ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ ᠡᠬᠦᠷᠢᠳᠠ ᠵᠤᠬᠰᠤᠰᠢ ᠦᠭᠡᠢ
2022-02-08 09:59:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠰᠢᠬᠦᠯᠬᠦ ᠪᠦᠬᠦᠯᠢ ᠴᠣᠭ᠍ᠴᠠ᠎ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠲᠤᠬᠠᠢ ᠨᠢᠭᠡᠨᠲᠡ ᠥᠭᠦᠯᠡᠬᠦ᠌ ᠨᠢ

ᠲᠤᠰ ᠰᠣᠨᠢᠨ᠎ᠤ ᠱᠢᠭᠦᠮᠵᠢᠯᠡᠭ᠌ᠴᠢ

ᠴᠠᠭᠠᠨ ᠰᠠᠷ᠎ᠠ᠎ᠶ᠋ᠢᠨ ᠳᠠᠷᠠᠭᠠᠬᠢ ᠨᠢᠬᠡᠳᠦᠬᠡᠷ ᠠᠵᠢᠯᠯᠠᠬᠤ ᠡᠳᠦᠷ᠂ ᠥᠪᠥᠷ ᠮᠣᠩᠭᠣᠯ ᠎ᠤᠨ 《ᠰᠢᠨ᠎ᠠ ᠵᠢᠯ᠎ᠤᠨ ᠠᠨᠭᠬᠠᠳᠠᠭᠴᠢ ᠬᠤᠷᠠᠯ》ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠨᠡ ᠬᠦ᠌ ᠭᠤᠤᠯ ᠰᠡᠳᠦᠪ᠎ᠲᠦ ᠳᠠᠬᠢᠨᠲᠠ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠤ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠰᠢᠬᠦᠯᠬᠦ ᠪᠦᠬᠦᠯᠢ ᠴᠣᠭ᠍ᠴᠠ᠎ᠶ᠋ᠢᠨ ᠪᠤᠭᠤᠮᠳᠠ ᠰᠢᠪᠳᠤᠯᠬᠤ ᠲᠡᠢᠯᠠᠯᠳᠤᠭᠠᠨ᠎ᠤ ᠢᠯᠠᠯᠲᠠ ᠵᠢ ᠡᠷᠡᠰ ᠲᠡᠮᠡᠴᠡᠨ ᠤᠯᠬᠤ᠎ᠳᠤ ᠤᠷᠤᠬᠰᠢᠯᠠᠯᠳᠠ᠎ᠶ᠋ᠢᠨ ᠪᠦᠷᠢᠶ᠎ᠡ᠎ᠶ᠋ᠢ ᠳᠠᠬᠢᠨᠳᠠ ᠬᠠᠩᠬᠢᠨᠠᠭᠤᠯᠵᠦ᠂ ᠲᠡᠢᠯᠠᠯᠳᠤᠭᠠᠨ᠎ᠦ ᠬᠡᠩᠭᠡᠷᠭᠡ ᠵᠢ ᠳᠠᠬᠢᠨᠳᠠ ᠳᠡᠯᠡᠳᠴᠦ᠍᠂ ᠪᠥᠬᠥ᠌ ᠣᠷᠣᠨ ᠳᠠᠶᠠᠭᠠᠷ᠎ᠲᠤ ᠬᠠᠷᠠᠯᠲᠠ᠎ᠪᠠᠨ ᠪᠠᠲᠤ ᠡᠵᠡᠮᠳᠡᠵᠦ᠍᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠳᠠᠷᠤᠯᠲᠠ᠎ᠪᠠᠨ ᠨᠡᠮᠡᠭ᠌ᠳᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠪᠡᠷ ᠲᠣᠭ᠍ᠲᠠᠭᠤᠨ ᠡᠷᠡᠭᠦᠯ ᠠᠵᠤ ᠠᠬᠤᠶ᠎ᠶ᠋ᠢᠨ ᠣᠷᠴᠢᠨ ᠨᠥᠬᠥᠴᠡᠯ᠎ᠢ ᠪᠣᠶ ᠪᠣᠯᠭᠠᠵᠤ᠂ ᠪᠥᠬᠥ᠌ ᠣᠷᠣᠨ᠎ᠤ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠡᠪᠱᠢᠬᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠎ᠶ᠋ᠢ ᠪᠠᠲᠤᠯᠠᠨ ᠠᠬᠢᠭᠤᠯᠬᠤ ᠴᠢᠩᠭ᠎ᠠ ᠳᠣᠬᠢᠶ᠎ᠠ ᠶ᠋ᠢ ᠳᠠᠮᠵᠢᠭᠤᠯᠪᠠ᠃

ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠡᠵᠡᠩᠨᠡᠯᠲᠡ᠎ᠶ᠋ᠢᠨ ᠵᠥᠪᠱᠢᠶᠡᠷᠡᠯ᠎ᠦᠨ 541 ᠵᠦᠶ᠋ᠯ᠎ᠢ 《ᠦᠨᠡᠮᠯᠡᠯ ᠪᠠ ᠭᠡᠷᠡᠴᠢ᠎ᠶ᠋ᠢ ᠰᠠᠯᠭᠠᠬᠤ》 ᠶ᠋ᠢ ᠪᠡᠶᠡᠯᠡᠭᠦᠯᠵᠦ᠍᠂ ᠲᠥᠷᠥᠯ ᠬᠤᠪᠢᠶᠠᠵᠤ ᠬᠢᠨᠠᠨ ᠵᠥᠪᠱᠢᠶᠡᠷᠡᠬᠦ᠌᠂ ᠠᠵᠤ ᠠᠬᠤᠢᠯᠠᠯ ᠡᠷᠭᠢᠯᠡᠬᠦ᠌ ᠴᠠᠭ᠎ᠢ ᠬᠠᠮᠤᠭ᠎ᠤᠨ ᠲᠦᠷᠬᠡᠨ ᠳ᠋ᠡᠬᠡᠨ 1 ᠠᠵᠢᠯ᠎ᠤᠨ ᠡᠳᠦᠷ ᠪᠣᠯᠭᠠᠨ ᠪᠣᠭᠣᠨᠢᠰᠭᠠᠵᠤ᠂ ᠤᠯᠠᠮ ᠣᠯᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠂ ᠠᠯᠠᠭᠠᠨ ᠳᠡᠭᠡᠷ᠎ᠡ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠎ᠶ᠋ᠢ ᠪᠡᠶᠡᠯᠡᠭᠦᠯᠵᠦ᠍ ᠪᠠᠢᠨ᠎ᠠ᠁ ᠬᠥᠷ ᠬᠥᠭ᠌ᠵᠢᠶᠡᠨ᠎ᠲᠡᠶ ᠬᠥᠭ᠌ᠵᠢᠯᠲᠡ᠎ᠶ᠋ᠢᠨ ᠪᠠᠢᠳᠠᠯ᠂ ᠦᠨᠡᠨ ᠪᠣᠳᠠᠲᠠᠶ ᠥᠭᠡᠷᠡᠴᠢᠯᠡᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯ ᠥᠪᠥᠷ ᠮᠣᠩᠭᠣᠯ᠎ᠤᠨ ᠥᠩᠭᠡᠷᠡᠭ᠌ᠰᠡᠨ ᠨᠢᠭᠡ ᠵᠢᠯ᠎ᠳᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠤ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠰᠢᠬᠦᠯᠬᠦ ᠪᠦᠬᠦᠯᠢ ᠴᠣᠭ᠍ᠴᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠲᠠᠯ᠎ᠠ᠎ᠪᠠᠷ ᠡᠬᠢᠯᠡᠭᠦᠯᠵᠦ᠍ ᠰᠠᠢᠨ ᠰᠠᠢᠬᠠᠨ ᠡᠬᠢᠯᠡᠯᠲᠡ᠎ᠲᠡᠶ ᠪᠣᠯᠭᠠᠭ᠍ᠰᠠᠨ᠎ᠤ ᠠᠮᠢᠳᠤᠯᠢᠭ ᠭᠡᠷᠡᠴᠢ ᠪᠣᠯᠤᠨ᠎ᠠ᠃ ᠭᠡᠬᠦ ᠳ᠋ᠡᠬᠡᠨ᠂ ᠨᠢᠭᠡ ᠯᠡ ᠡᠳᠦᠷ᠎ᠦᠨ ᠬᠦᠢᠳᠡᠨ᠎ᠳᠦ ᠮᠥᠰᠥ᠍ ᠭᠤᠷᠪᠠᠨ ᠲᠤᠬᠤᠢ ᠬᠥᠯᠳᠡᠳᠡᠭ ᠦᠬᠡᠢ ᠭᠡᠳᠡᠭᠴᠢᠯᠡᠨ ᠡᠷᠬᠡᠪᠰᠢ ᠴᠥᠬᠥᠷᠡᠰᠢ ᠦᠭᠡᠢ ᠴᠢᠷᠮᠠᠢᠬᠤ ᠡᠷᠴᠢ ᠵᠣᠷᠢᠭ ᠪᠠ ᠰᠦᠰᠤ ᠵᠣᠷᠢᠭ᠎ᠢᠶᠠᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠦᠨ ᠠᠬᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠠᠢᠵᠢᠷᠠᠭᠤᠯᠬᠤ ᠰᠠᠢ᠌ᠨ ᠪᠠᠢᠳᠠᠯ᠎ᠢᠶᠠᠨ ᠪᠠᠲᠤᠯᠠᠵᠤ᠂ ᠪᠠᠷᠤᠭ ᠪᠣᠯᠴᠢᠬᠠᠬᠤ ᠬᠡᠬᠦ᠂ ᠠᠮᠤᠰᠭᠢᠵᠦ᠍ ᠠᠮᠠᠷᠠᠬᠤ ᠬᠡᠬᠦ ᠪᠣᠳᠣᠯ ᠶᠠᠭᠠᠬᠢᠭ᠍ᠰᠠᠨ ᠴᠤ᠌ ᠣᠷᠣᠵᠤ ᠪᠣᠯᠬᠤ ᠦᠭᠡᠢ᠂ ᠠᠩᠬᠠᠨ᠎ᠤ ᠳᠠᠢᠯᠠᠯᠳᠤᠭᠠᠨ᠎ᠳᠦ ᠢᠯᠠᠯᠲᠠ ᠣᠯᠤᠮᠠᠭ᠍ᠴᠠ ᠴᠡᠷᠢᠭ ᠬᠤᠷᠢᠶᠠᠬᠤ ᠪᠣᠳᠣᠯ ᠶᠠᠭᠠᠬᠢᠭ᠍ᠰᠠᠨ ᠴᠤ᠌ ᠣᠷᠣᠵᠤ ᠪᠣᠯᠬᠤ ᠦᠭᠡᠢ᠂ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠤᠮᠠᠭ᠍ᠴᠠ ᠤᠳᠤ ᠪᠤᠯᠴᠢᠬᠠᠨ᠎ᠠ ᠭᠡᠬᠦ ᠪᠣᠳᠣᠯ ᠶᠠᠭᠠᠬᠢᠭ᠍ᠰᠠᠨ ᠴᠤ᠌ ᠣᠷᠣᠵᠤ ᠪᠣᠯᠬᠤ ᠦᠭᠡᠢ ᠭᠡᠳᠡᠭ᠎ᠢ ᠪᠢᠳᠡ ᠰᠡᠷᠭᠡᠭ᠎ᠢᠶᠡᠷ ᠣᠯᠵᠤ ᠬᠠᠷᠠᠬᠤ ᠬᠡᠷᠡᠭ᠌ᠲᠡᠢ᠃

ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ ᠠᠵᠢᠯ ᠵᠤᠬᠰᠤᠰᠢ ᠦᠭᠡᠢ᠂ ᠡᠬᠦᠷᠢᠳᠠ ᠲᠠᠭᠤᠰᠤᠰᠢ ᠦᠭᠡᠢ ᠶᠤᠮ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ 《ᠰᠠᠢᠨ》 ᠪᠠ 《ᠮᠠᠭᠤ》 ᠨᠢ ᠲᠡᠦᠬᠡ᠎ᠶ᠋ᠢᠨ ᠬᠠᠷᠢᠴᠠᠭᠤᠯᠤᠯ ᠪᠠ ᠣᠷᠣᠨ ᠪᠦᠰᠡ᠎ᠶ᠋ᠢᠨ ᠬᠠᠷᠢᠴᠠᠭᠤᠯᠤᠯ ᠳᠤᠮᠳᠠ ᠬᠥᠳᠡᠯᠦᠩᠭᠦᠶ᠎ᠪᠡᠷ ᠢᠯᠡᠷᠡᠳᠡᠭ ᠶᠤᠮ᠃ ᠮᠠᠨ᠎ᠤ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠥᠩᠭᠡᠷᠡᠭ᠌ᠰᠡᠨ᠎ᠲᠡᠶ ᠬᠠᠷᠢᠴᠠᠭᠤᠯᠪᠠᠯ ᠨᠡᠯᠢᠶᠡᠳ ᠶᠡᠬᠡ ᠳᠠᠪᠱᠢᠯᠲᠠ᠎ᠲᠠᠶ ᠪᠣᠯᠤᠭ᠍ᠰᠠᠨ ᠪᠣᠯᠪᠠᠴᠤ᠌ ᠪᠤᠰᠤᠳ ᠮᠤᠵᠢ ᠣᠷᠣᠨ ᠢᠯᠠᠩᠭᠤᠶ᠎ᠠ ᠬᠥᠭ᠌ᠵᠢᠭ᠌ᠰᠡᠨ ᠮᠤᠵᠢ ᠣᠷᠣᠨ᠎ᠯᠤᠭ᠎ᠠ᠎ᠶ᠋ᠢᠨ ᠵᠥᠷᠢᠶ᠎ᠡ ᠮᠥᠨ ᠬᠦ᠌ ᠮᠠᠰᠢ ᠶᠡᠬᠡ ᠪᠠᠢᠭ᠍ᠰᠠᠭᠠᠷ᠃ ᠡᠨᠡ ᠨᠢ ᠪᠢᠳᠡᠨ᠎ᠳᠦ ᠡᠷᠬᠡᠪᠰᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠪᠡᠷᠬᠡ ᠬᠠᠲᠠᠭᠤᠵᠢᠯᠲᠤ ᠴᠢᠨᠠᠷ᠂ ᠴᠢᠬᠤᠯᠠ ᠴᠢᠨᠠᠷ᠎ᠢ ᠬᠦᠨᠵᠡᠭᠡᠢ ᠲᠠᠨᠢᠵᠦ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠨᠥᠯᠥᠭᠡᠯᠡᠬᠦ᠌ ᠡᠯ᠎ᠡ ᠵᠦᠶ᠋ᠯ᠎ᠦᠨ ᠠᠱᠢᠭ ᠦᠭᠡᠢ ᠬᠦᠴᠦᠨ ᠵᠦᠶ᠋ᠯ᠎ᠦᠨ ᠤᠷᠲᠤ ᠬᠤᠭᠤᠴᠠᠭᠠᠲᠤ ᠴᠢᠨᠠᠷ᠂ ᠨᠠᠷᠢᠨ ᠪᠤᠲᠤᠯᠢᠶᠠᠠᠲᠦ ᠴᠢᠨᠠᠷ᠎ᠢ ᠰᠡᠷᠭᠡᠭ ᠎ᠢᠶᠡᠷ ᠲᠠᠨᠢᠵᠦ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠠᠰᠠᠭᠤᠳᠠᠯ᠎ᠤᠨ ᠮᠤᠵᠢᠭᠤᠳᠠ ᠴᠢᠨᠠᠷ᠂ ᠲᠠᠬᠢᠨ ᠲᠠᠪᠳᠠᠬᠤ ᠴᠢᠨᠠᠷ᠂ ᠣᠨᠳᠣᠣᠱᠢᠬᠤ ᠴᠢᠨᠠᠷ ᠎ᠢ ᠬᠦᠢᠴᠡᠳ ᠵᠢᠱ᠌ᠢᠵᠦ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠢᠮᠠᠭ᠍ᠲᠠ ᠪᠠᠷᠢᠮᠲᠠᠯᠠᠵᠦ᠂ ᠣᠨᠢᠨ ᠳᠡᠭᠡᠷ᠎ᠡ᠎ᠨᠢ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠢᠵᠦ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠲᠠᠰᠤᠷᠠᠯᠲᠠ ᠦᠭᠡᠢ ᠳᠡᠰ ᠳᠡᠪᠱᠢᠬᠦ᠌᠎ᠶ᠋ᠢ ᠠᠬᠢᠭᠤᠯᠵᠦ᠂ ᠠᠵᠤ ᠠᠬᠤᠢᠯᠠᠯ᠎ᠢ ᠢᠯᠡᠭᠦᠬᠡᠨ ᠣᠷᠣᠭᠤᠯᠵᠤ ᠠᠪᠴᠢᠷᠠᠠ᠂ ᠲᠦᠷᠦᠯ ᠵᠦᠢᠯ᠎ᠢ ᠨᠠᠩ ᠲᠦᠷᠬᠡᠨ ᠵᠢᠡᠷ ᠪᠦᠲᠦᠭᠡᠨ ᠪᠠᠢᠭᠤᠯᠵᠦ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠪᠠ ᠪᠦᠲᠦᠭᠡᠯᠴᠢ ᠬᠦᠴᠦᠨ᠎ᠢ ᠬᠥᠭ᠌ᠵᠢᠭᠡᠵᠦ᠂ ᠠᠵᠤ ᠠᠬᠤᠶ᠎ᠶ᠋ᠢᠨ ᠲᠣᠭ᠍ᠲᠠᠭᠤᠨ ᠨᠡᠮᠡᠭ᠌ᠳᠡᠯ ᠪᠠ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠨ ᠬᠥᠭ᠌ᠵᠢᠯᠲᠡ᠎ᠶ᠋ᠢᠨ ᠣᠷᠴᠢᠨ ᠨᠥᠬᠥᠴᠡᠯ ᠪᠠ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠶ ᠪᠣᠯᠭᠠᠵᠤ ᠥᠭ᠌ᠭᠦ ᠶᠠᠪᠤᠲᠠᠯ ᠱᠠᠭᠠᠷᠲᠠᠭᠲᠠᠵᠦ ᠪᠠᠢᠨ᠎ᠠ᠃

《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠳᠦ ᠠᠪᠴᠤ᠌ ᠬᠡᠯᠡᠪᠡᠯ᠂ ᠥᠨᠥᠳᠦᠷ ᠬᠡᠳᠦᠶ ᠣᠷᠣᠢᠳᠠᠬᠰᠠᠨ ᠴᠤ᠌ ᠡᠷᠳᠡᠯᠡᠭᠰᠡᠨ ᠳ᠋ᠤ ᠲᠤᠭᠠᠴᠠᠭᠳᠠᠨ᠎ᠠ᠂ ᠮᠠᠷᠭᠠᠰᠢ ᠬᠡᠳᠦᠶ ᠡᠷᠲᠡᠯᠡᠭᠰᠠᠨ ᠴᠤ᠌ ᠣᠷᠣᠢᠳᠠᠬᠰᠠᠨ ᠳ᠋ᠤ ᠲᠤᠭᠠᠴᠠᠬᠳᠠᠨ᠎ᠠ》᠃ ᠦᠨᠳᠦᠰᠦᠨ ᠱᠠᠲᠤᠨ᠎ᠤ ᠺᠠᠳ᠋ᠷᠴᠤᠳ᠎ᠤᠨ ᠦᠭᠡ ᠶᠠᠷᠢᠶ᠎ᠠ ᠨᠢ ᠳᠥᠭᠥᠮ ᠪᠣᠷᠣᠭ᠍ᠵᠢᠭᠤᠨ ᠪᠥᠭᠡᠳ ᠤᠳᠭ᠎ᠠ ᠰᠠᠨᠠᠭ᠎ᠠ ᠭᠦᠨ ᠭᠦᠨᠵᠡᠭᠡᠶ ᠶᠤᠮ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠣᠯ ᠱᠢᠰᠲ᠋ᠧᠮ᠎ᠲᠡᠶ᠂ ᠭᠦᠨ ᠭᠦᠨᠵᠡᠭᠡᠢ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠶᠠᠪᠤᠳᠠᠯ ᠪᠣᠯᠤᠨ᠎ᠠ᠂ ᠶᠠᠮᠠᠷᠪᠠ ᠬᠥᠮᠦᠨ ᠴᠦ᠍ ᠭᠡᠳ ᠵᠦᠬᠡᠷ ᠬᠠᠷᠠᠭᠠᠳ ᠰᠠᠭᠤᠵᠤ ᠪᠤᠯᠬᠤ ᠦᠭᠡᠢ ᠶᠤᠮ᠂ ᠪᠢᠳᠡ ᠢᠮᠠᠭ᠍ᠲᠠ 《ᠡᠭᠦᠷᠢᠳᠡ ᠵᠤᠬ᠍ᠰᠤᠰᠢ ᠦᠭᠡᠢ ᠪᠠᠢᠬᠤ》 ᠡᠷᠡᠮᠡᠬᠡᠢᠯᠡᠨ ᠤᠷᠤᠭ᠍ᠰᠢᠯᠠᠬᠤ ᠲᠦᠷᠢ ᠲᠥᠷᠬᠦ᠌᠎ᠪᠡᠨ ᠪᠠᠲᠤᠯᠠᠵᠤ᠂ ᠬᠥᠮᠦᠨ ᠪᠦᠬᠦᠨ ᠪᠦᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠂ ᠥᠪᠥᠷ ᠮᠣᠩᠭᠣᠯ᠎ᠤᠨ ᠳᠦᠷᠢ ᠲᠥᠷᠬᠦ᠌᠎ᠳᠦ ᠬᠣᠯᠪᠣᠭ᠍ᠳᠠᠬᠤ ᠰᠠᠨᠠᠭᠠᠴᠢᠯᠠᠭᠠᠲᠤ ᠤᠬᠠᠮᠰᠠᠷ᠎ᠢ ᠪᠠᠲᠤ ᠪᠤᠢ ᠪᠣᠯᠭᠠᠵᠤ᠂ ᠵᠠᠭᠤᠨ ᠭᠠᠵᠠᠷ᠎ᠤᠨ ᠵᠠᠮ᠎ᠢ ᠶᠡᠷᠡᠨ ᠭᠠᠵᠠᠷ ᠶᠠᠪᠤᠬᠰᠠᠨ ᠠᠨᠤ ᠬᠠᠭᠠᠰ ᠵᠠᠮ ᠳᠡᠳᠤᠢ ᠪᠤᠯᠠᠢ ᠭᠡᠬᠦ ᠰᠡᠷᠭᠡᠭ ᠪᠠᠢᠳᠠᠯ ᠵᠢᠨᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠴᠥᠬᠥᠷᠡᠰᠢ ᠦᠭᠡᠢ ᠱᠢᠯᠢᠳᠡᠭ᠌ᠵᠢᠭᠦᠯᠵᠦ᠍᠂ ᠲᠤᠬᠳᠠᠭᠰᠠᠨ ᠬᠠᠷᠠᠯᠳᠠ ᠪᠡᠨ ᠡᠷᠡᠰ ᠪᠠᠷᠢᠮᠲᠠᠯᠠᠬᠤ᠎ᠪᠠᠷ ᠤᠯᠤᠰ ᠲᠦᠷᠦ᠍ ᠶ᠋ᠢᠨ ᠠᠮᠢ ᠠᠬᠤᠢ᠎ᠶ᠋ᠢ ᠦᠷᠭᠦᠯᠵᠢᠯᠡᠨ ᠴᠡᠪᠡᠷᠱᠢᠭᠦᠯᠵᠦ᠂ ᠨᠢᠭᠡ ᠯᠡ ᠠᠮᠢᠰᠭᠤᠭ᠎ᠠ᠎ᠪᠠᠷ ᠴᠢᠷᠮᠠᠢᠨ ᠥᠴᠦᠬᠡᠨ ᠴᠦ᠍ ᠰᠤᠯᠠᠷᠠᠭᠤᠯᠤᠯ ᠦᠭᠡᠢ᠎ᠪᠡᠷ ᠠᠵᠢᠯᠯᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠢᠯᠠᠯᠳᠠ ᠵᠢᠨ ᠡᠷᠴᠢᠨ ᠳᠡᠭᠡᠷ᠎ᠡ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠳᠡᠰ ᠳᠡᠪᠱᠢᠭᠦᠯᠬᠦ᠌᠎ᠪᠡᠷ ᠪᠦᠬᠦ᠌ ᠬᠦᠴᠦᠨ᠎ᠢᠶᠡᠷ᠎ᠢᠶᠡᠨ ᠴᠢᠷᠮᠠᠢᠬᠤ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号