᠡᠭᠡ ᠵᠠᠩᠭᠢ᠎ᠶ᠋ᠢ ᠢᠯᠡᠭᠦᠦ ᠭᠦᠶᠦᠯᠭᠡᠵᠦ᠍᠂ ᠠᠵᠤ ᠠᠬᠤᠢᠯᠠᠯ᠎ᠳᠤ ᠠᠱᠢᠭᠲᠠᠢ ᠠᠷᠠᠳ᠎ᠲᠤ ᠲᠦᠬᠦᠮ ᠦᠵᠡᠭᠦᠯᠬᠦ᠌᠎ᠶ᠋ᠢ
ᠬᠠᠮᠤᠭ᠎ᠤᠨ ᠶᠡᠬᠡ ᠬᠡᠮᠵᠢᠶ᠎ᠡ᠎ᠪᠡᠷ ᠪᠡᠶᠡᠯᠡᠭᠦᠯᠵᠦ᠍ ᠴᠢᠳᠠᠨ᠎ᠠ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠣᠯ
ᠨᠢᠭᠡ ᠤᠳᠠᠭᠠᠨ᠎ᠤ ᠲᠠᠰᠤᠷᠠᠯᠲᠠ ᠥᠬᠡᠶ ᠦᠷᠭᠦᠯᠵᠢᠯᠡᠭ᠌ᠰᠡᠨ ᠪᠠᠢᠭᠤᠯᠤᠮᠵᠢ ᠵᠢᠨ ᠥᠭᠡᠷᠡᠴᠢᠯᠡᠯᠲᠡ ᠪᠠ ᠲᠦᠷᠢᠮ᠎ᠦᠨ
ᠱᠢᠨ᠎ᠡ ᠡᠭᠦᠳᠦᠯᠲᠡ ᠮᠥᠨ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠲᠣᠭᠠᠴᠢᠯᠠᠭ᠍ᠰᠠᠨ
ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠠᠬᠢᠭᠤᠯᠬᠤ᠎ᠨᠢ ᠲᠤᠢᠯ᠎ᠤᠨ ᠴᠢᠬᠤᠯᠠ ᠶᠤᠮ᠃ ᠡᠯ᠎ᠡ ᠱᠠᠲᠤ ᠡᠯ᠎ᠡ ᠰᠠᠯᠠᠭ᠎ᠠ
ᠮᠥᠴᠢᠷ᠎ᠦᠨ᠎ᠬᠢᠨ ᠡᠷᠬᠡᠪᠰᠢ ᠦᠵᠡᠯ ᠰᠠᠨᠠᠭᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ ᠪᠡᠷᠨᠢᠭᠡᠲᠦᠯᠲᠡᠢ ᠪᠠᠢᠵᠤ᠂
ᠴᠢᠬᠤᠯᠠᠴᠢᠯᠠᠨ ᠦᠵᠡᠵᠦ᠍᠂ ᠨᠠᠩ ᠣᠯᠠᠨ ᠪᠣᠳᠠᠲᠠᠶ ᠠᠷᠭ᠎ᠠ ᠬᠡᠮᠵᠢᠶ᠎ᠡ ᠱᠢᠨ᠎ᠡ ᠠᠷᠭ᠎ᠠ ᠬᠡᠮᠵᠢᠶ᠎ᠡ ᠴᠢᠩᠭ᠎ᠠ
ᠠᠷᠭ᠎ᠠ ᠬᠡᠮᠵᠢᠶ᠎ᠡ ᠠᠪᠴᠤ᠂ ᠮᠡᠷᠭᠡᠵᠢᠯ᠎ᠦᠨ ᠬᠤᠪᠢᠰᠤᠯᠲᠠ᠂ ᠲᠤᠬᠠᠢᠯᠠᠭ᠍ᠰᠠᠨ ᠠᠵᠢᠯ᠎ᠤᠨ ᠬᠤᠪᠢᠰᠤᠯᠲᠠ᠂ ᠦᠶ᠋ᠯᠡᠴᠢᠯᠡᠭᠡᠨ᠎ᠦ
ᠬᠤᠪᠢᠰᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠲᠣᠭᠠᠴᠢᠯᠠᠭ᠍ᠰᠠᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ
ᠠᠯᠬᠤᠮ᠎ᠢ ᠲᠦᠷᠭᠡᠳᠭᠡᠵᠦ᠍᠂ ᠵᠠᠰᠠᠭ᠎ᠤᠨ ᠣᠷᠳᠣᠨ᠎ᠤ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ
ᠵᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠬᠤᠳᠠᠯᠳᠤᠭ᠎ᠠ ᠡᠷᠬᠢᠯᠡᠬᠦ
ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠬᠡᠷᠡᠭ᠌ᠲᠡᠶ᠃