ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢ ᠴᠢᠩᠭᠠᠳᠬᠠᠰᠤᠭᠠᠢ
2022-02-09 09:31:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌ ᠪᠦᠬᠦᠯᠢ ᠴᠤᠭᠴᠠ ᠵᠢᠨ ᠪᠤᠭᠤᠮᠳᠠ ᠰᠢᠪᠳᠤᠯᠬᠤ ᠳᠠᠢᠯᠠᠯᠳᠤᠭᠠᠨ ᠤ᠋ ᠢᠯᠠᠯᠲᠠ᠎ᠶ᠋ᠢ ᠡᠷᠡᠰ ᠲᠡᠮᠡᠴᠡᠨ ᠤᠯᠬᠤ ᠲᠤᠬᠠᠢ ᠬᠤᠶᠠᠷᠳᠠ ᠦᠭᠦᠯᠡᠬᠦ ᠨᠢ

ᠲᠤᠰ ᠰᠣᠨᠢᠨ᠎ᠤ ᠱᠢᠭᠦᠮᠵᠢᠯᠡᠭ᠌ᠴᠢ

ᠨᠢᠭᠡ ᠭᠠᠵᠠᠷ ᠣᠷᠣᠨ ᠢ᠋ ᠬᠥᠭ᠌ᠵᠢᠭᠦᠯᠬᠦ᠌ ᠳ᠋ᠤ ᠣᠬᠣᠷ ᠬᠤᠭᠤᠴᠠᠭᠠᠨ᠎ᠳᠤ ᠲᠥᠷᠥᠯ ᠵᠦᠶ᠋ᠯ᠎ᠳᠦ ᠲᠦᠱᠢᠭ᠌ᠯᠡᠵᠦ᠍᠂ ᠳᠤᠮᠳᠠ ᠬᠤᠭᠤᠴᠠᠭᠠᠨ᠎ᠳᠤ ᠲᠥᠷᠥ᠎ᠶ᠋ᠢᠨ ᠪᠣᠳᠣᠯᠭ᠎ᠠ᠎ᠳᠤ ᠲᠦᠱᠢᠭ᠌ᠯᠡᠵᠦ᠍᠂ ᠣᠷᠳᠣ ᠬᠤᠭᠤᠴᠠᠭᠠᠨ ᠳ᠋ᠤ ᠣᠷᠴᠢᠨ ᠨᠦᠬᠦᠴᠡᠯ ᠳ᠋ᠤ ᠲᠦᠱᠢᠭ᠌ᠯᠡᠨ᠎ᠠ᠃ ᠬᠠᠮᠢᠭᠠᠬᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠰᠠᠢ᠌ᠨ ᠪᠤᠯᠪᠠᠯ ᠲᠦᠷᠦᠯ ᠵᠦᠢᠯ᠎ᠠᠶᠠᠨᠳᠠᠭᠠᠨ ᠳᠡᠨᠳᠡ ᠬᠦᠷᠴᠦ᠂ ᠪᠡᠯᠡ ᠮᠥᠩᠭᠥ᠌ ᠪᠣᠯᠤᠨ ᠴᠢᠳᠠᠪᠤᠷᠢᠲᠠᠨ ᠠᠶᠠᠨᠳᠠᠭᠠᠨ ᠳᠡᠨᠳᠡ ᠴᠤᠬᠯᠠᠷᠠᠨ᠎ᠠ; ᠬᠠᠮᠢᠭᠠᠬᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠮᠠᠭᠤ ᠪᠤᠯᠪᠠᠯ ᠪᠡᠯᠡ ᠣᠷᠣᠭᠤᠯᠤᠭ᠍ᠴᠢ ᠤᠴᠢᠬᠤ ᠪᠡᠨ ᠪᠤᠯᠢᠵᠤ᠂ ᠠᠵᠤ ᠠᠬᠤᠢ᠎ᠶ᠋ᠢᠨ ᠬᠥᠭ᠌ᠵᠢᠯᠲᠡ ᠨᠥᠯᠥᠭᠡᠯᠡᠭ᠌ᠳᠡᠬᠦ᠌ ᠪᠣᠯᠤᠨ᠎ᠠ᠃

ᠵᠠᠬ᠎ᠠ ᠳᠡᠯᠭᠡᠭᠦᠷ᠎ᠦᠨ ᠭᠤᠤᠯ ᠴᠣᠭ᠍ᠴᠠ ᠨᠠᠩ ᠣᠯᠠᠨ᠂ ᠨᠠᠩ ᠬᠦᠭᠵᠢᠶᠡᠨᠳᠠᠢ ᠪᠣᠯᠪᠠ; ᠠᠷᠠᠳ᠎ᠤᠨ ᠪᠡᠯᠡ ᠣᠷᠣᠭᠤᠯᠤᠯᠲᠠ ᠨᠡᠩ ᠲᠣᠭ᠍ᠲᠠᠭᠤᠨ᠂ ᠨᠡᠩ ᠲᠦᠷᠭᠡᠨ ᠪᠣᠯᠪᠠ; ᠠᠵᠤ ᠠᠬᠤᠢᠯᠠᠯ᠎ᠤᠨ ᠳᠠᠷᠤᠭᠠᠰᠤ ᠨᠠᠩ ᠬᠥᠩᠭᠡᠨ᠂ ᠪᠠᠯᠠ ᠬᠤᠷᠠᠮᠳᠤᠭᠤᠯᠬᠤ ᠳ᠋ᠤ ᠨᠠᠩ ᠲᠥᠬᠥᠮ ᠪᠣᠯᠪᠠ; ᠰᠦᠯᠵᠢᠶᠡᠨ ᠳᠡᠭᠡᠷ᠎ᠡ ᠶᠠᠪᠤᠳᠠᠯ ᠭᠦᠢᠴᠡᠳᠭᠡᠬᠦ ᠳ᠋ᠤ ᠨᠠᠩ ᠳᠥᠭᠥᠮ᠂ ᠨᠠᠩ ᠥᠨᠳᠥᠷ ᠪᠦᠲᠦᠮᠵᠢᠲᠡᠶ ᠪᠤᠯᠪᠠ; ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠨᠠᠩ ᠲᠥᠪ ᠭᠤᠤᠯᠴᠢ᠂ ᠨᠠᠩ ᠪᠣᠳᠠᠲᠠᠶ ᠪᠣᠯᠪᠠ; ᠵᠠᠬ᠎ᠠ ᠳᠡᠯᠭᠡᠭᠦᠷ᠎ᠦᠨ ᠣᠷᠴᠢᠨ ᠨᠡᠩ ᠵᠢᠷᠤᠮᠵᠢᠭᠤᠨ᠂ ᠨᠡᠩ ᠬᠠᠤᠯᠢᠵᠢᠬ᠍ᠰᠠᠨ ᠪᠤᠯᠪᠠ ᠁ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠣᠷᠣᠨ ᠳᠡᠭᠡᠷ᠎ᠡ᠎ᠡᠴᠡ ᠳᠣᠷᠣᠭ᠍ᠰᠢ᠎ᠪᠠᠨ ᠳᠠᠷᠤᠯᠲᠠ᠎ᠶ᠋ᠢ ᠳᠠᠮᠵᠢᠭᠤᠯᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠡᠯ᠎ᠡ ᠱᠠᠲᠤᠨ᠎ᠤ ᠨᠠᠮ ᠵᠠᠰᠠᠭ ᠎ᠤᠨ ᠨᠢᠭᠡᠳᠦᠭᠡᠷ ᠬᠠᠷᠢᠭᠤᠴᠠᠯᠭᠠᠳᠠᠨ ᠬᠠᠮᠲᠤ᠎ᠪᠠᠷ ᠠᠳᠭᠤᠬᠤ᠎ᠶ᠋ᠢ ᠠᠬᠢᠭᠤᠯᠵᠤ᠂ ᠳᠡᠭᠡᠳᠦ ᠳᠤᠤᠷᠠᠳᠤ ᠱᠠᠳᠤ᠎ᠪᠠᠷ᠎ᠢᠶᠠᠨ ᠰᠡᠳᠭᠢᠯ ᠨᠢᠭᠡᠳᠦᠭᠰᠡᠨ᠂ ᠵᠡᠭᠦᠨ ᠡᠴᠡ ᠪᠠᠷᠠᠭᠤᠨᠰᠢ ᠬᠣᠯᠪᠣᠭᠠᠯᠠᠨ ᠬᠥᠳᠡᠯᠦᠯᠴᠡᠭᠰᠡᠨ᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠬᠤ ᠪᠠᠢᠷᠢᠱᠢᠯ᠎ᠢ ᠪᠦᠷᠢᠯᠳᠦᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠎ᠢ ᠱᠢᠯᠢᠳᠡᠭ᠌ᠵᠢᠭᠦᠯᠬᠦ᠌᠎ᠳᠦ ᠴᠢᠩᠭ᠎ᠠ ᠬᠦᠴᠦᠲᠡᠢ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠪᠠ᠃ ᠦᠢᠯᠡᠳᠦᠯᠭᠡ ᠭᠡᠷᠡᠴᠢᠯᠡᠭ᠌ᠰᠡᠨ ᠵᠢᠡᠷ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠴᠡᠭ ᠤᠯᠠᠨ᠂ ᠬᠡᠪᠴᠢᠶ᠎ᠠ ᠥᠷᠭᠡᠨ᠂ ᠡᠷᠬᠡᠪᠰᠢ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠌᠂ ᠡᠯ᠎ᠡ ᠲᠠᠯ᠎ᠠ᠎ᠶ᠋ᠢ ᠵᠣᠬᠢᠴᠠᠭᠤᠯᠬᠤ ᠤᠳᠤᠷᠢᠳᠭᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠨᠢᠭᠡᠳᠦᠭᠡᠷ ᠬᠠᠷᠢᠭᠤᠴᠠᠯᠭᠠᠳᠠᠨ ᠪᠡᠶ᠎ᠡ᠎ᠪᠡᠷ᠎ᠢᠶᠡᠨ ᠪᠠᠢᠷᠢᠯᠠᠭᠤᠯᠤᠨ ᠵᠤᠬᠢᠴᠠᠭᠤᠯᠵᠤ᠂ ᠨᠠᠢᠳᠠᠪᠤᠷᠢᠵᠢᠭᠤᠯᠪᠠᠯ ᠰᠠᠶᠢ ᠡᠯ᠎ᠡ ᠲᠠᠯ᠎ᠠ᠎ᠶ᠋ᠢᠨ ᠬᠦᠴᠦᠨ ᠴᠢᠳᠠᠯ ᠪᠠ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠎ᠶ᠋ᠢ ᠦᠨᠳᠦᠰᠦᠨ᠎ᠡᠴᠡ ᠨᠢ ᠪᠠᠲᠤᠯᠠᠵᠤ ᠴᠢᠳᠠᠨ᠎ᠠ᠃

ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠎ᠳᠦ ᠡᠷᠬᠡᠪᠰᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠲᠡᠶ᠃ ᠦᠵᠡᠯ ᠰᠠᠨᠠᠭᠠᠨ᠎ᠤ ᠲᠠᠯ᠎ᠠ᠎ᠪᠠᠷ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠤᠳᠤᠷᠢᠳᠤᠯᠭ᠎ᠠ᠎ᠪᠠᠨ ᠴᠢᠩᠭᠠᠳᠭᠠᠨ᠂ ᠠᠵᠢᠯ᠎ᠤᠨ ᠲᠠᠯ᠎ᠠ᠎ᠪᠠᠷ ᠦᠳᠲᠡᠷ ᠲᠦᠷᠭᠡᠨ ᠬᠥᠳᠡᠯᠦᠯᠴᠡᠬᠦ᠌ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠤᠳᠤᠷᠢᠳᠭᠤ ᠺᠠᠳ᠋ᠷᠴᠤᠳ ᠡᠷᠬᠡᠪᠰᠢ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠨ ᠡᠭᠦᠷᠢᠳᠡ ᠪᠠᠲᠤᠯᠠᠵᠤ᠂ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠨᠡ ᠬᠦ᠌ ᠪᠥᠬᠥ᠌ ᠲᠠᠯ᠎ᠠ ᠪᠠ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠰᠠᠭᠤᠷᠢ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠤᠳᠤᠷᠢᠳᠤᠮᠵᠢ᠎ᠶ᠋ᠢᠨ ᠴᠢᠨᠠᠷᠲᠠᠶ ᠠᠵᠢᠯ᠎ᠢ ᠱᠠᠯᠠᠪᠳᠠᠭᠤᠯᠤᠨ ᠰᠠᠢᠲᠤᠷ ᠠᠳᠭᠤᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ᠂ ᠨᠢᠭᠡᠳᠦᠭᠡᠷ ᠠᠬᠢᠭᠤᠯᠤᠭ᠍ᠴᠢ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠭᠣᠣᠯ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠰᠠᠨᠠᠭᠠᠴᠢᠯᠠᠭ᠎ᠠ᠎ᠡᠴᠡ᠎ᠪᠠᠨ ᠠᠳᠭᠤᠵᠤ᠂ ᠲᠦᠷᠦᠭᠦᠯᠡᠨ ᠠᠳᠭᠤᠵᠤ᠂ ᠬᠤᠰᠢᠭᠤᠴᠢᠯᠡᠨ ᠠᠳᠭᠤᠵᠤ᠂ ᠨᠢᠭᠡ ᠱᠠᠳᠤ ᠨᠢ ᠨᠢᠭᠡ ᠱᠠᠳᠤ ᠳ᠋ᠠᠭᠠᠨ ᠳᠠᠭᠤᠷᠢᠶᠠᠯ ᠪᠤᠯᠵᠤ᠂ ᠨᠢᠭᠡ ᠱᠠᠳᠤ ᠨᠢ ᠨᠢᠭᠡ ᠱᠠᠳᠤ᠎ᠪᠠᠨ ᠳᠠᠭᠠᠭᠤᠯᠤᠨ ᠬᠢᠵᠦ᠍᠂《ᠵᠠᠩᠭᠢᠯᠠᠭ᠎ᠠ᠎ᠶ᠋ᠢᠨ ᠴᠥᠭᠡᠨ ᠲᠣᠭᠠᠲᠠᠨ》ᠵᠢᠡᠷ 《ᠵᠣᠩᠬᠢᠯᠠᠬᠤ ᠤᠯᠠᠨ ᠲᠣᠭᠠᠲᠠᠨ》ᠢ᠋ ᠬᠦᠳᠦᠯᠥᠨ ᠳᠠᠭᠠᠭᠤᠯᠵᠤ᠂ ᠠᠰᠠᠭᠤᠳᠠᠯ᠎ᠳᠤ ᠵᠥᠪ᠎ᠢᠶᠡᠷ ᠬᠠᠨᠳᠤᠬᠤ ᠰᠥᠰᠥ᠍ ᠵᠣᠷᠢᠭ ᠪᠣᠯᠤᠨ ᠬᠢᠳᠤᠭᠠᠨ ᠢᠷ᠎ᠢ ᠳᠣᠲᠣᠭ᠍ᠰᠢ ᠬᠠᠨᠳᠤᠭᠤᠯᠬᠤ ᠤᠬᠠᠮᠰᠠᠷ᠎ᠢᠶᠠᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠬᠤᠪᠢᠰᠭᠠᠯ᠎ᠢ ᠦᠷᠭᠦᠯᠵᠢᠯᠡᠨ ᠠᠬᠢᠭᠤᠯᠵᠤ᠂ ᠴᠢᠩᠭ᠎ᠠ ᠪᠣᠳᠠᠲᠠᠢ ᠰᠤᠷᠲᠠᠯ᠂ ᠲᠡᠷᠢᠭᠦᠨ ᠵᠡᠷᠭᠡ᠎ᠶ᠋ᠢᠨ ᠦᠷ᠎ᠡ ᠪᠦᠲᠦᠮᠵᠢ᠎ᠪᠡᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠶ᠋ᠢ ᠠᠬᠢᠭᠤᠯᠬᠤ ᠬᠡᠷᠡᠭ᠌ᠲᠡᠢ᠃

ᠺᠠᠳ᠋ᠷᠴᠤᠳ᠎ᠤᠨ ᠰᠤᠷᠲᠠᠯ ᠪᠣᠯ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ《ᠵᠦᠭ᠌ᠯᠡᠭᠦᠷ》ᠮᠥᠨ᠃ ᠨᠠᠮ᠎ᠤᠨ ᠭᠡᠱᠢᠭᠦᠨ ᠺᠠᠳ᠋ᠷ ᠬᠥᠮᠦᠨ ᠪᠦᠬᠦᠨ ᠴᠥᠮ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠮᠥᠨ᠂ ᠥᠪᠥᠷ ᠮᠣᠩᠭᠣᠯ᠎ᠤᠨ ᠳᠦᠷᠢ ᠲᠥᠷᠬᠦ᠌᠎ᠳᠦ ᠬᠣᠯᠪᠣᠭ᠍ᠳᠠᠨ᠎ᠠ ᠭᠡᠬᠦ ᠣᠢᠯᠠᠭᠠᠭ᠍ᠳᠠᠬᠤᠨ᠎ᠢ ᠲᠦᠷᠦᠭᠦᠯᠡᠨ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠵᠦ᠍᠂ ᠬᠠᠢᠷ᠎ᠠ ᠰᠡᠳᠭᠢᠯᠭᠡ᠎ᠲᠡᠶ᠎ᠪᠡᠷ᠂ ᠬᠠᠢᠷ᠎ᠠ ᠬᠠᠯᠠᠮᠵᠢ ᠲᠠᠢ ᠪᠡᠷ ᠠᠵᠤ ᠠᠬᠤᠢᠯᠠᠯ᠂ ᠤᠯᠠᠨ ᠲᠦᠮᠡᠨ᠂ ᠦᠨᠳᠦᠰᠦᠨ ᠱᠠᠲᠤᠨ᠎ᠳᠤ ᠦᠢᠯᠡᠴᠢᠯᠡᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠡᠪᠡᠷᠰᠢᠶᠠᠯ ᠲᠦᠭᠵᠢᠷᠠᠯ ᠬᠦᠴᠢᠷᠳᠡᠯ᠎ᠢ ᠱᠢᠢᠳᠪᠦᠷᠢᠯᠡᠬᠦ᠌ ᠳᠤᠮᠳᠠ᠂ ᠠᠵᠤ ᠠᠬᠤᠢᠯᠠᠯ ᠪᠠ ᠤᠯᠠᠨ ᠲᠦᠮᠡᠨ᠎ᠦ 《ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ》 ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌ ᠳᠤᠮᠳᠠ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢ᠌ᠴᠢᠨ ᠪᠡᠬᠢᠯᠡᠯᠲᠡ᠎ᠶ᠋ᠢᠨ ᠦᠢᠯᠡᠳᠦᠯ ᠪᠠ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠯ᠎ᠡ ᠵᠦᠢᠯ ᠎ᠦᠨ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃

ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠣᠯ ᠥᠪᠥᠷ ᠮᠣᠩᠭᠣᠯ᠎ᠤᠨ ᠱᠢᠨ᠎ᠡ ᠴᠠᠭ ᠦᠶ᠎ᠡ᠎ᠶ᠋ᠢᠨ ᠱᠢᠨ᠎ᠡ ᠠᠶᠠᠨ᠎ᠳᠠᠬᠢ ᠨᠢᠭᠡ ᠤᠳᠠᠭ᠎ᠠ᠎ᠶ᠋ᠢᠨ ᠬᠠᠲᠠᠭᠤ ᠳᠠᠢᠯᠠᠯᠳᠤᠭᠠᠨ ᠪᠣᠯᠬᠤ ᠪᠥᠭᠡᠳ ᠡᠷᠬᠡᠪᠰᠢ ᠢᠯᠠᠯᠲᠠ ᠤᠯᠬᠤ ᠬᠡᠷᠡᠭ᠌ᠲᠡᠶ ᠬᠠᠲᠠᠭᠤ ᠳᠠᠢᠯᠠᠯᠳᠤᠭᠠᠨ ᠪᠣᠯᠤᠨ᠎ᠠ᠃ ᠪᠢᠳᠡ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂《ᠦᠮᠦᠭ ᠲᠦᠱᠢᠭ》ᠢ᠋ ᠲᠤᠪᠤᠢ᠌ᠯᠭᠠᠨ᠂《ᠭᠣᠣᠯ ᠵᠢᠭ᠍ᠰᠠᠭᠠᠯ᠎ᠤᠨ ᠭᠠᠵᠠᠷ》ᠢ᠋ ᠪᠠᠲᠤ ᠴᠣᠭ᠍ᠴᠠᠯᠠᠵᠤ᠂ 《ᠭᠣᠣᠯ ᠬᠦᠴᠦᠨ》 ᠪᠣᠯᠬᠤ᠎ᠪᠠᠷ ᠴᠢᠷᠮᠠᠢᠨ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌《ᠭᠣᠣᠯ ᠬᠦᠭ ᠠᠶᠠᠰ》ᠢ᠋ ᠬᠠᠩᠬᠢᠨᠠᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠪᠠᠷ ᠬᠦᠴᠦᠯᠡᠨ ᠴᠢᠷᠮᠠᠢᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠠᠬᠢᠭᠤᠯᠬᠤ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号