ᠪᠡᠭᠡᠵᠢᠩ᠎ᠦᠨ ᠡᠪᠦᠯ᠎ᠦᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭ᠍ᠯᠠᠭᠠᠨ ᠢᠳᠡ ᠬᠦᠭ ᠲᠠᠢ ᠶᠠᠪᠤᠭᠳᠠᠵᠤ ᠪᠠᠢᠭ᠎ᠠ ᠦᠶᠡᠰ ᠪᠦᠬᠦ᠌ ᠤᠯᠤᠰ᠎ᠤᠨ ᠡᠯ᠎ᠡ ᠭᠠᠵᠠᠷ ᠣᠷᠣᠨ᠎ᠳᠤ ᠮᠥᠰᠥ᠍ ᠴᠠᠰᠤᠨ᠎ᠤ ᠬᠥᠳᠡᠯᠭᠡᠭᠡᠨ᠎ᠦ ᠬᠠᠯᠠᠭᠤᠷᠠᠯ ᠪᠣᠯᠵᠤ᠂ ᠬᠣᠲᠠ ᠬᠥᠳᠡᠭᠡ ᠭᠡᠰᠡᠨ ᠦᠭᠡᠢ᠂ ᠬᠥᠭ᠌ᠰᠢᠨ ᠨᠢᠯᠬ᠎ᠠ ᠭᠡᠵᠦ ᠢᠯᠭᠠᠯ ᠦᠭᠡᠢ᠂ 《ᠭᠤᠷᠪᠠᠨ ᠳ᠋ᠦᠩᠱᠢᠭᠤᠷ ᠬᠥᠮᠥᠨ᠎ᠢ ᠮᠥᠰᠥ᠍ ᠴᠠᠰᠤᠨ᠎ᠤ ᠬᠥᠳᠡᠯᠭᠡᠭᠡᠨ ᠳᠦ ᠣᠷᠣᠯᠴᠠᠭᠤᠯᠬᠤ》 ᠬᠠᠷᠠᠯᠲᠠ᠎ᠳᠤ ᠬᠦᠷᠭᠡᠬᠦ᠌ ᠵᠣᠷᠢᠯᠭ᠎ᠠ᠎ᠶ᠋ᠢ ᠳᠡᠮᠵᠢᠨ᠂ ᠤᠯᠠᠨ ᠲᠦᠮᠡᠨ᠎ᠢ ᠳᠠᠢᠴᠢᠯᠠᠨ᠂ ᠮᠥᠰᠥ᠍ ᠴᠠᠰᠤᠨ᠎ᠤ ᠨᠠᠭᠠᠳᠤᠮ᠎ᠤᠨ ᠬᠠᠪᠤ ᠴᠡᠩᠬᠡᠯ᠎ᠢ ᠡᠳ᠋ᠯᠡᠭᠦᠯᠤᠨᠠ᠃

ᠴᠠᠰᠤᠨ ᠲᠡᠬᠡᠷ᠎ᠠ ᠨᠠᠭᠠᠤᠨᠴᠤ ᠨᠠᠷᠬᠢᠨᠠ
ᠲᠦᠩᠯᠢᠶᠤᠤ ᠬᠣᠲᠠ᠎ᠶ᠋ᠢᠨ ᠵᠠᠷᠤᠳ ᠬᠣᠱᠢᠭᠤᠨ᠎ᠤ ᠯᠦᠪᠸᠢ ᠪᠠᠯᠭᠠᠰᠤ ᠴᠦ᠍ ᠪᠠᠢᠭᠠᠯᠢ᠎ᠶ᠋ᠢᠨ ᠨᠥᠬᠥᠴᠡᠯ ᠪᠠ ᠮᠥᠰᠥ᠍ ᠴᠠᠰᠤᠨ᠎ᠤ ᠳᠠᠪᠠᠭᠤᠯᠢᠭ ᠲᠠᠭᠠᠨ ᠲᠦᠱᠢᠭ᠌ᠯᠡᠵᠦ᠍᠂ ᠶᠡᠷᠤᠩᠬᠡᠢ ᠳᠠᠯᠠᠪᠠᠢ ᠨᠢ 40 ᠮᠦ᠍ ᠵᠢᠨ ᠮᠥᠰᠥ᠍ ᠴᠠᠰᠤᠨ᠎ᠤ ᠨᠠᠭᠠᠳᠤᠮ᠎ᠤᠨ ᠲᠠᠯᠠᠪᠤᠷ ᠪᠠᠢᠭᠤᠯᠵᠤ᠂ ᠪᠠᠯᠭᠠᠰᠤᠨ᠎ᠤ ᠠᠷᠠᠳ᠎ᠢ ᠳᠠᠢᠴᠢᠯᠠᠨ ᠮᠥᠰᠥ᠍ ᠴᠠᠰᠤᠨ᠎ᠤ ᠬᠥᠳᠡᠯᠭᠡᠭᠡᠨ᠎ᠳᠦ ᠢᠳᠡᠪᠬᠢᠲᠡᠢ ᠣᠷᠣᠯᠴᠠᠭᠤᠯᠵᠤ᠂ ᠪᠦᠬᠦ᠌ ᠠᠷᠠᠳ᠎ᠢᠶᠠᠷ᠎ᠢᠶᠠᠨ ᠪᠡᠶ᠎ᠡ ᠴᠢᠬᠢᠷᠠᠭ᠍ᠵᠢᠭᠤᠯᠬᠤ ᠲᠠᠢ ᠭᠦᠨᠵᠡᠭᠡᠢ ᠠᠭᠤᠰᠤᠯᠴᠠᠭᠤᠯᠤᠨ᠂ ᠡᠪᠦᠯ᠎ᠦᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠪᠡᠯᠬᠡᠯᠡᠬᠦ ᠬᠦᠭᠵᠢᠶᠡᠨᠳᠦ ᠠᠭᠤᠷ ᠠᠮᠢᠰᠭᠤᠯ᠎ᠢ ᠪᠣᠢ ᠪᠣᠯᠭᠠᠭ᠍ᠰᠠᠨ ᠪᠠᠢᠨ᠎ᠠ᠃ ᠠᠬᠤᠢ ᠲᠠᠯᠠᠪᠤᠷ᠎ᠤᠨ ᠨᠠᠭᠠᠳᠤᠮ᠎ᠤᠨ ᠲᠥᠷᠥᠯ ᠵᠦᠢᠯ ᠡᠯᠪᠡᠭ ᠪᠠᠶᠠᠯᠢᠭ ᠪᠠᠢᠵᠤ᠂ ᠥᠨᠳᠥᠷ ᠬᠥᠲᠥᠯᠦᠨ ᠴᠠᠰᠤᠨ ᠴᠠᠭᠠᠷᠢᠭ᠂ ᠴᠠᠰᠤᠨ ᠳᠡᠭᠡᠷ᠎ᠡ ᠪᠥᠮᠪᠥᠭᠡ ᠮᠥᠷᠭᠥᠯᠳᠦᠭᠦᠯᠬᠦ᠌᠂ ᠴᠠᠰᠤᠨ ᠳᠡᠭᠡᠷᠡᠬᠢ ᠮᠤᠲ᠋ᠤᠷ᠂ ᠴᠠᠰᠤᠨ ᠳᠡᠭᠡᠷᠡᠬᠢ ᠲᠠᠩᠺ᠂ ᠴᠠᠰᠤᠨ ᠴᠢᠷᠭ᠎ᠠ ᠮᠥᠰᠥᠨ ᠲᠡᠷᠭᠡ᠋ … ᠵᠡᠷᠭᠡ ᠠᠯᠢ ᠤᠯᠠᠨᠵᠦᠢᠯᠢᠲᠣᠬᠢᠷᠠᠭᠤᠯᠵᠤ᠂ ᠤᠯᠠᠨ ᠲᠦᠮᠡᠨ᠎ᠦ ᠮᠥᠰᠥ᠍ ᠴᠠᠰᠤᠨ᠎ᠤ ᠬᠥᠳᠡᠯᠭᠡᠭᠡᠨ ᠨᠠᠭᠠᠳᠤᠮ᠎ᠤᠨ ᠳᠤᠷ᠎ᠠ ᠪᠠᠬ᠎ᠠ᠎ᠶ᠋ᠢ ᠬᠥᠭ᠌ᠵᠢᠭᠡᠵᠡᠢ᠃
ᠰᠤᠷᠪᠤᠯᠵᠢᠯᠠᠭ᠍ᠴᠢ ᠲᠤᠬᠠᠢ ᠶ᠋ᠢᠨ ᠲᠠᠯᠠᠪᠤᠷ ᠲᠦ᠍ ᠬᠦᠷᠴᠦ᠍᠂ ᠶᠠᠭ ᠯᠡ ᠬᠡᠦᠬᠡᠳ ᠭᠡᠮᠡᠷ ᠬᠥᠭᠡᠷᠦᠨ ᠨᠠᠭᠠᠳᠴᠤ᠌ ᠪᠠᠢᠭ᠎ᠠ ᠨᠢᠭᠡᠨ ᠢᠳᠡᠷ ᠨᠠᠰᠤᠨ᠎ᠤ ᠬᠥᠮᠥᠨ᠎ᠢ ᠰᠤᠷᠪᠤᠯᠵᠢᠯᠠᠬᠤ ᠳᠤ ᠲᠡᠷᠡ᠄《ᠣᠳᠣᠬᠠᠨ᠎ᠳᠤ ᠬᠢᠵᠢᠭ᠎ᠦᠨ ᠪᠠᠢᠳᠠᠯ᠎ᠠᠴᠠ ᠪᠣᠯᠵᠤ᠂ ᠭᠠᠳᠠᠭ᠍ᠰᠢ ᠭᠠᠷᠴᠤ᠌ ᠵᠤᠭᠠᠴᠠᠶ᠎ᠠ ᠭᠡᠬᠦ᠌᠎ᠳᠦ ᠳᠥᠭᠥᠮ ᠦᠭᠡᠢ ᠪᠣᠯᠵᠠᠢ᠃ ᠮᠠᠨ᠎ᠤ ᠬᠣᠱᠢᠭᠤᠨ ᠲᠥᠪ᠎ᠲᠦ ᠪᠠᠰᠠ ᠡᠢᠮᠦᠷᠬᠦᠦ ᠮᠥᠰᠥ᠍ ᠴᠠᠰᠤᠨ᠎ᠤ ᠨᠠᠭᠠᠳᠤᠮ᠎ᠤᠨ ᠲᠠᠯᠠᠪᠤᠷ ᠪᠠᠢᠭᠤᠯᠤᠭ᠍ᠳᠠᠭᠰᠠᠨ ᠨᠢ ᠮᠠᠨᠳᠤ ᠳᠤᠩ ᠰᠠᠢᠨ ᠨᠥᠬᠥᠴᠡᠯ᠎ᠢ ᠠᠪᠴᠢᠷᠠᠵᠤ ᠦᠭᠴᠡᠢ᠂ ᠪᠢ ᠬᠡᠷ᠎ᠤᠨ ᠬᠦᠮᠦᠰ ᠵᠢᠨᠨ ᠣᠷᠣᠯᠴᠠᠭᠤᠯᠵᠤ᠂ ᠪᠡᠶ᠎ᠡ ᠮᠠᠬᠠᠪᠤᠳ ᠵᠢᠨᠨ ᠪᠤᠯᠪᠠᠰᠤᠷᠠᠭᠤᠯᠤᠭᠰᠠᠨ ᠲᠡᠳᠦᠢ ᠦᠬᠡᠢ᠂ ᠤᠳᠭ᠎ᠠ ᠠᠭᠤᠯᠭ᠎ᠠ ᠲᠠᠢ ᠪᠠᠷ ᠪᠠᠶᠠᠷᠳᠤ ᠴᠠᠭᠠᠨ ᠰᠠᠷ᠎ᠠ ᠪᠠᠨ ᠦᠨᠭᠬᠡᠷᠡᠬᠦᠯᠵᠦ ᠪᠠᠢᠨ᠎ᠠ》 ᠭᠡᠵᠦ᠍ ᠪᠠᠶᠠᠷᠯᠠᠨ ᠶᠠᠷᠢᠵᠦ ᠪᠠᠢᠯ᠎ᠠ᠃