ᠦᠬᠠᠶ᠄ ᠲᠡᠷᠢᠭᠦᠨ ᠤ᠋ ᠬᠤᠳᠠᠯᠳᠤᠭ᠎ᠠ ᠡᠷᠬᠢᠯᠡᠭᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌᠎ᠪᠡᠷ ᠠᠵᠤ ᠠᠬᠤᠢᠯᠠᠯ ᠤ᠋ᠨ ᠬᠥᠭ᠌ᠵᠢᠯᠲᠡ ᠳ᠋ᠦ ᠬᠦᠴᠦᠨ ᠨᠡᠮᠡᠷᠢᠯᠡᠵᠦ᠍ ᠪᠤᠢ
2022-02-16 09:32:48
ᠵᠣᠬᠢᠶᠠᠭ᠍ᠴᠢ᠄
​ ᠬᠤᠤ ᠪᠢᠶᠤᠤ
ᠣᠩᠱᠢᠭ᠍ᠰᠠᠨ ᠣᠳᠠᠭ᠎ᠠ᠄
★★★☆☆


《ᠰᠦᠯᠵᠢᠶᠡᠨ ᠳᠡᠭᠡᠷ᠎ᠡ ᠡᠷᠡᠮᠡᠯᠵᠡᠯ ᠳᠡᠪᠱᠢᠭᠦᠯᠦᠭ᠌ᠰᠡᠨ᠎ᠡᠴᠡ ᠡᠵᠡᠩᠨᠡᠯᠲᠡ ᠶ᠋ᠢᠨ ᠦᠨᠡᠮᠯᠡᠯ ᠭᠠᠷᠳᠠᠲᠠᠯ᠎ᠠ ᠵᠥᠪᠬᠡᠨ ᠨᠢᠭᠡ ᠴᠠᠭ ᠭᠠᠷᠤᠢ ᠯᠠ ᠬᠡᠷᠡᠭ᠌ᠰᠡᠵᠡᠢ ᠂ ᠵᠠᠰᠠᠭ ᠤ᠋ᠨ ᠣᠷᠳᠣᠨ ᠪᠠᠰᠠ ᠠᠵᠤ ᠠᠬᠤᠢᠯᠠᠯ᠎ᠳᠤ ᠰᠦᠢᠳᠭᠡᠯ ᠬᠤᠷᠢᠶᠠᠬᠤ ᠦᠭᠡᠢ᠎ᠪᠡᠷ 3 ᠲᠠᠮᠠᠭ᠎ᠠ ᠰᠡᠢᠯᠦᠨ ᠥᠭ᠌ᠴᠦ᠂ 400 ᠭᠠᠷᠤᠢ ᠲᠥᠭᠥᠷᠢᠭ ᠠᠷᠪᠢᠯᠠᠨ᠂ ᠬᠤᠷᠳᠤᠨ ᠪᠦᠭᠡᠳ ᠬᠠᠯᠠᠭᠤᠮᠰᠤᠭ ᠦᠢᠯᠡᠴᠢᠯᠡᠭᠡ ᠬᠠᠡᠭᠭᠠᠵᠤ ᠪᠠᠢᠨ᠎ᠠ》᠃ ᠲᠦᠷᠦᠭᠦᠬᠡᠨ ᠂ ᠥᠪᠥᠷ ᠮᠣᠩᠭᠣᠯ ᠤ᠋ᠨ ᠷᠦᠩ ᠫᠸᠢ ᠨᠡᠭᠦᠷᠡᠰᠦᠨ ᠤ᠋ ᠠᠵᠤ ᠦᠶ᠋ᠯᠡᠳᠪᠦᠷᠢ ᠠᠷᠠᠯᠵᠢᠶᠠᠨ᠎ᠤ ᠬᠢᠵᠠᠭᠠᠷᠲᠤ ᠺᠣᠮᠫᠠᠨᠢ ᠶ᠋ᠢᠨ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ ᠸᠠᠩ ᠽᠸᠩ ᠷᠦᠩ ᠦᠬᠠᠶ ᠬᠣᠲᠠ ᠶ᠋ᠢᠨ ᠬᠠᠢ᠌ᠷᠤᠪ ᠤ᠋ᠨ ᠲᠣᠬᠣᠶ ᠲᠣᠭᠣᠷᠢᠭ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠢᠩᠬᠢᠮ ᠤ᠋ᠨ ᠠᠵᠤ ᠠᠬᠤᠢᠯᠠᠯ ᠤ᠋ᠨ ᠳᠡᠩᠰᠡᠯᠡᠨ ᠲᠡᠮᠳᠡᠭ᠌ᠯᠡᠬᠦ᠌ ᠴᠣᠩᠬᠣᠪᠴᠢ ᠪᠡᠷ ᠨᠢᠭᠡ ᠯᠡ ᠤᠳᠠᠭ᠎ᠠ᠎ᠳᠤ ᠡᠵᠡᠩᠨᠡᠯᠲᠡ ᠶ᠋ᠢᠨ ᠦᠨᠡᠮᠯᠡᠯ ᠪᠠ 3 ᠠᠵᠤ ᠠᠬᠤᠢᠯᠠᠯ ᠤ᠋ᠨ ᠲᠠᠮᠠᠭ᠎ᠠ ᠶ᠋ᠢ ᠭᠠᠷᠳᠠᠪᠠ᠃ ᠨᠢᠭᠡ ᠯᠡ ᠤᠳᠠᠭ᠎ᠠ ᠭᠦᠶᠦᠬᠦ ᠡᠴᠡ ᠠᠵᠤ ᠠᠬᠤᠢᠯᠠᠯ᠎ᠨᠡᠬᠡᠭᠡᠨ ᠡᠷᠬᠢᠯᠡᠬᠦ ᠳ᠋ᠦ 《ᠥᠪᠡᠷ ᠤ᠋ᠨ ᠥᠷᠲᠡᠭ ᠥᠬᠡᠶ》 ᠠᠵᠢᠯ ᠡᠷᠭᠢᠯᠡᠬᠦ᠌ ᠥᠩᠭᠡᠷᠡᠯᠲᠡ ᠡᠴᠡ  ᠲᠡᠷᠡ ᠪᠡᠷ ᠦᠬᠠᠶ ᠬᠣᠲᠠ ᠶ᠋ᠢᠨ ᠥᠨᠳᠥᠷ ᠪᠦᠲᠦᠮᠵᠢᠲᠡᠶ ᠴᠢᠨᠠᠷ ᠰᠠᠢᠲᠠᠶ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ᠎ᠵᠢ ᠤᠯᠵᠤ ᠬᠠᠷᠠᠭᠰᠠᠨ ᠪᠠᠢᠨ᠎ᠠ᠃

ᠨᠢᠳᠤᠨᠤᠨ᠎ᠠᠴᠠ ᠨᠠᠭᠠᠰᠢ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠶ᠋ᠢᠨ ᠲᠥᠷᠥᠯ ᠵᠦᠶ᠋ᠯ ᠤ᠋ᠨ ᠬᠢᠨᠠᠨ ᠵᠥᠪᠱᠢᠶᠡᠷᠡᠬᠦ᠌ ᠭᠣᠭ᠍ᠴᠣᠭ᠎ᠠ ᠣᠯᠠᠨ᠂ ᠭᠤᠶᠤᠴᠢᠯᠠᠬᠤ ᠮᠠᠲ᠋ᠧᠷᠢᠶᠠᠯ ᠪᠤᠳᠤᠯᠢᠶᠠᠨᠲᠠᠶ᠂ ᠭᠦᠶ᠋ᠴᠡᠳᠭᠡᠬᠦ᠌ ᠦᠶᠡᠯᠡᠯ ᠤ᠋ᠨ ᠬᠤᠭᠤᠴᠠᠭ᠎ᠠ ᠣᠷᠳᠣ ᠪᠠᠢᠬᠤ ᠵᠡᠷᠭᠡ ᠲᠤᠰᠭᠠᠯ ᠶ᠋ᠢᠡᠷ ᠬᠠᠮᠤᠭ ᠤ᠋ᠨ ᠲᠣᠪᠣᠢᠮ᠎ᠠ ᠠᠰᠠᠭᠤᠳᠠᠯ ᠳ᠋ᠦ ᠴᠢᠭᠯᠡᠭᠦᠯᠦᠨ᠂ ᠦᠬᠠᠶ ᠬᠣᠲᠠ 《 ᠲᠠᠯᠪᠢᠬᠤ ᠬᠠᠮᠢᠶᠠᠷᠬᠤ ᠦᠶ᠋ᠯᠡᠴᠢᠯᠡᠬᠦ᠌ 》 ᠥᠭᠡᠷᠡᠴᠢᠯᠡᠯᠲᠡ ᠶ᠋ᠢᠨ ᠡᠷᠴᠢᠮ ᠶ᠋ᠢᠡᠨ ᠴᠢᠨᠭᠭᠠᠳᠬᠠᠨ ᠂ ᠨᠠᠮ ᠵᠠᠰᠠᠭ ᠤ᠋ᠨ ᠤᠳᠤᠷᠢᠳᠤᠯᠭ᠎ᠠ ᠠᠵᠤ ᠠᠬᠤᠢᠯᠠᠯ ᠪᠠ ᠲᠥᠷᠥᠯ ᠵᠦᠶ᠋ᠯ ᠢ᠋ ᠳᠠᠭᠠᠭᠠᠴᠢᠯᠠᠨ ᠬᠣᠯᠪᠣᠭᠠᠯᠠᠬᠤ ᠲᠦᠷᠢᠮ ᠂ 《 ᠶᠡᠬᠡ ᠬᠦᠰᠦᠨᠦᠭ᠌ᠲᠦ᠍ ᠶ᠋ᠢ ᠬᠢᠨᠠᠨ ᠵᠥᠪᠱᠢᠶᠡᠷᠡᠬᠦ᠌ ᠲᠦᠷᠢᠮ 》 ᠵᠡᠷᠭᠡ 10 ᠵᠦᠶ᠋ᠯ ᠤ᠋ᠨ《ᠴᠢᠩᠭ᠎ᠠ ᠬᠠᠲᠠᠭᠤ ᠠᠷᠭ᠎ᠠ ᠬᠡᠮᠵᠢᠶ᠎ᠡ》 ᠶ᠋ᠢ ᠬᠡᠷᠡᠭ᠌ᠵᠢᠭᠦᠯᠵᠦ᠍ ᠂ 《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌》《ᠠᠯᠠᠭᠠᠨ ᠳᠡᠭᠡᠷ᠎ᠡ ᠭᠦᠢᠴᠡᠳᠭᠡᠬᠦ 》《 ᠨᠢᠭᠡ ᠯᠡ ᠤᠳᠠᠭ᠎ᠠ᠎ᠳᠤ ᠭᠦᠶ᠋ᠴᠡᠳᠭᠡᠬᠦ᠌ 》  《 ᠬᠠᠪᠰᠤᠷᠤᠨ ᠭᠦᠶ᠋ᠴᠡᠳᠭᠡᠬᠦ᠌ 》 ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍ ᠂ 5586 ᠵᠦᠶ᠋ᠯ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠦᠶ᠋ᠯᠡᠰ ᠢ᠋ ᠭᠦᠶ᠋ᠴᠡᠳᠭᠡᠬᠦ᠌ ᠴᠠᠭ ᠤ᠋ᠨ ᠬᠢᠵᠠᠭᠠᠷ ᠢ᠋ 81.6% ᠪᠡᠷ ᠪᠤᠭᠤᠨᠢᠰᠬᠠᠵᠤ᠂《 ᠨᠢᠭᠡ ᠯᠡ ᠤᠳᠠᠭ᠎ᠠ ᠭᠦᠶᠦᠬᠦ》ᠠᠵᠢᠯ ᠲᠦᠷᠦᠯ ᠤ᠋ᠨ ᠡᠵᠡᠯᠡᠬᠦ ᠬᠠᠷᠢᠴᠠᠯ  99.7% ᠳ᠋ᠦ ᠬᠦᠷᠴᠠᠢ᠃

ᠤᠳᠤᠬᠠᠨ ᠳ᠋ᠦ ᠂ ᠦᠬᠠᠢ ᠎ᠵᠢᠨ ᠠᠵᠢᠯ ᠶᠠᠪᠤᠳᠠᠯ ᠭᠦᠶ᠋ᠴᠡᠳᠭᠡᠬᠦ᠌ ᠳ᠋ᠦ ᠲᠥᠬᠥᠮ ᠪᠥᠭᠡᠳ ᠥᠨᠳᠥᠷ ᠪᠦᠲᠦᠮᠵᠢᠲᠡᠶ ᠪᠤᠯᠤᠭᠰᠠᠨ᠎ᠨᠢ ᠠᠵᠤ ᠠᠬᠤᠢᠯᠠᠯ ᠤ᠋ᠨ ᠰᠠᠢᠨ ᠦᠨᠡᠯᠡᠯᠲᠡ ᠶ᠋ᠢ ᠣᠯᠤᠭ᠍ᠰᠠᠨ ᠶ᠋ᠢᠡᠷ ᠪᠠᠷᠠᠬᠤ ᠥᠬᠡᠶ ᠂ ᠦᠬᠠᠶ ᠶ᠋ᠢᠨ ᠬᠣᠲᠠ ᠶ᠋ᠢᠨ ᠠᠷᠠᠳ ᠴᠦ᠍ ᠬᠤᠷᠳᠤᠨ ᠪᠦᠭᠡᠳ ᠬᠠᠯᠠᠭᠤᠮᠰᠤᠭ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠶ᠋ᠢ ᠪᠡᠶ᠎ᠡ᠎ᠪᠡᠷ ᠶ᠋ᠢᠡᠨ ᠮᠡᠳᠡᠷᠡᠵᠦ᠍ ᠪᠠᠢᠨ᠎ᠠ᠃ ᠦᠬᠠᠢ᠎ᠵᠢᠨ ᠬᠤᠲᠠ᠎ᠵᠢᠨ ᠠᠷᠠᠳ ᠦᠬᠠᠶ ᠬᠣᠲᠠ ᠶ᠋ᠢᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪ ᠤ᠋ᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠤᠬᠠᠢᠯᠠᠭ᠍ᠰᠠᠨ ᠠᠵᠢᠯ ᠤ᠋ᠨ ᠴᠤᠩᠬᠤᠪᠴᠢ᠎ᠵᠢᠨ ᠳᠤᠷ᠎ᠠ ᠶ᠋ᠢᠨ ᠨᠢᠭᠡ ᠴᠤᠩᠬᠤᠪᠴᠢ᠎ᠳ᠋ᠤ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ᠎ᠵᠢᠨ ᠡᠯ᠎ᠡ ᠲᠦᠷᠦᠯ ᠤ᠋ᠨ ᠲᠤᠬᠠᠢᠯᠠᠭ᠍ᠰᠠᠨ ᠠᠵᠢᠯ ᠢ᠋ ᠭᠦᠢᠴᠡᠳᠬᠡᠵᠦ ᠪᠤᠯᠤᠨ᠎ᠠ᠂ ᠣᠯᠠᠨ ᠴᠤᠩᠬᠤᠪᠴᠢ ᠶ᠋ᠢᠨ ᠬᠣᠭᠣᠷᠣᠨᠳᠣ ᠭᠦᠶᠦᠬᠦ᠌ ᠴᠢᠬᠤᠯᠠ ᠥᠬᠡᠶ ᠪᠤᠯᠵᠠᠢ᠃

2021 ᠣᠨ᠎ᠠᠴᠠ ᠡᠬᠢᠯᠡᠨ᠂ ᠦᠬᠠᠶ ᠬᠣᠲᠠ ᠶ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠣᠪᠴᠢᠶ᠎ᠠ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠶᠡᠷᠦᠩᠬᠡᠢᠯᠡᠭ᠌ᠰᠡᠨ ᠯᠠᠩᠭᠦᠶ ᠶ᠋ᠢᠨ ᠠᠵᠢᠯᠲᠠᠨ᠎ᠤ ᠲᠦᠷᠢᠮ ᠤ᠋ᠨ ᠦᠶ᠋ᠯᠡᠴᠢᠯᠡᠭᠡᠨ ᠤ᠋ ᠵᠠᠭ᠍ᠪᠤᠷ ᠢ᠋ ᠶᠡᠬᠡ᠎ᠪᠡᠷ ᠬᠡᠷᠡᠭ᠌ᠵᠢᠭᠦᠯᠵᠦ᠍ ᠂ ᠥᠩᠭᠡᠷᠡᠭ᠌ᠰᠡᠨ ᠳ᠋ᠦ ᠲᠤᠬᠠᠢᠯᠠᠭ᠍ᠰᠠᠨ ᠠᠵᠢᠯ ᠤ᠋ᠨ ᠬᠡᠰᠡᠭ ᠶ᠋ᠢᠡᠷ ᠲᠠᠷᠠᠬᠠᠶ ᠪᠤᠲᠠᠷᠬᠠᠶ ᠪᠠᠢᠭᠤᠯᠤᠭ᠍ᠰᠠᠨ ᠡᠯ᠎ᠡ ᠲᠥᠷᠥᠯ ᠤ᠋ᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠮᠡᠳᠡᠭᠡ ᠵᠠᠩᠭᠢ ᠶ᠋ᠢᠨ ᠱᠢᠰᠲ᠋ᠧᠮ ᠢ᠋ ᠪᠦᠬᠦᠨ ᠢ᠋ ᠶᠡᠷᠦᠩᠬᠡᠢᠯᠡᠭ᠌ᠰᠡᠨ ᠯᠠᠩᠭᠦᠶ ᠶ᠋ᠢᠨ ᠠᠵᠢᠯᠲᠠᠨ᠎ᠤ ᠲᠦᠷᠢᠮ ᠤ᠋ᠨ ᠮᠡᠳᠡᠭᠡ ᠵᠠᠩᠭᠢ ᠶ᠋ᠢᠨ ᠲᠠᠪᠴᠠᠩ᠎ᠳᠤ ᠵᠠᠯᠭᠠᠨ ᠣᠷᠣᠭᠤᠯᠬᠤ ᠶ᠋ᠢᠨ ᠬᠠᠮᠲᠤ᠂ ᠥᠩᠭᠡᠷᠡᠭ᠌ᠰᠡᠨ ᠤ᠋ ᠠᠵᠢᠯ ᠣᠯᠵᠤ ᠦᠶ᠋ᠯᠡᠰ ᠪᠤᠰᠬᠠᠬᠤ᠂ ᠨᠡᠢᠭᠡᠮ ᠤ᠋ᠨ ᠳᠠᠭᠠᠳᠭᠠᠯ ᠂ ᠠᠵᠢᠯᠲᠠᠨ᠎ᠤ ᠶᠠᠪᠤᠳᠠᠯ ᠤ᠋ᠨ ᠴᠢᠳᠠᠪᠤᠷᠢᠲᠠᠨ᠂ ᠬᠥᠳᠡᠯᠮᠦᠷᠢ ᠶ᠋ᠢᠨ ᠬᠠᠷᠢᠴᠠᠭ᠎ᠠ᠂ ᠨᠡᠢᠭᠡᠮ ᠤ᠋ᠨ ᠪᠠᠲᠤᠯᠠᠭ᠎ᠠ ᠶ᠋ᠢᠨ ᠺᠠᠷᠲ ᠵᠡᠷᠭᠡ ᠲᠤᠬᠠᠢᠯᠠᠭ᠍ᠰᠠᠨ ᠠᠵᠢᠯ ᠢ᠋ ᠭᠠᠵᠠᠷ ᠬᠤᠪᠢᠶᠠᠨ ᠴᠤᠨᠭᠬᠤ ᠬᠤᠪᠢᠶᠠᠨ ᠭᠥᠯᠢᠶᠡᠨ ᠠᠪᠴᠤ᠌ ᠱᠢᠶ᠋ᠳᠪᠦᠷᠢᠯᠡᠬᠦ᠌ ᠂ ᠣᠯᠠᠨ ᠬᠦᠰᠦᠨᠦᠭ᠌ᠲᠦ ᠲᠠᠭ᠍ᠯᠠᠬᠤ ᠂ ᠣᠯᠠᠨ ᠤᠳᠠᠭ᠎ᠠ ᠭᠦᠶᠦᠬᠦ᠌ ᠭᠠᠷᠲᠠᠨ ᠭᠦᠶ᠋ᠴᠡᠳᠭᠡᠬᠦ᠌ ᠵᠠᠭ᠍ᠪᠤᠷ ᠢ᠋ ᠨᠢᠭᠡ ᠯᠡ ᠳᠡᠭᠡᠷ᠎ᠡ ᠡᠪᠳᠡᠪᠡ᠃ ᠡᠭᠦᠨ ᠤ᠋ ᠬᠠᠮᠲᠤ ᠂ 《 ᠬᠤᠪᠢ ᠬᠥᠮᠦᠨ᠂ ᠠᠵᠤ ᠠᠬᠤᠢᠯᠠᠯ ᠂ ᠪᠠᠢᠭᠤᠯᠭ᠎ᠠ ᠠᠵᠢᠯ ᠦᠶ᠋ᠯᠡᠰ ᠤ᠋ᠨ ᠨᠢᠭᠡᠴᠢ 》 ᠭᠡᠬᠦ᠌  3 ᠰᠦᠯᠵᠢᠶᠡᠨ ᠳᠡᠭᠡᠷ᠎ᠡ ᠭᠦᠢᠴᠡᠳᠬᠡᠭᠦ ᠲᠢᠨᠭᠬᠢᠮ ᠢ᠋ ᠨᠢᠭᠡᠳᠦᠯᠲᠡᠶ ᠰᠦᠯᠵᠢᠶᠡᠨ ᠳ᠋ᠦ ᠭᠠᠷᠭᠠᠵᠤ᠂ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠵᠦᠶ᠋ᠯᠡᠰ ᠢ᠋ ᠥᠪᠡᠷᠲᠡᠭᠡᠨ ᠵᠠᠰᠠᠬᠤ ᠣᠷᠣᠨ᠎ᠤ ᠲᠣᠭ᠍ᠲᠠᠭᠠᠭ᠍ᠰᠠᠨ 148 ᠵᠦᠶ᠋ᠯ᠎ᠡᠴᠡ 252 ᠵᠦᠶ᠋ᠯ ᠪᠣᠯᠭᠠᠨ ᠥᠷᠭᠡᠳᠭᠡᠪᠡ᠃ ᠺᠣᠮᠫᠢᠦ᠋ᠲ᠋ᠧᠷ ᠪᠠ ᠭᠠᠷ ᠤᠲᠠᠰᠤ᠎ᠪᠠᠷ ᠳᠡᠮᠵᠢᠨ ᠬᠣᠲᠠ ᠶ᠋ᠢᠨ ᠠᠷᠠᠳ ᠠᠵᠢᠯ ᠣᠯᠵᠤ ᠦᠶ᠋ᠯᠡᠰ ᠪᠤᠰᠬᠠᠬᠤ᠂ ᠨᠡᠢᠭᠡᠮ ᠤ᠋ᠨ ᠳᠠᠭᠠᠳᠭᠠᠯ ᠂ ᠠᠵᠢᠯᠲᠠᠨ᠎ᠤ ᠶᠠᠪᠤᠳᠠᠯ ᠤ᠋ᠨ ᠴᠢᠳᠠᠪᠤᠷᠢᠲᠠᠨ ᠂ ᠬᠥᠳᠡᠯᠮᠦᠷᠢ ᠶ᠋ᠢᠨ ᠬᠠᠷᠢᠴᠠᠭ᠎ᠠ ᠂ ᠨᠡᠢᠭᠡᠮ ᠤ᠋ᠨ ᠪᠠᠲᠤᠯᠠᠭ᠎ᠠ ᠶ᠋ᠢᠨ ᠺᠠᠷᠲ ᠵᠡᠷᠭᠡ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠬᠦᠷᠢᠶᠡᠨ᠎ᠳᠡᠬᠢ ᠲᠤᠬᠠᠢᠯᠠᠭ᠍ᠰᠠᠨ ᠠᠵᠢᠯ ᠢ᠋ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌ 》 ᠵᠢ ᠠᠮᠠᠷᠬᠠᠨ ᠪᠡᠶᠡᠯᠡᠭᠦᠯᠵᠦ᠍ ᠪᠣᠯᠤᠨ᠎ᠠ᠃

ᠨᠢᠳᠤᠨᠤᠨ᠎ᠠᠴᠠ ᠨᠠᠭᠠᠰᠢ᠂ ᠦᠬᠠᠶ ᠬᠣᠲᠠ ᠬᠤᠳᠠᠯᠳᠤᠭ᠎ᠠ ᠡᠵᠡᠩᠨᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠶ᠋ᠢ 《 ᠨᠢᠭᠡᠳᠦᠭᠡᠷ ᠢᠨᠵᠧᠨᠧᠷᠢᠩ 》 ᠪᠣᠯᠭᠠᠬᠤ ᠶ᠋ᠢ ᠪᠠᠷᠢᠮᠳᠠᠯᠠᠨ᠂ 《 ᠲᠠᠯᠪᠢᠬᠤ ᠬᠠᠮᠢᠶᠠᠷᠬᠤ ᠦᠶ᠋ᠯᠡᠴᠢᠯᠡᠬᠦ᠌ 》 ᠥᠭᠡᠷᠡᠴᠢᠯᠡᠯᠲᠡ ᠶ᠋ᠢ ᠭᠦᠨᠵᠡᠭᠡᠶ ᠠᠬᠢᠭᠤᠯᠵᠤ ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ 《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌᠂ ᠠᠯᠠᠭᠠᠨ ᠳᠡᠭᠡᠷ᠎ᠡ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌ ᠂ ᠬᠠᠪᠰᠤᠷᠤᠨ ᠭᠦᠶ᠋ᠴᠡᠳᠭᠡᠬᠦ᠌》 ᠶ᠋ᠢ ᠶᠡᠬᠡ᠎ᠪᠡᠷ ᠠᠬᠢᠭᠤᠯᠤᠨ᠂ ᠲᠠᠰᠤᠷᠠᠯᠲᠠ ᠥᠬᠡᠶ ᠭᠣᠭ᠍ᠴᠣᠭ᠎ᠠ ᠶ᠋ᠢ ᠪᠠᠭᠠᠰᠭᠠᠨ ᠂ ᠴᠠᠭ ᠢ᠋ ᠪᠠᠭᠠᠰᠭᠠᠵᠤ ᠂ ᠮᠠᠲ᠋ᠧᠷᠢᠶᠠᠯ ᠢ᠋ ᠪᠠᠭᠠᠰᠭᠠᠠ ᠂ ᠭᠦᠶᠦᠬᠦ᠌ ᠶ᠋ᠢ ᠪᠠᠭᠠᠰᠭᠠᠵᠤ ᠂ ᠥᠪᠡᠷ ᠤ᠋ᠨ ᠥᠷᠲᠡᠭ ᠢ᠋ ᠪᠠᠭᠠᠰᠭᠠᠠ᠂ ᠴᠢᠬᠤᠯᠠ ᠨᠥᠬᠥᠴᠡᠯ ᠢ᠋ ᠨᠠᠷᠢᠯᠢᠭ᠍ᠵᠢᠭᠤᠯᠵᠤ᠂ ᠭᠣᠭ᠍ᠴᠣᠭ᠎ᠠ ᠶ᠋ᠢ ᠴᠣᠮᠬᠠᠳᠭᠠᠠ᠂ ᠴᠠᠭ ᠤ᠋ᠨ ᠬᠢᠵᠠᠭᠠᠷ ᠢ᠋ ᠬᠠᠮᠤᠭ ᠤ᠋ᠨ ᠣᠬᠣᠷ ᠪᠣᠯᠭᠠᠬᠤ ᠶ᠋ᠢ ᠴᠢᠷᠮᠠᠢᠨ ᠪᠡᠶᠡᠯᠡᠭᠦᠯᠵᠦ᠍ ᠂ ᠠᠯᠢ ᠣᠯᠠᠨ ᠬᠠᠲᠠᠭᠤ ᠴᠢᠩᠭ᠎ᠠ ᠠᠷᠭ᠎ᠠ ᠬᠡᠮᠵᠢᠶ᠎ᠡ᠎ᠪᠡᠷ ᠠᠵᠤ ᠠᠬᠤᠢᠯᠠᠯ ᠤ᠋ᠨ 《 ᠬᠦᠯᠢᠶᠡᠰᠦ ᠶ᠋ᠢ ᠠᠯᠳᠠᠷᠠᠭᠠᠵᠤ 》᠂ ᠣᠯᠠᠨ ᠲᠦᠮᠡᠨ ᠤ᠋ 《 ᠬᠦᠯᠢᠶᠡᠰᠦ ᠶ᠋ᠢ ᠲᠠᠢᠯᠵᠤ 》 ᠂ ᠬᠥᠭ᠌ᠵᠢᠯᠲᠡ ᠳ᠋ᠦ 《ᠬᠤᠷᠳᠤ ᠨᠡᠮᠡᠵᠡᠢ》᠃

ᠣᠯᠠᠨ ᠲᠦᠮᠡᠨ ᠤ᠋ ᠠᠵᠢᠯ ᠶᠠᠪᠤᠳᠠᠯ ᠭᠦᠶ᠋ᠴᠡᠳᠭᠡᠬᠦ᠌ ᠳ᠋ᠦ ᠬᠦᠴᠢᠷᠲᠡᠶ ᠂ ᠠᠵᠢᠯ ᠶᠠᠪᠤᠳᠠᠯ ᠭᠦᠶ᠋ᠴᠡᠳᠭᠡᠬᠦ᠌ ᠳ᠋ᠦ ᠤᠳᠠᠭᠠᠨ᠂ ᠣᠯᠠᠨ ᠭᠠᠵᠠᠷ ᠭᠦᠶᠦᠬᠦ᠌᠂ ᠨᠠᠭᠠᠰᠢ ᠴᠠᠭᠠᠰᠢ ᠭᠦᠶᠦᠬᠦ᠌ ᠵᠡᠷᠭᠡ ᠠᠰᠠᠭᠤᠳᠠᠯ ᠢ᠋ ᠤᠯᠠᠮ ᠨᠢᠭᠡ ᠠᠯᠬᠤᠮ ᠱᠢᠶ᠋ᠳᠪᠦᠷᠢᠯᠡᠬᠦ᠌ ᠶ᠋ᠢᠨ ᠲᠥᠯᠥᠭᠡ ᠂ ᠨᠢᠳᠤᠨᠤᠨ᠎ᠤ  6 ᠰᠠᠷ᠎ᠠ᠎ᠳᠤ᠂ ᠦᠬᠠᠶ ᠬᠣᠲᠠ ᠠᠵᠤ ᠠᠬᠤᠢᠯᠠᠯ ᠪᠠ ᠣᠯᠠᠨ ᠲᠦᠮᠡᠨ ᠤ᠋ ᠤᠰᠤ ᠂ ᠴᠠᠬᠢᠯᠭᠠᠨ ᠂ ᠳᠤᠯᠠᠭᠠᠯᠠᠭ᠎ᠠ ᠂ ᠪᠠᠢᠭᠠᠯᠢ ᠶ᠋ᠢᠨ ᠱᠢᠲᠠᠮᠠᠬᠠᠶ ᠬᠡᠶ ᠂ ᠴᠢᠮᠡᠭᠡ ᠨᠡᠪᠲᠡᠷᠡᠯᠭᠡ ᠶ᠋ᠢᠨ ᠡᠵᠡᠩᠨᠡᠯᠲᠡ᠂ ᠤᠲᠠᠰᠤᠲᠤ ᠲᠧᠯᠸᠢᠰ᠂ ᠰᠤᠷᠭᠠᠨ ᠬᠥᠮᠦᠵᠢᠯ ᠵᠡᠷᠭᠡ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠵᠦᠶ᠋ᠯᠡᠰ ᠤ᠋ᠨ ᠱᠠᠭᠠᠷᠳᠠᠯᠭ᠎ᠠ᠎ᠠᠴᠠ ᠬᠠᠩᠭᠠᠭ᠍ᠰᠠᠨ ᠭᠡᠷᠡᠴᠢ ᠮᠠᠲ᠋ᠧᠷᠢᠶᠠᠯ ᠤ᠋ᠨ ᠨᠠᠷᠢᠨ ᠲᠠᠩᠰᠠ ᠶ᠋ᠢ ᠪᠥᠬᠥ᠌ ᠲᠠᠯ᠎ᠠ᠎ᠪᠠᠷ ᠡᠮᠬᠢᠯᠡᠨ ᠳᠢᠭ᠌ᠯᠡᠵᠦ᠍ ᠂ 《 ᠦᠬᠠᠶ ᠬᠣᠲᠠ ᠶ᠋ᠢᠨ 〈 ᠭᠡᠷᠡᠴᠢ ᠥᠬᠡᠶ ᠬᠣᠲᠠ 〉 ᠶ᠋ᠢ ᠡᠭᠦᠳᠦᠨ ᠪᠠᠢᠭᠤᠯᠬᠤ ᠠᠵᠢᠯᠯᠠᠭᠠᠨ᠎ᠤ ᠲᠥᠰᠦᠯ 》  ᠢ᠋ ᠲᠣᠭ᠍ᠲᠠᠭᠠᠨ ᠳᠠᠷᠤᠮᠠᠯᠯᠠᠨ ᠲᠠᠷᠬᠠᠭᠠᠵᠤ ᠂ ᠬᠠᠮᠤᠭ ᠤ᠋ᠨ ᠶᠡᠬᠡ ᠬᠡᠮᠵᠢᠶ᠎ᠡ᠎ᠪᠡᠷ ᠣᠯᠠᠨ ᠲᠦᠮᠡᠨ ᠳ᠋ᠦ ᠲᠥᠬᠥᠮ ᠦᠵᠡᠭᠦᠯᠪᠡ᠃ ᠡᠭᠦᠨ ᠤ᠋ ᠬᠠᠮᠲᠤ ᠪᠠᠰᠠ 《 ᠭᠡᠷᠡᠴᠢᠯᠡᠬᠦ᠌ ᠵᠦᠶ᠋ᠯᠡᠰ ᠢ᠋ ᠠᠷᠢᠯᠭᠠᠬᠤ ᠠᠵᠢᠯ ᠢ᠋ ᠰᠠᠢᠲᠤᠷ ᠬᠢᠬᠦ᠌ ᠲᠤᠬᠠᠶ ᠮᠡᠳᠡᠭ᠌ᠳᠡᠯ 》 ᠢ᠋ ᠳᠠᠷᠤᠮᠠᠯᠯᠠᠨ ᠲᠠᠷᠬᠠᠭᠠᠭ᠍ᠰᠠᠨ ᠪᠥᠭᠡᠳ ᠠᠷᠢᠯᠭᠠᠬᠤ ᠪᠠ ᠦᠯᠡᠳᠡᠭᠡᠬᠦ᠌ ᠭᠠᠷᠴᠠᠭ ᠢ᠋ ᠨᠡᠢᠲᠡᠯᠡᠵᠦ᠍ ᠂ ᠬᠣᠲᠠ ᠶ᠋ᠢᠨ ᠲᠣᠰ ᠱᠠᠲᠤᠨ᠎ᠤ ᠦᠯᠡᠳᠡᠭᠡᠨ ᠭᠡᠷᠡᠴᠢᠯᠡᠬᠦ᠌ ᠵᠦᠶ᠋ᠯᠡᠰ ᠢ᠋ ᠨᠡᠢᠲᠡ 26 ᠵᠦᠢᠯ ᠡᠮᠬᠢᠯᠡᠨ ᠭᠠᠷᠭᠠᠵᠤ ᠂ 59 ᠭᠡᠷᠡᠴᠢᠯᠡᠬᠦ᠌ ᠵᠦᠶ᠋ᠯᠡᠰ ᠢ᠋ ᠬᠦᠴᠦᠨ ᠥᠬᠡᠶ ᠪᠣᠯᠭᠠᠪᠠ᠃

ᠠᠵᠤ ᠠᠬᠤᠢᠯᠠᠯ ᠤ᠋ᠨ ᠬᠥᠭ᠌ᠵᠢᠯᠲᠡ ᠳ᠋ᠦ ᠪᠥᠬᠥ᠌ ᠲᠠᠯ᠎ᠠ᠎ᠪᠠᠷ ᠬᠦᠴᠦᠨ ᠨᠡᠮᠡᠷᠢᠯᠡᠬᠦ᠌ ᠶ᠋ᠢᠨ ᠲᠥᠯᠥᠭᠡ᠂ ᠲᠣᠰ ᠬᠣᠲᠠ ᠶ᠋ᠢᠨ ᠨᠠᠮ ᠤ᠋ᠨ ᠬᠣᠷᠢᠶᠠᠨ᠎ᠤ ᠱᠦᠵᠢ ᠪᠠ ᠬᠣᠲᠠ ᠶ᠋ᠢᠨ ᠳᠠᠷᠤᠭ᠎ᠠ《ᠬᠤᠤᠰ ᠳᠤᠭᠤᠢᠯᠠᠩ ᠤ᠋ᠨ ᠳᠠᠷᠤᠭ᠎ᠠ 》 ᠶ᠋ᠢᠨ ᠲᠤᠱᠢᠶᠠᠯ ᠢ᠋ ᠡᠭᠦᠷᠭᠡᠯᠡᠭᠰᠡᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠠᠵᠢᠯ ᠤ᠋ᠨ ᠤᠳᠤᠷᠢᠳᠭᠤ ᠳᠤᠭᠤᠢᠯᠠᠩ ᠢ᠋ ᠪᠠᠢᠭᠤᠯᠵᠤ ᠂ ᠵᠠᠰᠠᠭ ᠤ᠋ᠨ ᠣᠷᠳᠣᠨ ᠪᠠ ᠬᠤᠳᠠᠯᠳᠤᠭᠠᠴᠢᠨ᠎ᠤ ᠶᠠᠪᠤᠯᠴᠠᠭ᠎ᠠ ᠶ᠋ᠢ ᠵᠢᠷᠤᠮᠵᠢᠭᠤᠯᠬᠤ ᠢᠳᠡᠪᠬᠢ ᠪᠠ ᠨᠠᠵᠠᠭᠠᠢ ᠲᠠᠯ᠎ᠠ᠎ᠵᠢᠨ ᠨᠠᠷᠢᠨ ᠬᠠᠭᠤᠳᠠᠰᠤ ᠶ᠋ᠢ ᠲᠣᠭ᠍ᠲᠠᠭᠠᠨ᠂ ᠠᠵᠤ ᠠᠬᠤᠢᠯᠠᠯᠲᠠᠨ᠎ᠤ ᠬᠦᠰᠡᠯ ᠱᠠᠭᠠᠷᠳᠠᠯᠭ᠎ᠠ ᠶ᠋ᠢ ᠱᠢᠭᠤᠳ ᠬᠠᠷᠢᠭᠤ ᠲᠤᠰᠭᠠᠬᠤ ᠲᠣᠭ᠍ᠲᠠᠴᠠ ᠶ᠋ᠢ ᠪᠠᠢᠭᠤᠯᠵᠤ ᠂ 17 ᠠᠵᠤ ᠠᠬᠤᠢᠯᠠᠯ ᠤ᠋ᠨ ᠬᠠᠷᠢᠭᠤᠴᠠᠯᠭᠠᠲᠠᠨ ᠢ᠋ ᠤᠷᠢᠵᠤ ᠬᠤᠳᠠᠯᠳᠤᠭ᠎ᠠ ᠡᠷᠬᠢᠯᠡᠭᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠬᠢᠨᠠᠯᠲᠠ ᠲᠠᠯᠪᠢᠭ᠍ᠴᠢ ᠪᠣᠯᠭᠠᠭ᠍ᠰᠠᠨ ᠪᠥᠭᠡᠳ ᠠᠷᠠᠳ ᠤ᠋ᠨ ᠡᠵᠡᠨᠭᠨᠡᠯᠲᠡ᠎ᠵᠢᠨ ᠳᠤᠮᠳᠠ ᠪᠠᠭ᠎ᠠ ᠠᠵᠤ ᠠᠬᠤᠢᠯᠠᠯ ᠳ᠋ᠦ ᠦᠷᠢᠳᠦᠵᠦ ᠪᠠᠢᠭ᠎ᠠ 1.1 ᠳ᠋ᠦᠩᠱᠢᠭᠤᠷ ᠲᠥᠭᠥᠷᠢᠭ ᠤ᠋ᠨ ᠦᠷᠢ ᠦᠭᠴᠡᠭᠡ᠎ᠵᠢ ᠠᠷᠢᠯᠭᠠᠵᠤ ᠂ ᠭᠠᠢᠯᠢ᠎ᠵᠢ ᠬᠦᠨᠭᠭᠡᠷᠡᠭᠦᠯᠵᠦ ᠰᠦᠶ᠋ᠳᠭᠡᠯ ᠢ᠋ ᠪᠠᠭᠤᠷᠠᠭᠤᠯᠬᠤ ᠶ᠋ᠢ 5 ᠳ᠋ᠦᠩᠱᠢᠭᠤᠷ ᠲᠥᠭᠥᠷᠢᠭ ᠱᠢᠨ᠎ᠡ᠎ᠪᠡᠷ ᠨᠡᠮᠡᠭ᠌ᠳᠡᠭᠦᠯᠦᠨ᠂ ᠲᠥᠷᠥ ᠶ᠋ᠢᠨ ᠪᠣᠳᠣᠯᠭ᠎ᠠ ᠶ᠋ᠢᠨ ᠪᠠᠯᠠ ᠮᠥᠩᠭᠥ ᠶ᠋ᠢ 1 ᠳ᠋ᠦᠩᠱᠢᠭᠤᠷ ᠲᠥᠭᠥᠷᠢᠭ ᠱᠢᠬᠠᠮ ᠪᠡᠶᠡᠯᠡᠭᠦᠯᠵᠦ ᠂ ᠵᠠᠬ᠎ᠠ ᠳᠡᠯᠭᠡᠭᠦᠷ ᠤ᠋ᠨ ᠪᠡᠶᠡᠴᠢ ᠴᠣᠭ᠍ᠴᠠ ᠶ᠋ᠢᠨ ᠠᠮᠢᠵᠢᠷᠠᠯ ᠤ᠋ᠨ ᠬᠦᠴᠦᠨ ᠢ᠋ ᠪᠦᠲᠦᠮᠵᠢᠲᠡᠶ ᠬᠥᠭ᠌ᠵᠢᠭᠡᠪᠡ᠃

《 ᠵᠤᠪᠠᠬᠤ ᠤᠴᠢᠷ ᠦᠭᠡᠢ ᠂ ᠤᠴᠢᠷ ᠲᠠᠢ ᠪᠤᠯ ᠳᠠᠷᠤᠢᠬᠠᠨ ᠰᠢᠢᠳᠪᠦᠷᠢᠯᠡᠴᠢᠬᠡᠨ᠎ᠡ!》 ᠨᠢᠳᠤᠨᠤᠨ᠎ᠠᠴᠠ ᠨᠠᠭᠠᠰᠢ ᠂ ᠬᠣᠲᠠ ᠶ᠋ᠢᠨ ᠱᠠᠲᠤᠨ᠎ᠠᠴᠠ ᠳᠡᠭᠡᠭ᠌ᠰᠢᠬᠢ ᠤᠳᠤᠷᠢᠳᠤᠯᠭ᠎ᠠ 108 ᠠᠵᠤ ᠠᠬᠤᠢᠯᠠᠯ ᠲᠠᠢ᠂ 137 ᠤᠳᠠᠭ᠎ᠠ ᠬᠠᠷᠢᠯᠴᠠᠵᠤ ᠰᠤᠷᠪᠤᠯᠵᠢᠯᠠᠨ ᠂ ᠶᠠᠷᠢᠯᠴᠠᠬᠤ ᠬᠤᠷᠠᠯ᠂ ᠠᠬᠤᠶ ᠲᠠᠯᠠᠪᠠᠶ ᠶ᠋ᠢᠨ ᠬᠤᠷᠠᠯ ᠂ ᠰᠤᠳᠤᠯᠤᠨ ᠶᠠᠷᠢᠯᠴᠠᠬᠤ ᠬᠤᠷᠠᠯ ᠂ ᠬᠠᠮᠲᠤᠷᠠᠯᠴᠠᠭᠠᠨ᠎ᠤ ᠬᠤᠷᠠᠯ ᠵᠡᠷᠭᠡ ᠠᠵᠢᠯᠯᠠᠭ᠎ᠠ ᠶ᠋ᠢ 55 ᠤᠳᠠᠭ᠎ᠠ ᠬᠤᠷᠠᠯᠳᠤᠭᠤᠯᠵᠤ᠂ 30 ᠭᠠᠷᠤᠶ ᠠᠰᠠᠭᠤᠳᠠᠯ ᠢ᠋ ᠰᠢᠢᠳᠪᠦᠷᠢᠯᠡᠨ ᠂ ᠠᠷᠠᠳ ᠤ᠋ᠨ ᠡᠵᠡᠨᠭᠨᠡᠯᠲᠡ᠎ᠵᠢᠨ ᠠᠵᠤ ᠠᠬᠤᠢᠯᠠᠯ ᠢ᠋ ᠬᠠᠪᠰᠤᠷᠤᠨ 1.8 ᠳ᠋ᠦᠩᠱᠢᠭᠤᠷ ᠲᠥᠭᠥᠷᠢᠭ ᠤ᠋ᠨ ᠪᠠᠯᠠ ᠬᠤᠷᠠᠮᠳᠤᠭᠤᠯᠵᠤ᠂ ᠲᠥᠷᠥᠯ ᠵᠦᠶ᠋ᠯ ᠤ᠋ᠨ ᠲᠦᠷᠭᠡᠨ ᠨᠠᠢᠳᠠᠪᠤᠷᠢᠵᠢᠬᠤ ᠂ ᠲᠦᠷᠭᠡᠨ ᠠᠵᠢᠯ ᠡᠬᠢᠯᠡᠬᠦ᠌ ᠂ ᠲᠦᠷᠭᠡᠨ ᠦᠷ᠎ᠡ ᠪᠦᠲᠦᠮᠵᠢ ᠤᠯᠬᠤ ᠶ᠋ᠢ ᠪᠥᠬᠥ᠌ ᠬᠦᠴᠦᠨ ᠶ᠋ᠢᠡᠷ ᠶ᠋ᠢᠡᠨ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号