— 《ᠳᠠᠨ ᠳ᠋ᠤ ᠬᠠᠨᠤᠮᠵᠢᠳᠠᠢ》 ᠬᠣᠲᠠ᠎ᠶ᠋ᠢᠨ ᠦᠶ᠋ᠯᠡᠴᠢᠯᠡᠭᠡᠨ᠎ᠦ ᠨᠠᠷᠠᠲᠤ ᠲᠡᠮᠳᠡᠭ᠎ᠢ ᠠᠯᠳᠠᠷᠰᠢᠭᠤᠯᠬᠤ ᠲᠤᠬᠠᠢ ᠱᠢᠷᠢᠰ ᠮᠡᠳᠡᠭᠡᠯᠡᠯ ᠨᠢᠬᠡ
ᠨᠠᠢᠷᠠᠭᠤᠯᠤᠭ᠍ᠴᠢ᠎ᠶ᠋ᠢᠨ ᠦᠭᠡ᠄ ᠡᠨᠡ ᠬᠣᠶᠠᠷ ᠵᠢᠯ᠎ᠳᠦ᠂ ᠪᠤᠭᠤᠲᠤ ᠬᠣᠲᠠ ᠲᠡᠷᠢᠭᠦᠨ ᠵᠡᠷᠭᠡ᠎ᠶ᠋ᠢᠨ ᠵᠠᠰᠠᠭ᠎ᠤᠨ ᠶᠠᠪᠤᠳᠠᠯ᠎ᠤᠨ ᠣᠷᠴᠢᠨ ᠲᠤᠭᠤᠷᠢᠨ᠂ ᠬᠠᠤᠯᠢᠵᠢᠯ᠎ᠤᠨ ᠣᠷᠴᠢᠨ ᠲᠤᠭᠤᠷᠢᠨ᠂ ᠠᠵᠤ ᠦᠶ᠋ᠯᠡᠰ᠎ᠦᠨ ᠣᠷᠴᠢᠨ ᠲᠤᠭᠤᠷᠢᠨ ᠪᠠ ᠬᠣᠲᠠ᠎ᠶ᠋ᠢᠨ ᠣᠷᠴᠢᠨ ᠳᠤᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠱᠠᠲᠤᠴᠢ ᠴᠢᠨᠠᠷᠳᠠᠢ ᠠᠬᠢᠭᠤᠯᠬᠤ᠎ᠪᠠᠷ ᠳᠠᠮᠵᠢᠭᠤᠯᠤᠨ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭᠠᠵᠤ᠂ 《2020 ᠣᠨ᠎ᠤ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ(ᠬᠡᠷᠡᠭ᠎ᠦᠨ ᠵᠢᠱ᠌ᠢᠶ᠎ᠡ) ᠤ᠋ᠨ ᠠᠷᠪᠠᠨ ᠤᠬᠢ ᠬᠣᠲᠠ》᠎ᠶ᠋ᠢᠨ ᠴᠣᠯᠠ ᠭᠥᠷᠳᠡᠪᠡ᠃ ᠬᠢᠨᠠᠨ ᠵᠥᠪᠱᠢᠶᠡᠷᠡᠯ ᠶᠠᠪᠤᠬᠤ ᠲᠤᠳᠤᠮ ᠪᠠᠭᠠᠰᠴᠤ᠌᠂ ᠦᠢᠯᠡᠴᠢᠯᠡᠭᠡ ᠶᠠᠪᠤᠬᠤ ᠲᠤᠳᠤᠮ ᠰᠠᠢᠵᠢᠷᠠᠵᠤ᠂ ᠬᠤᠷᠳᠤᠴᠠ ᠶᠠᠪᠤᠬᠤ ᠲᠤᠳᠤᠮ ᠲᠦᠷᠭᠡᠳᠬᠦ ᠨᠢ ᠨᠢᠭᠡᠨᠲᠡ ᠶᠠᠪᠤᠳᠠᠯ ᠬᠦᠢᠴᠡᠳᠬᠡᠬᠦ ᠠᠵᠤ ᠠᠬᠤᠢᠯᠠᠯ ᠪᠣᠯᠤᠨ ᠤᠯᠠᠨ ᠲᠦᠮᠡᠨ᠎ᠦ ᠬᠠᠮᠤᠭ᠎ᠤᠨ ᠪᠣᠳᠠᠲᠠᠢ ᠲᠦᠷᠦᠭ᠌ᠳᠡᠯ ᠪᠣᠯᠪᠠ᠃ ᠢᠩᠬᠢᠭᠰᠡᠨ ᠵᠢᠡᠷ 2021ᠣᠨ᠎ᠳᠤ᠂ ᠪᠤᠭᠤᠲᠤ ᠬᠣᠲᠠ 5918 ᠠᠵᠤ ᠠᠬᠤᠢᠯᠠᠯ᠎ᠲᠠᠶ ᠵᠣᠯᠭᠠᠯᠴᠠᠭ᠎ᠠ ᠠᠪᠴᠤ᠂ 1134 ᠲᠥᠷᠥᠯ ᠵᠦᠶ᠋ᠯ᠎ᠤᠨ ᠭᠡᠷ᠎ᠡ ᠲᠣᠭ᠍ᠲᠠᠵᠤ᠂ ᠬᠡᠯᠡᠯᠴᠡᠭᠡᠷ᠎ᠦᠨ ᠶᠡᠷᠦᠩᠬᠡᠶ ᠪᠠᠯᠠ ᠣᠷᠣᠭᠤᠯᠤᠯᠲᠠ 12493 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡᠨᠲᠡ 803 ᠲᠥᠷᠥᠯ ᠵᠦᠶ᠋ᠯ᠎ᠢ ᠨᠠᠢᠳᠠᠪᠤᠷᠢᠵᠢᠭᠤᠯᠵᠤ᠂ ᠲᠣᠰ ᠲᠣᠰ 2020 ᠣᠨ᠎ᠤ 5.9 ᠳᠠᠬᠢᠨ᠂ 3.4 ᠳᠠᠬᠢᠨ᠂ 5.2 ᠳᠠᠬᠢᠨ᠂ 3.8 ᠳᠠᠬᠢᠨ ᠪᠣᠯᠪᠠ᠃ 《ᠳᠠᠨ ᠳ᠋ᠤ ᠬᠠᠨᠤᠮᠵᠢᠳᠠᠢ》ᠪᠠᠢᠬᠤ ᠨᠢ ᠶᠠᠭ ᠡᠨᠡ ᠬᠣᠲᠠ᠎ᠶ᠋ᠢᠨ ᠱᠢᠨ᠎ᠡ ᠨᠡᠷ᠎ᠡ ᠠᠯᠳᠠᠷᠰᠢᠯ ᠪᠣᠯᠵᠤ ᠪᠠᠢᠨ᠎ᠠ᠃
ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠳᠥᠷᠪᠡᠨ᠎ᠳᠦ᠂ ᠪᠤᠭᠤᠲᠤ ᠬᠣᠲᠠ 2022 ᠣᠨ᠎ᠤ ᠠᠩᠬᠠᠨ᠎ᠤ ᠪᠦᠯᠦᠭ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 100 ᠭᠤᠤᠯᠳᠠᠯᠭ᠎ᠠ᠎ᠲᠠᠶ ᠡᠭᠦᠷᠭᠡ᠎ᠶ᠋ᠢ ᠨᠡᠢᠲᠡᠯᠡᠵᠦ᠍᠂ ᠨᠠᠩ ᠶᠡᠬᠡ ᠡᠷᠴᠢᠮ᠎ᠢᠶᠡᠷ ᠪᠥᠬᠥ᠌ ᠲᠠᠯ᠎ᠠ᠎ᠶ᠋ᠢᠨ᠂ ᠭᠦᠨ ᠳᠠᠪᠬᠤᠷᠭ᠎ᠠ᠎ᠶ᠋ᠢᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠠᠬᠢᠭᠤᠯᠪᠠ᠃
ᠡᠭᠦᠨ᠎ᠳᠦ᠂ ᠲᠡᠷᠢᠭᠦᠨ ᠵᠡᠷᠭᠡ᠎ᠶ᠋ᠢᠨ ᠵᠠᠰᠠᠭ᠎ᠤᠨ ᠶᠠᠪᠤᠳᠠᠯ᠎ᠤᠨ ᠣᠷᠴᠢᠨ ᠳᠤᠭᠤᠷᠢᠨ᠎ᠢ ᠭᠦᠨᠵᠡᠭᠡᠢᠷᠡᠭᠦᠯᠬᠦ᠌ ᠲᠠᠯ᠎ᠠ᠎ᠪᠠᠷ᠂ ᠠᠨᠭᠬᠠᠨ᠎ᠤ 《ᠨᠢᠭᠡ ᠶᠠᠪᠤᠳᠠᠯ》᠂ ᠦᠶ᠋ᠯᠡᠰ ᠪᠤᠰᠬᠠᠬᠤ《ᠨᠢᠭᠡ ᠶᠠᠪᠤᠳᠠᠯ》᠂ ᠠᠵᠢᠯ ᠡᠴᠡ᠎ᠪᠠᠨ ᠠᠮᠠᠷᠠᠬᠤ《ᠨᠢᠭᠡ ᠶᠠᠪᠤᠳᠠᠯ》᠂ ᠠᠷᠤ᠎ᠳᠠᠬᠢ 《ᠨᠢᠭᠡ ᠶᠠᠪᠤᠳᠠᠯ》᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ 《ᠨᠢᠭᠡ ᠶᠠᠪᠤᠳᠠᠯ》 ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠪᠠ ᠥᠨᠳᠥᠷ ᠳᠠᠪᠲᠠᠮᠵᠢᠲᠤ ᠵᠦᠶ᠋ᠯᠡᠰ᠎ᠦᠨ ᠬᠤᠷᠠᠮᠠᠯ ᠦᠶ᠋ᠯᠡᠴᠢᠯᠡᠭᠡ᠎ᠶ᠋ᠢ ᠲᠣᠳᠣᠷᠬᠠᠶ ᠳᠤᠬᠳᠠᠭᠠᠨ ᠭᠠᠷᠭᠠᠵᠤ᠂ 《ᠨᠢᠭᠡ ᠤᠳᠠᠭ᠎ᠠ᠎ᠳᠤ ᠮᠡᠳᠡᠭ᠌ᠳᠡᠬᠦ᠌᠂ ᠨᠢᠭᠡ ᠬᠦᠰᠦᠨᠦᠭ᠌ᠲᠦ᠍᠎ᠪᠡᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌᠂ ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌᠂ ᠨᠢᠭᠡ ᠴᠣᠩᠬᠤᠪᠴᠢ ᠪᠠᠷ ᠦᠨᠡᠮᠯᠡᠯ ᠣᠯᠭᠣᠬᠤ》 ᠵᠢ ᠪᠡᠶᠡᠯᠡᠭᠦᠯᠪᠡ᠃
ᠤᠴᠢᠷ ᠶᠠᠪᠤᠳᠠᠯ᠎ᠢ ᠬᠠᠮᠤᠭ᠎ᠤᠨ ᠪᠠᠭ᠎ᠠ ᠲᠡᠢᠰᠢ ᠪᠠᠭᠠᠰᠭᠠᠵᠤ᠂ ᠬᠤᠷᠳᠤᠴᠠ᠎ᠶ᠋ᠢ ᠬᠠᠮᠤᠭ᠎ᠤᠨ ᠲᠦᠷᠭᠡᠨ ᠲᠡᠢᠰᠢ ᠤᠷᠤᠭ᠍ᠰᠢᠯᠠᠭᠤᠯᠬᠤ ᠪᠣᠯ ᠪᠤᠭᠤᠲᠤ ᠬᠤᠳᠠ᠎ᠶ᠋ᠢᠨ ᠬᠥᠭᠡᠭᠡᠴᠡᠯᠳᠦᠭ᠌ᠰᠡᠭᠡᠷ ᠢᠷᠡᠭ᠌ᠰᠡᠨ ᠬᠠᠷᠠᠯᠲᠠ ᠪᠣᠯᠤᠨ᠎ᠠ᠃
ᠦᠷᠭᠦᠯᠵᠢᠯᠡᠨ ᠴᠣᠮᠬᠠᠳᠭᠠᠨ ᠱᠢᠯᠢᠳᠡᠭ᠌ᠵᠢᠭᠦᠯᠵᠦ᠍᠂ ᠡᠯᠧᠮᠧᠨ᠋ᠲ ᠬᠠᠮᠤᠭ᠎ᠤᠨ《ᠴᠥᠭᠡᠨ》 ᠪᠠᠢᠯᠭᠠᠬᠤ᠎ᠪᠠᠷ ᠴᠢᠷᠮᠠᠢᠨ᠎ᠠ; ᠣᠯᠠᠨ ᠲᠠᠯ᠎ᠠ᠎ᠶ᠋ᠢ ᠡᠮᠬᠢᠯᠡᠨ ᠨᠡᠢᠯᠡᠭᠦᠯᠵᠦ᠍ ᠳᠡᠭᠡᠭ᠌ᠰᠢᠯᠡᠭᠦᠯᠦᠨ᠂ ᠶᠠᠪᠤᠳᠠᠯ ᠭᠦᠶ᠋ᠴᠡᠳᠭᠡᠬᠦ᠌᠎ᠳᠦ ᠬᠠᠮᠤᠭ᠎ᠤᠨ ᠲᠦᠷᠭᠡᠨ ᠪᠣᠯᠭᠠᠬᠤ᠎ᠪᠠᠷ ᠴᠢᠷᠮᠠᠢᠨ᠎ᠠ; ᠠᠵᠤ ᠠᠬᠤᠢᠯᠠᠯ ᠣᠯᠠᠨ ᠲᠦᠮᠡᠨ᠎ᠦ ᠬᠡᠷᠡᠭ᠌ᠴᠡᠭᠡ᠎ᠳᠦ ᠣᠢᠷᠠᠲᠤᠵᠤ᠂ 《ᠦᠶ᠋ᠯᠡᠴᠢᠯᠡᠭᠡ》 ᠵᠢ ᠨᠡᠩ ᠰᠢᠯᠢᠳᠡᠭᠵᠢᠬᠦᠯᠬᠦ ᠪᠠᠷ ᠴᠢᠷᠮᠠᠢᠨ᠎ᠠ᠃ 2021 ᠣᠨ᠎ᠳᠤ᠂ ᠪᠤᠭᠤᠲᠤ ᠬᠣᠲᠠ《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠵᠠᠰᠠᠭ ᠵᠠᠬᠢᠷᠭᠠᠨ᠎ᠤ ᠦᠶ᠋ᠯᠡ ᠠᠵᠢᠯᠯᠠᠭ᠎ᠠ᠎ᠶ᠋ᠢᠨ《ᠴᠥᠭᠡᠨ ᠰᠠᠢᠨ ᠲᠦᠷᠭᠡᠨ》᠎ᠢ᠋ ᠪᠡᠶᠡᠯᠡᠭᠦᠯᠬᠦ᠌᠎ᠶ᠋ᠢ ᠠᠬᠢᠭᠤᠯᠬᠤ᠎ᠪᠠᠷ ᠬᠠᠷᠠᠯᠲᠠ ᠪᠣᠯᠭᠠᠵᠤ᠂ 891 ᠵᠦᠶ᠋ᠯ᠎ᠦᠨ ᠵᠠᠰᠠᠭ ᠵᠠᠬᠢᠷᠭᠠᠨ᠎ᠤ ᠡᠷᠬᠡ᠎ᠶ᠋ᠢ ᠬᠦᠴᠦᠨ ᠥᠬᠡᠶ ᠪᠣᠯᠭᠠᠭ᠍ᠰᠠᠨ ᠪᠠ ᠳᠣᠷᠣᠭ᠍ᠰᠢ ᠪᠠᠭᠤᠯᠭᠠᠵᠤ᠂ 169 ᠵᠦᠶ᠋ᠯ᠎ᠦᠨ ᠬᠤᠪᠢ ᠬᠥᠮᠦᠨ᠎ᠦ ᠶᠠᠪᠤᠳᠠᠯ᠎ᠢ 《ᠬᠡᠷ᠎ᠦᠨ ᠡᠭᠦᠳᠡᠨᠬᠠᠵᠠᠭᠤ ᠳ᠋ᠤ》 ᠭᠦᠶ᠋ᠴᠡᠳᠭᠡᠬᠦ᠌᠎ᠶ᠋ᠢ ᠪᠡᠶᠡᠯᠡᠭᠦᠯᠵᠦ᠍᠂ ᠬᠢᠨᠠᠨ ᠵᠥᠪᠱᠢᠶᠡᠷᠡᠬᠦ᠌ ᠪᠠ ᠦᠶ᠋ᠯᠡᠴᠢᠯᠡᠭᠡᠨ᠎ᠦ ᠬᠡᠷᠡᠭ ᠶᠠᠪᠤᠳᠠᠯ᠎ᠢ ᠭᠦᠶ᠋ᠴᠡᠳᠭᠡᠬᠦ᠌ ᠴᠠᠭ᠎ᠤᠨ ᠬᠢᠵᠠᠭᠠᠷ᠎ᠢ 86.3% ᠪᠡᠷ ᠪᠠᠭᠠᠰᠭᠠᠵᠤ᠂ ᠠᠵᠢᠯ ᠶᠠᠪᠤᠳᠠᠯ ᠭᠦᠶ᠋ᠴᠡᠳᠭᠡᠬᠦ᠌ ᠭᠦᠶᠦᠬᠦ᠌ ᠨᠣᠷᠮ᠎ᠠ᠎ᠶ᠋ᠢ 7.2% ᠪᠣᠯᠭᠠᠨ ᠪᠠᠭᠠᠰᠭᠠᠪᠠ᠃
《ᠭᠤᠷᠪᠠᠨ ᠡᠳᠦᠷ ᠪᠣᠯᠤᠭ᠎ᠠ ᠦᠭᠡᠢ᠎ᠪᠡᠷ ᠪᠠᠷᠢᠯᠭ᠎ᠠ ᠪᠠᠷᠢᠬᠤ ᠵᠥᠪᠱᠢᠶᠡᠷᠡᠯ᠎ᠦᠨ ᠦᠨᠡᠮᠯᠡᠯ ᠠᠪᠴᠤ᠌᠂ ᠪᠢᠳᠡᠨ᠎ᠦ ᠠᠵᠢᠯ᠎ᠤᠨ ᠬᠤᠭᠤᠴᠠᠭ᠎ᠠ᠎ᠶ᠋ᠢ ᠵᠠᠪᠳᠤᠬᠤ᠎ᠳᠤ ᠬᠣᠪᠣᠷ ᠨᠠᠨᠳᠢᠨ ᠴᠠᠭ ᠤᠯᠭᠤᠵᠥ ᠦᠭᠪᠡ》᠃ ᠭᠠᠵᠠᠷ ᠠᠪᠤᠭ᠍ᠰᠠᠨ ᠡᠴᠡ ᠪᠠᠷᠢᠯᠭ᠎ᠠ ᠪᠠᠷᠢᠬᠤ ᠵᠥᠪᠱᠢᠶᠡᠷᠡᠯ᠎ᠦᠨ ᠦᠨᠡᠮᠯᠡᠯ ᠣᠯᠤᠭ᠍ᠰᠠᠨ ᠬᠦᠷᠲᠡᠯ᠎ᠡ᠂ ᠴᠠᠭ ᠬᠤᠭᠤᠴᠠᠭ᠎ᠠ ᠨᠢ 2 ᠰᠠᠷ᠎ᠠ ᠪᠣᠭᠣᠨᠢᠰᠴᠤ᠌᠂ ᠪᠡᠯᠡᠳᠭᠡᠬᠦ᠌ ᠴᠢᠬᠤᠯᠠᠲᠠᠶ ᠮᠠᠲ᠋ᠧᠷᠢᠶᠠᠯ ᠨᠢ ᠬᠠᠭᠠᠰ᠎ᠢᠶᠠᠷ ᠪᠠᠭᠠᠰᠴᠤ᠌᠂ ᠭᠦᠶᠦᠬᠦ᠌ ᠤᠳᠠᠭ᠎ᠠ ᠨᠢ ᠴᠦ᠍ ᠶᠡᠬᠡᠪᠡᠷ ᠪᠠᠭᠠᠰᠤᠬᠰᠠᠨ ᠨᠢ ᠪᠤᠭᠤᠲᠤ᠎ᠶ᠋ᠢᠨ ᠨᠢᠭᠡᠳᠦᠭᠡᠷ ᠮᠠᠱᠢᠨ ᠲᠥᠬᠥᠭᠡᠷᠦᠮᠵᠢ᠎ᠶ᠋ᠢᠨ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠱᠦᠶ ᠠᠨ ᠢᠦᠶ ᠵᠢᠩ ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠵᠦ᠍ ᠪᠦᠲᠦᠭᠡᠨ ᠪᠠᠢᠭᠤᠯᠬᠤ ᠬᠠᠷᠢᠭᠤᠴᠠᠯᠭᠠᠲᠠᠨ ᠱᠠᠩ ᠸᠸᠨ ᠲᠤᠤ᠎ᠳᠤ ᠬᠦᠨ ᠰᠠᠭᠤᠭᠳᠠᠯ ᠦᠯᠡᠳᠡᠭᠡᠵᠡᠢ᠃
ᠲᠦᠷᠦᠭᠦᠬᠡᠨ᠂ ᠪᠤᠭᠤᠲᠤ ᠬᠣᠲᠠ᠎ᠶ᠋ᠢᠨ ᠠᠷᠠᠳ ᠯᠢᠦ ᡁᠢ ᠴᠢᠶᠠᠩ ᠪᠠᠢᠭᠤᠯᠭ᠎ᠠ ᠨᠢᠭᠡᠴᠢ ᠲᠡᠶ᠎ᠪᠡᠨ ᠬᠥᠳᠡᠯᠮᠦᠷᠢ᠎ᠶ᠋ᠢᠨ ᠭᠡᠷ᠎ᠡ᠎ᠪᠡᠨ ᠬᠦᠴᠦᠨ ᠥᠬᠡᠶ ᠪᠣᠯᠭᠠᠪᠠ᠂ ᠬᠣᠯᠪᠣᠭ᠍ᠳᠠᠯ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ ᠶᠣᠰᠣᠭᠠᠷ᠂ ᠲᠡᠷᠡ 6 ᠰᠠᠷ᠎ᠠ᠎ᠶ᠋ᠢᠨ ᠠᠵᠢᠯ ᠠᠯᠳᠠᠭ᠍ᠰᠠᠳ᠎ᠤᠨ ᠨᠥᠬᠥᠪᠥᠷᠢ ᠮᠥᠩᠭᠥ᠌ ᠤᠯᠵᠥ ᠪᠣᠯᠤᠨ᠎ᠠ᠂ ᠴᠣᠩᠬᠣᠪᠴᠢ ᠪᠡᠷ ᠶᠠᠪᠤᠳᠠᠯ ᠬᠦᠢᠴᠡᠤᠨᠬᠡᠬᠦ ᠬᠥᠮᠦᠨ ᠣᠯᠠᠨ᠎ᠢ ᠪᠤᠳᠤᠭᠠᠳ ᠭᠤᠶᠤᠴᠢᠯᠠᠨ ᠠᠪᠬᠤ ᠭᠠᠷ ᠭᠦᠶ᠋ᠴᠡᠳᠭᠡᠯ ᠬᠢᠭ᠌ᠰᠡᠨ ᠥᠬᠡᠶ᠃ ᠠᠵᠢᠯ ᠠᠯᠳᠠᠭ᠍ᠰᠠᠳ᠎ᠤᠨ ᠨᠥᠬᠥᠪᠥᠷᠢ ᠮᠥᠩᠭᠥ᠎ᠶ᠋ᠢ ᠭᠠᠷ ᠤᠲᠠᠰᠤ᠎ᠪᠠᠷ《ᠮᠥᠩᠬᠡ ᠰᠤᠪᠠᠭ》 APP ᠳ᠋ᠤ ᠪᠡᠶᠡᠯᠡᠬᠦᠯᠵᠥ ᠪᠣᠯᠤᠨ᠎ᠠ ᠬᠡᠵᠥ ᠰᠤᠨᠤᠰᠤᠬᠰᠠᠨ ᠳᠡᠷᠡᠪᠡᠷ ᠬᠡᠳᠦᠬᠡᠨ ᠮᠢᠨᠦ᠋ᠲ᠎ᠦᠨ ᠳᠣᠲᠣᠷ᠎ᠠ ᠪᠡᠶᠡᠯᠡᠭᠦᠯᠵᠥ᠂ 《ᠲᠡᠨᠳᠡ ᠬᠢᠨᠠᠨ ᠬᠠᠷᠭᠤᠭᠤᠯᠤᠭᠠᠳ ᠯᠡ ᠦᠭᠪᠡᠯ᠂ ᠨᠥᠬᠥᠪᠥᠷᠢ ᠮᠥᠩᠭᠥ᠎ᠶ᠋ᠢ ᠱᠢᠭᠤᠳ ᠪᠠᠩᠬᠢ᠎ᠶ᠋ᠢᠨ ᠺᠠᠷᠲ ᠳᠡᠭᠡᠷ᠎ᠡ ᠶᠠᠪᠤᠭᠤᠯᠵᠤ ᠥᠭ᠌ᠭᠦᠴᠢᠬᠡᠨᠡ᠂ ᠡᠨᠡ ᠨᠢ ᠮᠠᠰᠢ ᠲᠥᠬᠥᠮ ᠰᠠᠨᠠᠭ᠍ᠳᠠᠵᠤ ᠪᠠᠢᠨ᠎ᠠ》 ᠬᠡᠵᠥ ᠶᠠᠷᠢᠪᠠ᠃
《ᠠᠵᠤ ᠠᠬᠤᠢᠯᠠᠯ ᠪᠠ ᠣᠯᠠᠨ ᠲᠦᠮᠡᠨ᠎ᠢ ᠭᠠᠷ ᠤᠲᠠᠰᠤ᠎ᠪᠠᠷ ᠵᠢᠡᠨ ᠡᠯ᠎ᠡ ᠵᠦᠶ᠋ᠯ ᠦᠨ ᠤᠴᠢᠷ ᠶᠠᠪᠤᠳᠠᠯ᠎ᠢ ᠠᠮᠠᠷᠬᠠᠨ ᠱᠢᠶ᠋ᠳᠪᠦᠷᠢᠯᠡᠵᠦ᠍ ᠴᠢᠳᠠᠬᠤ ᠪᠣᠯᠭᠠᠵᠤ᠂ ᠠᠵᠤ ᠠᠬᠤᠢᠯᠠᠯ ᠪᠠ ᠣᠯᠠᠨ ᠲᠦᠮᠡᠨ᠎ᠦ 〈ᠭᠦᠶᠦᠬᠦ᠌ ᠬᠡᠷᠡᠭ ᠦᠬᠡᠢ〉 ᠪᠠᠢᠬᠤ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠪᠢᠳᠡ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢᠨ〈ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌〉᠂ 〈ᠠᠯᠠᠭᠠᠨ ᠳᠡᠭᠡᠷ᠎ᠡ ᠭᠦᠶ᠋ᠴᠡᠳᠭᠡᠬᠦ᠌〉᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠪᠤᠭᠤᠲᠤ᠎ᠶ᠋ᠢᠨ ᠣᠨᠴᠠᠯᠢᠭ᠎ᠲᠠᠶ ᠱᠢᠯᠵᠢᠮᠡᠯ ᠬᠡᠷᠡᠭ ᠡᠷᠭᠢᠯᠡᠬᠦ᠌ ᠬᠣᠲᠠ᠎ᠶ᠋ᠢ ᠪᠠᠢᠭᠤᠯᠪᠠ》ᠬᠡᠵᠥ ᠪᠤᠭᠤᠲᠤ ᠬᠣᠲᠠ ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ ᠦ ᠲᠣᠪᠴᠢᠶ᠎ᠠ᠎ᠶ᠋ᠢᠨ ᠳᠡᠳ᠋ ᠳᠠᠷᠤᠭ᠎ᠠ ᠴᠧᠨ ᠵᠢᠶᠠᠨ ᠮᠢᠩ᠂ ᠣᠳᠣᠬᠠᠨ᠎ᠳᠤ᠂ ᠨᠢᠭᠤᠴᠠ᠎ᠳᠤ ᠬᠣᠯᠪᠣᠭ᠍ᠳᠠᠬᠤ ᠪᠤᠶᠤ ᠬᠠᠤᠯᠢ ᠴᠠᠭᠠᠵᠠ᠎ᠳᠤ ᠲᠣᠭ᠍ᠲᠠᠭᠠᠭ᠍ᠰᠠᠨ ᠨᠡᠭᠡᠭᠡᠵᠦ᠍ ᠳᠡᠢᠯᠬᠦ᠌ ᠥᠬᠡᠶ ᠵᠦᠶ᠋ᠯᠡᠰ᠎ᠢ ᠭᠠᠷᠭᠠᠪᠠᠯ᠂ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠬᠤ ᠨᠣᠷᠮ᠎ᠠ᠎ᠨᠢ 100% ᠳ᠋ᠤ ᠬᠦᠷᠴᠦ᠍᠂ 《ᠮᠥᠩᠬᠡ ᠰᠤᠪᠠᠭ》 APP ᠶ᠋ᠢᠨ ᠳᠠᠩᠰᠠᠯᠠᠭᠤᠯᠤᠭ᠍ᠰᠠᠨ ᠬᠡᠷᠡᠭ᠌ᠯᠡᠭ᠌ᠴᠢ 88 ᠲᠦᠮᠡ᠎ᠳᠦ ᠬᠦᠷᠴᠦ᠍᠂ 736 ᠵᠦᠶ᠋ᠯᠡᠰ᠎ᠢ 《ᠠᠯᠠᠭᠠᠨ ᠳᠡᠭᠡᠷ᠎ᠡ ᠭᠦᠶ᠋ᠴᠡᠳᠭᠡᠬᠦ᠌》᠎ᠶ᠋ᠢ ᠪᠡᠶᠡᠯᠡᠭᠦᠯᠵᠡᠢ ᠬᠡᠵᠥ ᠳᠠᠨᠢᠯᠴᠠᠭᠤᠯᠪᠠ᠃
ᠪᠤᠭᠤᠲᠤ ᠬᠣᠲᠠ ᠣᠯᠠᠨ ᠲᠦᠮᠡᠨ᠎ᠦ ᠨᠢᠳᠦᠨ᠎ᠳᠡᠬᠢ ᠰᠠᠯᠠᠭ᠎ᠠ ᠮᠥᠴᠢᠷ ᠠᠯᠤᠰᠯᠠᠨ 121《ᠨᠢᠭᠡ ᠶᠠᠪᠤᠳᠠᠯ 》 ᠢ᠋ ᠡᠮᠬᠢᠯᠡᠨ ᠨᠡᠢᠯᠡᠭᠦᠯᠵᠦ᠍᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠌ ᠪᠠ ᠪᠤᠳᠠᠳᠤ ᠠᠬᠤᠢ ᠵᠢᠨ《ᠵᠥᠷᠢᠶ᠎ᠡ ᠥᠬᠡᠶ》 ᠭᠥᠯᠢᠶᠡᠨ ᠠᠪᠴᠤ᠌ ᠱᠢᠶ᠋ᠳᠪᠦᠷᠢᠯᠡᠬᠦ᠌ ᠴᠣᠩᠬᠣᠪᠴᠢ ᠨᠡᠭᠡᠭᠡᠵᠦ᠍᠂ ᠥᠨᠳᠥᠷ ᠳᠠᠪᠲᠠᠮᠵᠢᠲᠤ ᠵᠦᠶ᠋ᠯᠡᠰ᠎ᠢ《ᠨᠢᠭᠡ ᠯᠡ ᠤᠳᠠᠭ᠎ᠠ᠎ᠳᠤ ᠭᠦᠶ᠋ᠴᠡᠳᠭᠡᠵᠤ ᠴᠢᠳᠠᠬᠤ》 ᠪᠣᠯᠭᠠᠪᠠ᠃
《ᠠᠵᠢᠯᠯᠠᠬᠤ ᠴᠠᠬ ᠲᠸ᠋ ᠴᠢᠯᠥᠭᠡ ᠥᠬᠡᠶ᠂ ᠠᠵᠢᠯ ᠡᠴᠡ᠎ᠪᠠᠨ ᠪᠠᠭᠤᠪᠠᠯ ᠬᠦᠯᠢᠶᠡᠨ ᠠᠪᠬᠤ ᠭᠠᠵᠠᠷ ᠥᠬᠡᠶ》ᠪᠠᠢᠬᠤ ᠪᠣᠯ ᠮᠠᠰᠢ ᠣᠯᠠᠨ ᠠᠵᠢᠯᠯᠠᠵᠤ ᠪᠠᠢᠭ᠎ᠠ ᠬᠥᠮᠦᠰ᠎ᠲᠦ ᠲᠤᠯᠭᠠᠷᠠᠵᠤ ᠪᠠᠢᠭ᠎ᠠ ᠬᠦᠴᠢᠷ ᠠᠰᠠᠭᠤᠳᠠᠯ ᠪᠣᠯᠤᠨ᠎ᠠ᠃ ᠡᠭᠦᠨ᠎ᠦ ᠲᠤᠯᠠᠳᠠ᠂ 2021 ᠣᠨ᠎ᠤ 2 ᠰᠠᠷ᠎ᠠ᠎ᠶ᠋ᠢᠨ 22 ᠤ᠋ ᠡᠳᠦᠷ᠎ᠡᠴᠡ ᠡᠬᠢᠯᠡᠨ᠂ ᠪᠤᠭᠤᠲᠤ ᠬᠣᠲᠠ᠎ᠶ᠋ᠢᠨ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ ᠬᠤᠤᠰ ᠠᠮᠠᠷᠠᠯᠲᠠ᠎ᠶ᠋ᠢᠨ ᠡᠳᠦᠷ᠎ᠦᠨ ᠦᠶ᠋ᠯᠡᠴᠢᠯᠡᠭᠡ ᠬᠠᠩᠭᠠᠵᠤ᠂ ᠪᠥᠬᠥ᠌ ᠵᠢᠯ᠎ᠳᠦ ᠡᠯ᠎ᠡ ᠱᠠᠲᠤᠨ᠎ᠤ ᠲᠢᠩᠬᠢᠮ᠎ᠦᠨ ᠬᠤᠤᠰ ᠠᠮᠠᠷᠠᠯᠲᠠ ᠶ᠋ᠢᠨ ᠡᠳᠦᠷ ᠠᠵᠤ ᠠᠬᠤᠢᠯᠠᠯ ᠣᠯᠠᠨ ᠲᠦᠮᠡᠨ ᠳ᠋ᠤ 5.2 ᠲᠦᠮᠡᠨ ᠬᠥᠮᠦᠨ(ᠤᠳᠠᠭ᠎ᠠ)ᠦᠢᠯᠡᠴᠢᠯᠡᠬᠡ ᠬᠠᠩᠭᠠᠪᠠ᠃
ᠨᠠᠰᠤᠲᠠᠢᠴᠤᠳ᠎ᠤᠨ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶ᠋ᠴᠡᠳᠭᠡᠬᠦ᠌᠎ᠳᠦ ᠬᠦᠴᠢᠷᠲᠡᠶ ᠪᠠᠢᠬᠤ ᠳ᠋ᠤ ᠬᠠᠨᠳᠤᠭᠤᠯᠤᠨ᠂ 《ᠨᠠᠰᠤᠲᠠᠢᠴᠤᠳ᠎ᠤᠨ ᠦᠶ᠋ᠯᠡᠴᠢᠯᠡᠭᠡ》 ᠶ᠋ᠢᠨ ᠲᠤᠰᠭᠠᠶ ᠲᠣᠭᠣᠷᠢᠭ᠎ᠢ ᠨᠡᠭᠡᠭᠡᠵᠦ᠍᠂ ᠲᠣᠮᠣ ᠥᠰᠥᠭ᠎ᠦᠨ ᠲᠢᠭ᠌᠎ᠳᠦ ᠦᠶ᠋ᠯᠡᠴᠢᠯᠡᠭᠡᠨ᠎ᠦ ᠬᠠᠭᠤᠳᠠᠰᠤ᠎ᠶ᠋ᠢ ᠥᠭᠡᠷᠡᠴᠢᠯᠡᠨ ᠱᠢᠨᠡᠳᠭᠡᠵᠦ᠍᠂ ᠨᠠᠰᠤᠲᠠᠢᠴᠤᠳ᠎ᠤᠨ ᠡᠳᠦᠷ ᠲᠤᠲᠤᠮ᠎ᠤᠨ ᠠᠮᠢᠳᠤᠷᠠᠯ ᠳᠤᠮᠳᠠᠬᠢ ᠥᠨᠳᠥᠷ ᠳᠠᠪᠲᠠᠮᠵᠢᠲᠤ ᠵᠦᠶ᠋ᠯᠡᠰ ᠵᠢᠴᠢ ᠦᠶ᠋ᠯᠡᠴᠢᠯᠡᠭᠡᠨ᠎ᠦ ᠠᠬᠤᠶ ᠪᠠᠢᠳᠠᠯ᠎ᠤᠨ ᠲᠣᠭᠣᠷᠢᠨ᠎ᠳᠤ ᠪᠤᠯᠤᠩ ᠭᠠᠷᠭᠠᠵᠤ᠂ ᠨᠠᠰᠤᠲᠠᠢᠴᠤᠳ᠎ᠲᠤ ᠨᠠᠩ ᠴᠢᠨᠠᠷ ᠰᠠᠢᠲᠠᠶ ᠥᠨᠳᠥᠷ ᠪᠦᠲᠦᠮᠵᠢᠲᠡᠶ᠂ ᠳᠥᠭᠥᠮ ᠳᠥᠲᠡ ᠲᠦᠷᠭᠡᠨ᠂ ᠨᠡᠢᠳᠡᠮ ᠠᠱᠢᠭ ᠬᠦᠷᠲᠡᠭᠡᠬᠦ᠌ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠠᠩᠭᠠᠪᠠ᠃
2021 ᠣᠨ᠎ᠤ 4 ᠰᠠᠷ᠎ᠠ᠎ᠶ᠋ᠢᠨ 12 ᠤ᠋ᠨ ᠡᠳᠦᠷ᠎ᠡᠴᠡ ᠡᠬᠢᠯᠡᠨ᠂ ᠪᠤᠭᠤᠲᠤ ᠬᠣᠲᠠ ᠪᠠᠰᠠ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠡᠬᠡ ᠲᠢᠩᠬᠢᠮ᠂ ᠬᠤᠪᠢᠶᠠᠷᠢ ᠲᠢᠩᠬᠢᠮ᠎ᠳᠦ 《ᠱᠢᠶ᠋ᠳᠪᠦᠷᠢᠯᠡᠵᠦ᠍ ᠳᠡᠢᠯᠬᠦ᠌ ᠥᠬᠡᠶ ᠶᠠᠪᠤᠳᠠᠯ》᠎ᠢ᠋ ᠲᠤᠰᠭᠠᠬᠤ ᠴᠣᠩᠬᠤᠪᠴᠢ ᠭᠠᠷᠭᠠᠵᠤ᠂ ᠣᠯᠠᠨ ᠲᠦᠮᠡᠨ᠂ ᠠᠵᠤ ᠠᠬᠤᠢᠯᠠᠯ᠎ᠤᠨ ᠰᠦᠯᠵᠢᠶᠡᠨ ᠳᠡᠭᠡᠷ᠎ᠡ ᠪᠤᠶᠤ ᠪᠤᠳᠠᠳᠤ ᠠᠬᠤᠢ ᠳ᠋ᠡᠬᠢ ᠡᠷᠡᠮᠡᠯᠵᠡᠯᠡᠬᠦ ᠮᠠᠲ᠋ᠧᠷᠢᠶᠠᠯ᠎ᠢᠶᠠᠨ ᠲᠤᠱᠢᠶᠠᠭ᠍ᠰᠠᠨ᠎ᠤ ᠳᠠᠷᠠᠭ᠎ᠠ᠂ ᠡᠯ᠎ᠡ ᠰᠠᠯᠠᠭ᠎ᠠ ᠮᠥᠴᠢᠷ᠎ᠨᠢ ᠴᠠᠭ ᠲᠤᠬᠠᠶ᠎ᠳᠤᠨᠢ ᠭᠥᠯᠢᠶᠡᠨ ᠠᠪᠴᠤ᠌ ᠱᠢᠶ᠋ᠳᠪᠦᠷᠢᠯᠡᠭ᠌ᠰᠡᠨ ᠥᠬᠡᠶ᠂ ᠴᠠᠭ ᠲᠤᠬᠠᠶ᠎ᠳᠤᠨᠢ ᠭᠦᠶ᠋ᠴᠡᠳᠭᠡᠵᠦ᠍ ᠳᠠᠭᠤᠰᠭᠠᠭ᠍ᠰᠠᠨ ᠥᠬᠡᠶ ᠪᠤᠶᠤ ᠣᠯᠠᠨ ᠲᠦᠮᠡᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠳᠦ ᠬᠣᠶᠠᠷ ᠤᠳᠠᠭ᠎ᠠ ᠡᠴᠡ ᠢᠯᠡᠬᠦᠦ ᠬᠦᠷᠦᠭᠰᠡᠨ ᠴᠸ᠋ ᠱᠢᠶ᠋ᠳᠪᠦᠷᠢᠯᠡᠵᠥ ᠳᠡᠢᠯᠦᠭᠰᠡᠨ ᠥᠬᠡᠶ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠪᠡ᠃ ᠡᠭᠦᠨ᠎ᠦ ᠬᠠᠮᠲᠤ ᠴᠢᠩᠭ᠎ᠠ ᠬᠦᠴᠦᠲᠡᠶ ᠱᠠᠯᠠᠪᠳᠠᠭᠤᠯᠤᠨ ᠪᠠᠢᠴᠠᠭᠠᠬᠤ ᠲᠣᠭ᠍ᠲᠠᠴᠠ᠎ᠶ᠋ᠢ ᠪᠠᠢᠭᠤᠯᠵᠤ᠂ ᠦᠷᠭᠦᠯᠵᠢᠯᠡᠨ ᠮᠥᠷᠳᠡᠵᠦ᠍ ᠱᠠᠯᠠᠪᠳᠠᠭᠤᠯᠤᠨ ᠰᠢᠢᠳᠪᠦᠷᠢᠯᠡᠬᠦᠯᠵᠥ᠂ 《ᠱᠢᠶ᠋ᠳᠪᠦᠷᠢᠯᠡᠵᠦ᠍ ᠳᠡᠢᠯᠬᠦ᠌ ᠥᠬᠡᠶ ᠶᠠᠪᠤᠳᠠᠯ᠎ᠢ ᠲᠦᠷᠭᠡᠬᠡᠨ ᠱᠢᠶ᠋ᠳᠪᠦᠷᠢᠯᠡᠬᠦ》 ᠶ᠋ᠢ ᠦᠨᠡᠨ ᠬᠦ᠌ ᠪᠠᠲᠤᠯᠠᠪᠠ᠃
ᠣᠯᠠᠨ ᠲᠦᠮᠡᠨ᠎ᠦ ᠪᠣᠳᠣᠵᠤ ᠪᠠᠢᠭ᠎ᠠ ᠵᠦᠶ᠋ᠯ᠎ᠢ ᠪᠣᠳᠣᠵᠤ᠂ ᠣᠯᠠᠨ ᠲᠦᠮᠡᠨ᠎ᠦ ᠪᠠᠴᠢᠮᠳᠠᠵᠥ ᠪᠠᠢᠭ᠎ᠠ ᠵᠦᠶ᠋ᠯ ᠳ᠋ᠤ ᠶᠠᠭᠠᠷᠠᠵᠤ᠂ ᠣᠯᠠᠨ ᠲᠦᠮᠡᠨ᠎ᠤ ᠬᠦᠰᠡᠨ ᠱᠠᠭᠠᠷᠳᠠᠵᠥ ᠪᠠᠢᠭ᠎ᠠ ᠵᠦᠢᠯ ᠳ᠋ᠤ ᠬᠠᠪᠰᠤᠷᠬᠤ ᠬᠡᠷᠡᠭ᠌ᠲᠡᠶ᠃ ᠵᠢᠵᠢᠭ ᠴᠣᠩᠬᠣᠪᠴᠢ ᠨᠢ ᠤᠯᠠᠨ ᠲᠦᠮᠡᠨ᠂ ᠠᠵᠤ ᠠᠬᠤᠢᠯᠠᠯ᠎ᠤᠨ《ᠰᠢᠢᠳᠪᠦᠷᠢᠯᠡᠵᠥ ᠳᠡᠢᠯᠬᠦ᠌ ᠦᠭᠡᠢ》 ᠲᠤᠮᠤ ᠠᠰᠠᠭᠤᠳᠠᠯ᠎ᠢ ᠱᠢᠢᠳᠪᠦᠷᠢᠯᠡᠵᠦ᠍᠂ ᠤᠯᠠᠨ ᠲᠦᠮᠡᠨ ᠪᠠ ᠠᠵᠤ ᠠᠬᠤᠢᠯᠠᠯ᠎ᠤᠨ ᠮᠠᠭ᠍ᠲᠠᠭᠠᠯ ᠰᠠᠢᠱᠢᠶᠠᠯ᠎ᠢ ᠣᠯᠤᠭ᠍ᠰᠠᠨ ᠪᠠᠢᠨ᠎ᠠ᠃
ᠡᠳᠦᠭᠡ ᠪᠤᠭᠤᠲᠤ᠎ᠳᠤ᠂ ᠠᠵᠤ ᠠᠬᠤᠢᠯᠠᠯ ᠪᠣᠯᠤᠨ ᠤᠯᠠᠨ ᠲᠦᠮᠡᠨ ᠠᠷᠠᠳ᠎ᠲᠤ ᠲᠦᠬᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌᠂ ᠠᠷᠠᠯᠵᠢᠶᠠᠴᠢᠨ᠎ᠢ ᠬᠦᠨᠳᠦᠳᠭᠡᠵᠦ᠍ ᠠᠷᠠᠯᠵᠢᠶᠠᠴᠢᠨ᠎ᠢ ᠬᠠᠢᠷᠠᠯᠠᠬᠤ ᠰᠣᠶᠣᠯ ᠢᠷᠭᠡᠨᠱᠢᠯ᠎ᠦᠨ ᠣᠷᠴᠢᠨ ᠲᠣᠭᠣᠷᠢᠨ ᠪᠣᠯᠤᠨ ᠨᠡᠢᠭᠡᠮ᠎ᠦᠨ ᠠᠭᠤᠷ ᠠᠮᠢᠰᠭᠤᠯ ᠬᠦᠨ ᠮᠡᠳᠡᠷᠡᠭᠳᠡᠨ᠎ᠡ᠃ ᠡᠲᠡᠭᠡᠷ ᠴᠢᠷᠮᠠᠢᠯᠭ᠎ᠠ ᠨᠢ ᠬᠣᠲᠠ ᠳ᠋ᠦ ᠬᠠᠪᠤᠷ᠎ᠤᠨ ᠤᠷᠢ ᠲᠤᠯᠠᠭᠠᠨᠢ ᠰᠠᠭᠠᠳᠠᠭᠤᠯᠵᠤ᠂ ᠨᠠᠩ ᠴᠤ᠌ ᠮᠠᠰᠢ ᠣᠯᠠᠨ ᠴᠢᠨᠠᠷ ᠰᠠᠢᠲᠠᠶ ᠠᠵᠤ ᠠᠬᠤᠢᠯᠠᠯ᠎ᠢ ᠲᠠᠲᠠᠵᠤ ᠨᠤᠲᠤᠭ᠍ᠰᠢᠭᠤᠯᠬᠤ《ᠰᠤᠷᠢᠨᠵᠢᠨ ᠴᠢᠯᠠᠭᠤ》 ᠪᠣᠯᠭᠠᠵᠤ᠂ ᠠᠵᠤ ᠠᠬᠤᠢᠯᠠᠯ ᠪᠠ ᠣᠯᠠᠨ ᠲᠦᠮᠡᠨ᠎ᠦ ᠬᠦᠷᠳᠡᠮᠵᠢ ᠵᠢᠨ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠪᠠᠢᠨ᠎ᠠ᠃