— ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌ ᠪᠦᠬᠦᠯᠢ ᠴᠤᠭᠴᠠᠵᠢᠨ ᠪᠤᠭᠤᠮᠳᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠲᠤᠬᠠᠶ ᠵᠢᠷᠭᠤᠭᠠᠨᠲᠠ ᠥᠭᠦᠯᠡᠬᠦ᠌ ᠨᠢ
ᠲᠤᠰ ᠰᠣᠨᠢᠨ᠎ᠤ ᠱᠢᠭᠦᠮᠵᠢᠯᠡᠭ᠌ᠴᠢ
ᠬᠠᠤᠯᠢᠵᠢᠯ ᠪᠣᠯ ᠬᠤᠳᠠᠯᠳᠤᠭ᠎ᠠ ᠡᠷᠬᠢᠯᠡᠬᠦ ᠬᠠᠮᠤᠭ᠎ᠤᠨ ᠰᠠᠢ᠌ᠨ ᠣᠷᠴᠢᠨ ᠨᠥᠬᠥᠴᠡᠯ ᠮᠥᠨ᠃
ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠡᠷᠬᠡᠪᠰᠢ ᠬᠠᠤᠯᠢᠵᠢᠯ᠎ᠤᠨ ᠰᠡᠳᠭᠢᠬᠦᠢ᠎ᠪᠡᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠶᠡᠷᠦᠩᠬᠡᠢᠯᠡᠨ ᠵᠢᠯᠣᠭᠣᠳᠭᠤ ᠬᠡᠷᠡᠭ᠌ᠲᠡᠢ᠃ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠬᠤ᠎ᠶ᠋ᠢ ᠨᠡᠩ ᠲᠤᠪᠤᠢ᠌ᠮ᠎ᠠ ᠪᠠᠢᠷᠢᠨ᠎ᠳᠤ ᠲᠠᠯᠪᠢᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠎ᠪᠠᠷ ᠭᠣᠣᠯᠳᠠᠯᠭ᠎ᠠ ᠪᠣᠯᠭᠠᠨ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠭᠡᠷ᠎ᠡ᠎ᠶ᠋ᠢᠨ ᠵᠣᠷᠢᠭ ᠰᠠᠨᠠᠭ᠎ᠠ ᠪᠠ ᠲᠦᠷᠢᠮ᠎ᠦᠨ ᠤᠬᠠᠮᠰᠠᠷ᠎ᠢ ᠴᠢᠩᠭᠠᠳᠭᠠᠨ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠡᠯ᠎ᠡ ᠲᠠᠯ᠎ᠠ᠎ᠶ᠋ᠢᠨ ᠬᠢᠨ᠎ᠦ ᠢᠲᠡᠭᠡᠯ᠎ᠢ ᠨᠡᠮᠡᠭ᠌ᠳᠡᠭᠦᠯᠦᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠷᠬᠡ ᠲᠡᠭ᠌ᠰᠢ᠎ᠪᠡᠷ ᠦᠷᠢᠰᠦᠯᠳᠦᠬᠦ᠌᠂ ᠥᠷᠨᠢᠩᠭᠦᠢ ᠬᠥᠭ᠌ᠵᠢᠬᠦ᠌᠎ᠳᠦ ᠬᠥᠷᠥᠰᠥ᠍ ᠱᠢᠷᠣᠢ᠎ᠶ᠋ᠢ ᠵᠤᠵᠠᠭᠠᠳᠭᠠᠬᠤ ᠬᠡᠷᠡᠭᠳᠡᠢ᠃
ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠪᠤᠢ ᠪᠣᠯᠭᠠᠬᠤ᠎ᠳᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢᠳᠤ ᠰᠠᠯᠠᠭ᠎ᠠ ᠮᠥᠴᠢᠷ ᠡᠩ ᠲᠡᠷᠢᠭᠦᠨ᠎ᠳᠦ ᠬᠠᠤᠯᠢ᠎ᠶ᠋ᠢ ᠰᠠᠬᠢᠵᠤ ᠭᠡᠷ᠎ᠡ᠎ᠶ᠋ᠢ ᠰᠠᠬᠢᠬᠤ ᠦᠯᠢᠭᠡᠷ ᠳᠠᠭᠤᠷᠢᠶᠠᠯ ᠪᠣᠯᠬᠤ ᠬᠡᠷᠡᠭ᠌ᠲᠡᠢ᠃ ᠤᠳᠤ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠢᠲᠡᠭᠡᠮᠵᠢ᠎ᠶ᠋ᠢ ᠡᠷᠬᠢᠮᠯᠡᠬᠦ᠌ ᠦᠭᠡᠢ᠂ ᠠᠮᠠᠯᠠᠯᠲᠠ᠎ᠪᠠᠨ ᠰᠠᠬᠢᠬᠤ ᠦᠭᠡᠢ᠂ ᠲᠦᠷᠢᠮ ᠶᠣᠰᠣᠭᠠᠷ ᠠᠵᠢᠯᠯᠠᠬᠤ ᠦᠭᠡᠢ᠂ ᠲᠦᠷᠦ᠍᠎ᠶ᠋ᠢᠨ ᠪᠤᠳᠤᠯᠭ᠎ᠠ ᠶᠣᠰᠣᠭᠠᠷ ᠨᠠᠢᠳᠠᠪᠤᠷᠢᠵᠢᠭᠤᠯᠬᠤ ᠦᠭᠡᠢ ᠪᠠᠢᠬᠤ ᠵᠡᠷᠭᠡ ᠠᠰᠠᠭᠤᠳᠠᠯ ᠮᠥᠨ ᠯᠡ ᠲᠤᠪᠤᠢ᠌ᠮ᠎ᠠ ᠣᠷᠣᠱᠢᠵᠤ ᠪᠠᠢᠨ᠎ᠠ᠂ ᠬᠠᠤᠯᠢᠵᠢᠯ᠎ᠤᠨ ᠵᠠᠰᠠᠭ᠎ᠤᠨ ᠣᠷᠳᠣᠨ ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠵᠠᠰᠠᠭ ᠵᠠᠬᠢᠷᠭᠠᠨ᠎ᠤ ᠡᠷᠬᠡ᠎ᠶ᠋ᠢ ᠬᠠᠤᠯᠢ ᠶᠣᠰᠣᠭᠠᠷ ᠵᠢᠷᠤᠮᠵᠢᠭᠤᠯᠵᠤ᠂ ᠵᠠᠰᠠᠭ ᠵᠠᠬᠢᠷᠭᠠᠨ᠎ᠤ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠶᠠᠪᠤᠴᠠ ᠵᠢ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠢᠲᠡᠭᠡᠮᠵᠢ᠎ᠶ᠋ᠢ ᠰᠠᠬᠢᠵᠤ ᠠᠮᠠᠯᠠᠯᠲᠠ᠎ᠪᠠᠨ ᠦᠢᠯᠡᠳᠦᠯᠭᠡᠵᠢᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠵᠤ ᠬᠡᠷᠡᠭ᠌ᠵᠢᠭᠦᠯᠬᠦ᠌ ᠢᠯᠡ ᠪᠠᠢᠬᠤ ᠬᠡᠮᠵᠢᠢ᠎ᠡ ᠪᠠ ᠵᠢᠱ᠌ᠢᠵᠦ᠍ ᠪᠣᠯᠬᠤᠢᠴᠠ ᠴᠢᠨᠠᠷ᠎ᠢ ᠨᠡᠮᠡᠭ᠌ᠳᠡᠭᠦᠯᠵᠦ᠍᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ᠎ᠢ ᠳᠡᠭᠡᠭ᠌ᠰᠢᠯᠡᠭᠦᠯᠬᠦ᠌ ᠴᠢᠬᠤᠯᠠᠲᠠᠢ ᠪᠠᠢᠨ᠎ᠠ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠬᠠᠤᠯᠢᠵᠢᠯ᠎ᠤᠨ ᠤᠬᠠᠮᠰᠠᠷ᠎ᠢ ᠪᠠᠲᠤ ᠪᠡᠬᠢ ᠪᠤᠢ ᠪᠣᠯᠭᠠᠵᠤ᠂ ᠬᠠᠤᠯᠢᠵᠢᠯ᠎ᠤᠨ ᠰᠡᠳᠭᠢᠬᠦᠢ ᠪᠠ ᠬᠠᠤᠯᠢᠵᠢᠯ᠎ᠤᠨ ᠠᠷᠭ᠎ᠠ ᠬᠡᠯᠪᠡᠷᠢ ᠵᠢ ᠬᠡᠷᠡᠭ᠌ᠯᠡᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠥᠭ᠌ᠵᠢᠯᠲᠡ᠎ᠶ᠋ᠢ ᠠᠳᠭᠤᠬᠤ ᠳᠠᠭᠠᠨ ᠴᠢᠳᠠᠮᠠᠭᠠᠢ ᠪᠠᠢᠵᠤ᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠶ᠋ᠢ ᠡᠷᠬᠡᠪᠰᠢ ᠭᠦᠢᠴᠡᠳᠭᠡᠬᠦ᠌᠂ ᠬᠠᠤᠯᠢ᠎ᠠᠴᠠ ᠡᠷᠬᠡ ᠣᠯᠭᠣᠭ᠍ᠰᠠᠨ ᠦᠭᠡᠢ ᠵᠦᠢᠯ᠎ᠢ ᠬᠢᠵᠦ᠍ ᠪᠣᠯᠬᠤ ᠦᠭᠡᠢ ᠪᠠᠢᠬᠤ᠎ᠶ᠋ᠢ ᠤᠬᠠᠮᠰᠠᠷ᠎ᠠᠴᠠ᠎ᠪᠠᠨ ᠪᠡᠶᠡᠯᠡᠭᠦᠯᠵᠦ᠍᠂ ᠠᠯᠢᠪᠠ ᠦᠢᠯᠡ ᠠᠵᠢᠯᠯᠠᠭ᠎ᠠ᠎ᠶ᠋ᠢ ᠲᠦᠷᠢᠮ ᠶᠣᠰᠣᠭᠠᠷ ᠬᠢᠵᠦ᠍᠂ ᠠᠯᠢᠪᠠ ᠤᠴᠢᠷ ᠶᠠᠪᠤᠳᠠᠯ᠎ᠢ ᠬᠠᠤᠯᠢ᠎ᠪᠠᠷ ᠵᠠᠰᠠᠵᠤ ᠱᠢᠢᠳᠪᠦᠷᠢᠯᠡᠬᠦ᠌ ᠬᠡᠷᠡᠭ᠌ᠲᠡᠢ᠃
ᠠᠵᠤ ᠠᠬᠤᠢᠯᠠᠯ ᠪᠠ ᠠᠵᠤ ᠠᠬᠤᠢᠯᠠᠯᠲᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠣᠷᠳᠣ ᠬᠤᠭᠤᠴᠠᠭ᠎ᠠ᠎ᠪᠠᠷ ᠲᠣᠭ᠍ᠲᠠᠭᠤᠨ᠎ᠢᠶᠠᠷ ᠬᠥᠭ᠌ᠵᠢᠬᠦ᠌ ᠵᠢᠱ᠌ᠢᠯᠲᠡ᠎ᠶ᠋ᠢ ᠪᠦᠷᠢᠯᠳᠦᠬᠦᠯᠬᠦ ᠪᠣᠯ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ᠎ᠶ᠋ᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠃ ᠡᠯ᠎ᠡ ᠵᠦᠢᠯ᠎ᠦᠨ ᠥᠮᠴᠢᠯᠡᠯ᠎ᠦᠨ ᠠᠵᠤ ᠠᠬᠤᠢᠯᠠᠯ᠎ᠤᠨ ᠥᠮᠴᠢᠯᠡᠬᠦ᠌ ᠡᠷᠬᠡ ᠪᠠ ᠪᠡᠶ᠎ᠡ᠎ᠪᠡᠨ ᠳᠠᠭᠠᠭᠠᠵᠤ ᠡᠵᠡᠩᠨᠡᠬᠦ᠌ ᠡᠷᠬᠡ᠎ᠶ᠋ᠢ ᠬᠠᠤᠯᠢ ᠶᠣᠰᠣᠭᠠᠷ ᠡᠷᠬᠡ ᠲᠡᠭ᠌ᠰᠢ᠎ᠪᠡᠷ ᠬᠠᠮᠠᠭᠠᠯᠠᠵᠤ᠂ ᠵᠠᠬ᠎ᠠ ᠳᠡᠯᠭᠡᠭᠦᠷ᠎ᠦᠨ ᠡᠮᠬᠢ ᠲᠢᠭᠯᠢᠮ᠎ᠢ ᠡᠪᠳᠡᠭ᠌ᠰᠡᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠲᠤ ᠬᠠᠯᠳᠠᠭ᠍ᠰᠠᠨ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠨᠡᠢᠲᠡ᠎ᠶ᠋ᠢᠨ ᠡᠷᠬᠡ᠎ᠶ᠋ᠢ ᠠᠱᠢᠭ᠍ᠯᠠᠨ ᠬᠤᠪᠢ᠎ᠶ᠋ᠢᠨ ᠥᠮᠴᠢᠯᠡᠯ᠎ᠦᠨ ᠡᠷᠬᠡ᠎ᠳᠦ ᠬᠠᠯᠳᠠᠬᠤ ᠶ᠋ᠢ ᠡᠷᠡᠰ ᠰᠡᠷᠭᠡᠢᠯᠡᠨ ᠡᠰᠡᠷᠭᠦᠴᠡᠵᠦ᠍᠂ ᠠᠵᠤ ᠠᠬᠤᠢᠯᠠᠯ᠎ᠳᠤ ᠲᠣᠭ᠍ᠲᠠᠭᠤᠨ᠂ ᠲᠥᠪ ᠭᠣᠣᠯᠴᠢ᠂ ᠢᠯᠡ ᠲᠣᠳᠣ᠂ ᠵᠢᠱ᠌ᠢᠵᠦ᠍ ᠪᠣᠯᠬᠤᠢᠴᠠ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠪᠦᠬᠦ᠌ ᠬᠦᠴᠦᠨ᠎ᠢᠶᠡᠷ᠎ᠢᠶᠡᠨ ᠪᠤᠢ ᠪᠣᠯᠭᠠᠨ ᠦᠭᠴᠤ᠂ ᠠᠵᠤ ᠠᠬᠤᠢᠯᠠᠯᠲᠠᠨ᠎ᠢ ᠦᠨᠡᠨ ᠬᠦ᠌ ᠰᠠᠨᠠᠭ᠎ᠠ ᠠᠮᠤᠷ ᠠᠳᠠᠯ ᠦᠢᠯᠡᠰ ᠴᠣᠭ᠍ᠴᠠᠯᠠᠵᠤ᠂ ᠰᠠᠨᠠᠭ᠎ᠠ ᠠᠮᠤᠷ ᠡᠵᠡᠩᠨᠡᠵᠦ᠍᠂ ᠨᠢᠬᠡ ᠰᠡᠳᠭᠢᠯ᠎ᠢᠶᠡᠷ ᠬᠥᠭ᠌ᠵᠢᠭᠦᠯᠬᠦ᠌ ᠪᠣᠯᠭᠠᠬᠤ ᠬᠡᠷᠡᠭᠳᠡᠢ ᠃
ᠨᠢᠭᠡ ᠭᠠᠵᠠᠷ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠳᠦ ᠠᠪᠴᠤ᠌ ᠬᠡᠯᠡᠪᠡᠯ᠂ ᠬᠠᠤᠯᠢ ᠴᠠᠭᠠᠵᠠ᠎ᠶ᠋ᠢᠨ ᠲᠥᠪ ᠭᠣᠣᠯᠴᠢ ᠥᠨᠳᠥᠷ ᠪᠦᠲᠦᠮᠵᠢᠲᠡᠢ ᠪᠠᠢᠬᠤ ᠨᠢ ᠴᠢᠬᠤᠯᠠ ᠪᠡᠯᠭᠡ ᠲᠡᠮᠳᠡᠭ ᠪᠣᠯᠬᠤ ᠪᠥᠭᠡᠳ ᠪᠠᠰᠠ ᠴᠤ᠌ ᠦᠨᠳᠦᠰᠦᠨ ᠪᠠᠲᠤᠯᠠᠭ᠎ᠠ ᠪᠣᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠪᠦᠷᠢᠨ ᠲᠡᠭᠦᠯᠳᠡᠷ ᠬᠠᠤᠯᠢ ᠴᠠᠭᠠᠵᠠ ᠵᠢᠨ ᠪᠠᠲᠤᠯᠠᠭ᠎ᠠ ᠬᠠᠩᠭᠠᠵᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌ ᠦᠭᠡᠢ᠂ ᠬᠠᠤᠯᠢ᠎ᠶ᠋ᠢ ᠭᠣᠣᠯᠴᠢ ᠬᠡᠷᠡᠭ᠌ᠵᠢᠭᠦᠯᠬᠦ᠌ ᠦᠭᠡᠢ ᠴᠢᠨᠠᠭ᠍ᠰᠢᠯᠠᠪᠠᠯ ᠬᠠᠤᠯᠢ᠎ᠶ᠋ᠢ ᠬᠡᠷᠡᠭ᠌ᠵᠢᠭᠦᠯᠦᠨ ᠬᠠᠤᠯᠢ᠎ᠶ᠋ᠢ ᠵᠥᠷᠢᠴᠡᠬᠦ᠌᠂ ᠬᠠᠤᠯᠢ ᠪᠠᠷᠢᠬᠤ᠎ᠶ᠋ᠢᠨ ᠢᠯᠵᠠᠷᠠᠯ᠎ᠢ ᠡᠷᠡᠰ ᠰᠡᠷᠭᠡᠢᠯᠡᠵᠦ᠍᠂ ᠬᠠᠤᠯᠢ ᠴᠠᠭᠠᠵᠠ ᠲᠦᠷᠦ᠍᠎ᠶ᠋ᠢᠨ ᠪᠤᠳᠤᠯᠭ᠎ᠠ᠎ᠶ᠋ᠢᠨ ᠵᠠᠭᠠᠭ ᠬᠢᠵᠠᠭᠠᠷ᠎ᠢ ᠴᠢᠩᠭ᠎ᠠ ᠡᠵᠡᠮᠳᠡᠵᠦ᠍᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠳ᠋ ᠬᠦᠷᠦᠨᠭ᠌ᠭᠡ᠂ ᠬᠠᠤᠯᠢ ᠶᠣᠰᠣᠨ᠎ᠤ ᠡᠷᠬᠡ ᠠᠱᠢᠭ᠂ ᠬᠠᠤᠯᠢ ᠶᠣᠰᠣᠨ᠎ᠤ ᠡᠵᠡᠩᠨᠡᠯᠲᠡ᠎ᠶ᠋ᠢᠨ ᠠᠵᠢᠯᠯᠠᠭ᠎ᠠ᠎ᠳᠤ ᠬᠠᠯᠳᠠᠬᠤ᠎ᠶ᠋ᠢ ᠴᠢᠩᠭ᠎ᠠ ᠰᠡᠷᠭᠡᠢᠯᠡᠬᠦ ᠬᠡᠷᠡᠭᠳᠡᠢ; ᠪᠠᠰᠠ ᠬᠠᠤᠯᠢ ᠴᠠᠭᠠᠵᠠ᠎ᠶ᠋ᠢᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ᠎ᠦᠨ ᠠᠵᠢᠯᠯᠠᠭ᠎ᠠ᠎ᠶ᠋ᠢ ᠵᠢᠷᠤᠮᠵᠢᠭᠤᠯᠵᠤ᠂ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠵᠤ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠠᠵᠢᠯ᠎ᠢ ᠡᠷᠴᠢᠮᠲᠡᠶ ᠪᠥᠭᠡᠳ ᠬᠠᠯᠠᠭᠤᠨ ᠳᠤᠯᠠᠭᠠᠨ ᠪᠠᠢᠯᠭᠠᠵᠤ᠂ ᠠᠵᠤ ᠠᠬᠤᠢᠯᠠᠯ ᠪᠣᠯᠤᠨ ᠠᠵᠤ ᠠᠬᠤᠢᠯᠠᠯᠲᠠᠨ᠎ᠳᠤ ᠨᠡᠩ ᠤᠯᠠᠨ ᠠᠮᠤᠷ ᠲᠦᠪᠱᠢᠨ ᠬᠦᠷᠲᠡᠮᠵᠢ᠎ᠶ᠋ᠢᠨ ᠲᠦᠷᠦᠭ᠌ᠳᠡᠯ ᠣᠯᠭᠣᠬᠤ ᠬᠡᠷᠡᠭᠳᠡᠢ᠃
ᠬᠠᠤᠯᠢ ᠲᠦᠷᠢᠮ ᠪᠣᠯ ᠤᠯᠤᠰᠲᠦ᠋ᠷᠦ ᠵᠢᠨ ᠡᠬᠢᠯᠡᠯᠲᠡ ᠮᠥᠨ᠃ ᠪᠢᠳᠡ ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭᠣᠷᠢᠨ᠎ᠳᠤ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠲᠠᠯ᠎ᠠ᠎ᠪᠠᠷ ᠪᠤᠢ ᠪᠣᠯᠭᠠᠵᠤ᠂ ᠬᠠᠤᠯᠢᠵᠢᠯ ᠵᠢᠡᠷ ᠠᠵᠤ ᠠᠬᠤᠢ᠎ᠶ᠋ᠢᠨ ᠬᠥᠭ᠌ᠵᠢᠯᠲᠡ ᠳᠤᠮᠳᠠᠬᠢ ᠡᠯ᠎ᠡ ᠲᠦᠷᠦᠯ᠎ᠦᠨ ᠬᠦᠴᠢᠷᠳᠡᠯ᠂ ᠡᠪᠡᠷᠱᠢᠶᠡᠯ᠂ ᠲᠦᠭ᠌ᠵᠢᠷᠡᠯ᠎ᠦᠨ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠬᠠᠤᠯᠢᠵᠢᠯ ᠤᠨ ᠦᠨᠳᠦᠰᠦ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠳᠦ᠍᠎ᠳᠦ ᠠᠱᠢᠭ᠍ᠲᠠᠢ ᠪᠠᠢᠬᠤ ᠪᠠᠲᠤᠯᠠᠭ᠎ᠠ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠬᠠᠤᠯᠢᠵᠢᠯ᠎ᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ《 ᠬᠠᠮᠤᠭ᠎ᠤᠨ ᠴᠢᠩᠭ᠎ᠠ ᠳᠣᠲᠣᠭᠠᠳᠤ ᠴᠥᠮ᠎ᠡ》ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠬᠠᠤᠯᠢᠵᠢᠯ ᠤᠨ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃