ᠶᠡᠷᠦᠩᠬᠡᠢ ᠱᠦᠵᠢ ᠰᠢ ᠵᠢᠨ ᠫᠢᠩ᠄ 《ᠦᠨᠳᠦᠰᠦᠲᠡᠨ᠎ᠦ ᠪᠦᠯᠬᠦᠮᠳᠡᠯ ᠪᠣᠯ ᠦᠨᠳᠦᠰᠦᠲᠡᠨ ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ》ᠬᠡᠵᠤ ᠵᠢᠭᠠᠵᠤ ᠭᠠᠷᠭᠠᠪᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠡᠨᠡ ᠬᠦ᠌ ᠠᠮᠢᠨ ᠰᠤᠳᠠᠰᠤ᠎ᠶ᠋ᠢ ᠪᠠᠲᠤ ᠰᠠᠬᠢᠵᠤ᠂ ᠦᠨᠳᠦᠰᠦᠲᠡᠨ᠎ᠦ ᠪᠦᠯᠬᠦᠮᠳᠡᠯ᠎ᠢ ᠨᠢᠳᠤᠨ ᠴᠡᠴᠡᠭᠡᠢ᠎ᠪᠡᠨ ᠬᠠᠢᠷᠠᠯᠠᠬᠤ ᠱᠢᠭ᠋᠎ᠢᠶᠡᠷ ᠬᠠᠢᠷᠠᠯᠠᠵᠤ᠂ ᠦᠨᠳᠦᠰᠦᠲᠡᠨ᠎ᠦ ᠪᠦᠯᠬᠦᠮᠳᠡᠯ᠎ᠢ ᠠᠮᠢ ᠨᠠᠰᠤ᠎ᠪᠠᠨ ᠨᠠᠨᠳᠢᠩᠨᠠᠬᠤ ᠱᠢᠭ᠋᠎ᠢᠶᠡᠷ ᠨᠠᠨᠳᠢᠩᠨᠠᠬᠤ ᠬᠡᠷᠡᠭ᠌ᠲᠡᠢ᠃ ᠦᠨᠳᠦᠰᠦᠲᠡᠨ᠎ᠦ ᠪᠦᠯᠬᠦᠮᠳᠡᠯ᠎ᠦᠨ ᠠᠮᠢᠨ ᠰᠤᠳᠠᠰᠤ᠎ᠶ᠋ᠢ ᠰᠠᠢᠲᠤᠷ ᠬᠠᠮᠠᠭᠠᠯᠠᠬᠤ᠎ᠳᠤ ᠡᠷᠬᠡᠪᠰᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ᠂ ᠡᠨᠡ ᠪᠣᠯ ᠱᠢᠨ᠎ᠡ ᠴᠠᠭ ᠦᠶ᠎ᠡ᠎ᠶ᠋ᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠳᠦᠭᠡᠨ ᠪᠠᠢᠭᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠬᠡᠰᠡᠨ ᠡᠷᠬᠢᠮ ᠳᠡᠭᠡᠳᠦ ᠢᠷᠠᠭᠤ ᠠᠯᠳᠠᠷᠲᠠᠶ ᠶᠤᠮ᠃ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠠᠶᠤᠯ ᠲᠦᠭ᠌ᠰᠢᠭᠦᠷᠢ ᠥᠷᠢᠰᠥᠯᠳᠦᠭᠡᠨ᠎ᠳᠦ ᠲᠤᠯᠭᠠᠷᠠᠬᠤ ᠪᠦᠷᠢ ᠪᠢᠳᠡ ᠶᠡᠷᠦ ᠨᠢ 《ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠡᠶ ᠴᠢᠷᠮᠠᠢᠨ ᠪᠦᠯᠬᠦᠮᠳᠡᠵᠦ᠍᠂ ᠲᠠᠢ᠌ᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠲᠠᠢ᠌ᠴᠢᠯᠠᠬᠤ》 ᠵᠢ ᠴᠢᠬᠤᠯᠠᠴᠢᠯᠠᠬᠰᠠᠭᠠᠷ ᠢᠷᠡᠪᠡ᠃ ᠦᠪᠠᠷᠲᠠᠬᠡᠨ ᠵᠠᠰᠠᠬᠤ ᠤᠷᠤᠨ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡᠪᠡᠷ ᠪᠠᠳᠠᠷᠠᠭᠤᠯᠵᠤ᠂ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠪᠠᠯ ᠪᠢᠳᠠ ᠰᠠᠶᠢ ᠥᠭᠡᠷᠡᠴᠢᠯᠡᠯᠲᠡ ᠬᠥᠭ᠌ᠵᠢᠯᠲᠡ ᠵᠢ ᠠᠬᠢᠭᠤᠯᠵᠤ᠂ ᠣᠮᠣᠭ ᠲᠡᠭᠦᠯᠳᠡᠷ ᠤᠷᠤᠭ᠍ᠰᠢᠯᠠᠬᠤ ᠬᠦᠴᠦᠷᠬᠡᠭ ᠶᠡᠬᠡ ᠬᠦᠴᠦᠨ ᠴᠢᠳᠠᠯ᠎ᠲᠠᠶ ᠪᠤᠯᠵᠤ ᠴᠢᠳᠠᠨ᠎ᠠ ᠭᠡᠳᠡᠭ᠎ᠢ ᠲᠡᠦᠬᠡ ᠪᠠ ᠪᠣᠳᠠᠲᠤ ᠠᠬᠤᠢ ᠭᠦᠢᠴᠡᠳ ᠭᠡᠷᠡᠴᠢᠯᠡᠵᠠᠢ᠃
ᠦᠨᠳᠤᠰᠤ ᠬᠦᠨ ᠪᠤᠯ ᠰᠠᠶᠢ ᠨᠠᠪᠴᠢ ᠨᠠᠮᠠᠭ᠎ᠠ ᠢᠬᠴᠤ ᠪᠤᠯᠵᠤ ᠴᠢᠳᠠᠨ᠎ᠠ᠃ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠰᠠᠭᠤᠷᠢ ᠰᠠᠢ᠌ᠨ ᠪᠠᠢᠨ᠎ᠠ᠂ ᠭᠡᠪᠡᠴᠦ᠍ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ ᠮᠥᠨ ᠮᠠᠰᠢ ᠤᠯᠠᠨ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠲᠤᠢᠯ᠎ᠤᠨ ᠴᠢᠬᠤᠯᠠ ᠴᠢᠨᠠᠷ᠂ ᠠᠬᠤᠢᠴᠢ ᠲᠤᠯᠭᠠᠮ ᠴᠢᠨᠠᠷ ᠪᠠ ᠣᠨᠴᠠᠭᠠᠢ ᠪᠤᠳᠤᠯᠢᠶᠠᠨᠲᠤ ᠴᠢᠨᠠᠷ᠎ᠢ ᠭᠦᠨᠵᠡᠭᠡᠢ ᠲᠠᠨᠢᠵᠤ᠂ ᠦᠨᠳᠦᠰᠦᠲᠡᠨ᠎ᠦ ᠠᠵᠢᠯ᠎ᠳᠠᠬᠢ ᠴᠢᠬᠤᠯᠠ ᠶᠡᠬᠡ ᠬᠠᠷᠢᠴᠠᠭ᠎ᠠ᠎ᠶ᠋ᠢ ᠵᠥᠪ ᠡᠵᠡᠮᠱᠢᠨ ᠰᠠᠢᠲᠤᠷ ᠱᠢᠢᠳᠪᠦᠷᠢᠯᠡᠬᠦ ᠬᠡᠷᠡᠭᠳᠡᠢ᠂ ᠦᠨᠳᠦᠰᠦᠲᠡᠨ᠎ᠦ ᠠᠵᠢᠯ᠎ᠢ ᠡᠩ᠎ᠦᠨ ᠴᠢᠨᠠᠷᠲᠠᠢ ᠠᠵᠢᠯ ᠪᠣᠯᠭᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠲᠠᠯ᠎ᠠ ᠪᠠᠷ ᠡᠨᠳᠡᠯ ᠭᠠᠷᠭᠠᠵᠤ ᠶᠠᠭᠠᠬᠢᠭ᠍ᠰᠠᠨ ᠴᠣ᠌ ᠪᠣᠯᠬᠤ ᠦᠭᠡᠢ᠂ ᠦᠨᠳᠦᠰᠦᠲᠡᠨ᠎ᠦ ᠬᠦᠷᠢᠶᠡᠨ᠎ᠳᠦ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠠᠬᠢᠴᠠ᠎ᠶ᠋ᠢ ᠨᠥᠯᠥᠭᠡᠯᠡᠬᠦ᠌ ᠴᠢᠨᠠᠭ᠍ᠰᠢᠯᠠᠪᠠᠯ ᠤᠳᠠᠭᠠᠱᠢᠷᠠᠭᠤᠯᠬᠤ ᠴᠢᠬᠤᠯᠠ ᠶᠡᠬᠡ ᠠᠰᠠᠭᠤᠳᠠᠯ ᠭᠠᠷᠭᠠᠵᠤ ᠶᠠᠭᠠᠬᠢᠭ᠍ᠰᠠᠨ ᠴᠤ᠌ ᠪᠣᠯᠬᠤ ᠦᠭᠡᠢ᠃
ᠪᠦᠯᠬᠦᠮᠳᠡᠨ ᠲᠡᠮᠡᠴᠡᠪᠡᠯ ᠠᠯᠢᠪᠠ ᠬᠦᠴᠢᠷ ᠪᠠᠷᠬᠡ᠎ᠶ᠋ᠢ ᠲᠠᠪᠠᠨ ᠲᠤᠭᠤᠯᠵᠤ ᠴᠢᠳᠠᠨ᠎ᠠ᠃ ᠰᠡᠳᠬᠢᠯ ᠨᠢᠬᠡᠳᠦᠨ ᠬᠦᠴᠦ ᠪᠡᠨ ᠬᠠᠮᠳᠤᠳᠬᠠᠪᠠᠯ ᠢᠷᠡᠭᠡᠳᠦᠶ ᠬᠦᠰᠡᠯ ᠡᠷᠡᠮᠡᠯᠵᠡᠯ ᠵᠢᠡᠷ ᠪᠢᠯᠬᠠᠨ᠎ᠠ᠃ ᠤᠮᠠᠷᠠᠲᠤ ᠬᠢᠯᠢ᠎ᠶ᠋ᠢᠨ ᠡᠯ᠎ᠠ ᠦᠨᠲᠤᠰᠤᠲᠠᠨ ᠨᠤᠬᠦᠳ᠎ᠤᠨ ᠬᠥᠪᠡᠭᠦᠳ ᠥᠬᠢᠳ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠦᠨᠲᠤᠰᠤᠲᠠᠨ᠎ᠤ ᠪᠦᠯᠬᠦᠮᠲᠠᠯᠢ ᠨᠢᠲᠤᠨ ᠤ᠋ᠴᠡᠴᠡᠬᠡᠢ ᠪᠠᠠ ᠬᠠᠢᠷᠠᠯᠠᠬᠤ ᠰᠢᠭ᠋᠎ᠢᠶᠡᠷ ᠬᠠᠢᠷᠠᠯᠠᠵᠤ ᠰᠢᠨ᠎ᠠ ᠴᠠᠭ ᠦᠶ᠎ᠠ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠲᠦᠬᠡᠨ ᠪᠠᠢᠭᠤᠯᠬᠤ ᠪᠠᠷ ᠬᠦᠴᠤᠯᠠᠨ ᠴᠢᠷᠮᠠᠢᠪᠠᠯ ᠥᠪᠥᠷ ᠮᠣᠩᠭᠣᠯ᠎ᠤᠨ ᠮᠠᠷᠭᠠᠰᠢ ᠨᠠᠩ ᠰᠠᠢᠨ ᠰᠠᠢᠬᠠᠨ ᠪᠣᠯᠵᠣ᠂ ᠥᠪᠥᠷ ᠮᠣᠩᠭᠣᠯ᠎ᠤᠨ ᠢᠷᠡᠭᠡᠳᠦᠶ ᠨᠠᠩ ᠬᠡᠷᠡᠯ ᠰᠠᠴᠤᠷᠠᠩᠭᠤᠶ ᠪᠣᠯᠵᠥ ᠴᠢᠳᠠᠬᠤ ᠨᠢ ᠯᠠᠪᠳᠠᠢ᠃