ᠬᠠᠤᠯᠢ ᠵᠢᠨ ᠬᠦᠴᠦᠨ ᠳ᠋ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠰᠢᠯᠢᠳᠡᠭᠵᠢᠨ᠎ᠠ
2022-03-21 11:29:34
ᠵᠣᠬᠢᠶᠠᠭ᠍ᠴᠢ᠄
​ ᠬᠠᠢ ᠵᠢᠶᠦᠢ᠍ᠨ
ᠣᠩᠱᠢᠭ᠍ᠰᠠᠨ ᠣᠳᠠᠭ᠎ᠠ᠄
★★★☆☆

—᠎ᠤᠯᠠᠭᠠᠨᠴᠠᠪ᠎ᠬᠤᠲᠠ᠎ᠵᠢᠨ᠎ᠬᠠᠤᠯᠢ᠎ᠴᠠᠭᠠᠵᠠ᠎ᠶ᠋ᠢᠨ᠎ᠪᠠᠢᠭᠤᠯᠭ᠎ᠠ᠎ᠠᠮᠤᠷ᠎ᠲᠦᠪᠰᠢᠨ᠎ᠦᠨᠳᠦᠷ ᠪᠦᠳᠦᠮᠵᠢᠳᠡᠢ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠎ᠢ ᠡᠬᠦᠳᠴᠤ ᠪᠠᠢᠭ᠎ᠠ ᠪᠤᠳᠠᠳᠤ ᠲᠡᠮᠳᠡᠭᠯᠡᠯ


《ᠰᠠᠭᠤᠭ᠎ᠠ ᠭᠠᠵᠠᠷ᠎ᠤᠨ ᠲᠣᠮᠢᠯᠠᠭ᠍ᠰᠠᠨ ᠰᠠᠯᠪᠤᠷᠢ᠎ᠳᠤ ᠵᠢᠯᠣᠭᠣᠴᠢ᠎ᠶ᠋ᠢᠨ ᠦᠨᠡᠮᠯᠡᠯ ᠰᠣᠯᠢᠬᠤ ᠠᠵᠢᠯ᠎ᠢ ᠭᠦᠶ᠋ᠴᠡᠳᠭᠡᠵᠦ᠍ ᠲᠡᠢᠯᠬᠦ ᠪᠤᠯᠪᠠ᠂ ᠡᠨᠡ ᠨᠢ ᠴᠠᠭ᠎ᠳᠦ᠍ ᠠᠷᠪᠢᠲᠠᠢ ᠮᠦᠷᠳᠡᠭᠡᠨ ᠮᠠᠰᠢ ᠲᠥᠬᠥᠮ ᠪᠤᠯᠤᠯ᠎ᠠ》ᠭᠡᠵᠦ᠍ ᠤᠯᠠᠭᠠᠨᠴᠠᠪ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠢᠨᠢᠩ ᠲᠣᠭᠣᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠴᠠᠩ ᠴᠢᠩ ᠲᠣᠮᠢᠯᠠᠭ᠍ᠰᠠᠨ ᠰᠠᠯᠪᠤᠷᠢ ᠳ᠋ᠤ ᠰᠠᠶᠢᠬᠠᠨ ᠱᠢᠨ᠎ᠡ ᠵᠢᠯᠣᠭᠣᠴᠢ᠎ᠶ᠋ᠢᠨ ᠦᠨᠡᠮᠯᠡᠯ ᠵᠢᠡᠨ ᠰᠤᠯᠢᠵᠤ ᠠᠪᠤᠭᠰᠠᠨ ᠰᠠᠭᠤᠭᠠᠯᠢ ᠠᠷᠠᠳ ᠵᠦ᠍ ᡁᠢ ᠮᠢᠨ ᠪᠠᠶᠠᠷ ᠲᠠᠢ ᠶᠠᠷᠢᠵᠤ ᠪᠠᠢᠯ᠎ᠠ᠃

ᠤᠷᠴᠢᠮᠬᠠᠨ᠂ ᠰᠤᠷᠪᠤᠯᠵᠢᠯᠠᠭ᠍ᠴᠢ ᠵᠢᠨᠢᠩ ᠲᠣᠭᠣᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠴᠠᠩ ᠴᠢᠩ ᠲᠣᠮᠢᠯᠠᠭ᠍ᠰᠠᠨ ᠰᠠᠯᠪᠤᠷᠢ᠎ᠶ᠋ᠢᠨ ᠬᠡᠷᠡᠭ ᠡᠷᠭᠢᠯᠡᠬᠦ᠌ ᠲᠢᠩᠬᠢᠮ᠎ᠳᠦ ᠬᠦᠷᠬᠦ ᠳ᠋ᠤ᠂ ᠵᠠᠮ ᠬᠠᠷᠢᠯᠴᠠᠭᠠᠨ᠎ᠤ ᠬᠠᠮᠢᠶᠠᠷᠤᠯᠲᠠ᠂ ᠡᠷᠦᠬᠡ ᠠᠮᠠ᠎ᠶ᠋ᠢᠨ ᠲᠠᠩᠰᠠ᠂ ᠠᠮᠤᠷ᠎ᠢ ᠬᠠᠮᠠᠭᠠᠯᠠᠬᠤ᠂ ᠬᠢᠯᠢ᠎ᠪᠡᠷ ᠣᠷᠣᠵᠤ ᠭᠠᠷᠬᠤ ᠵᠡᠷᠭᠡ ᠠᠵᠢᠯ᠎ᠢ ᠬᠦᠢᠴᠡᠳᠬᠡᠬᠦ ᠴᠤᠩᠬᠤᠪᠴᠢ ᠳ᠋ᠤ ᠭᠠᠷᠳᠠᠮ ᠬᠦᠢᠴᠡᠳᠬᠡᠬᠦ ᠪᠡᠷ ᠢᠷᠡᠭᠰᠡᠨ ᠰᠠᠭᠤᠭᠠᠯᠢ ᠠᠷᠠᠳ ᠺᠣᠳ᠋ ᠱᠢᠷᠪᠢᠬᠦ᠌᠂ ᠳᠡᠩᠰᠡᠯᠡᠨ ᠲᠡᠮᠳᠡᠭ᠌ᠯᠡᠬᠦ᠌ ᠪᠡᠷ ᠳᠡᠮᠵᠢᠨ ᠲᠢᠩᠬᠢᠮ᠎ᠳᠦ ᠣᠷᠣᠵᠤ᠂ ᠠᠵᠢᠯᠲᠠᠨ ᠎ᠤ ᠵᠢᠯᠣᠭᠣᠳᠣᠯᠭ᠎ᠠ ᠳᠤᠤᠷ᠎ᠠ ᠬᠠᠷᠠᠭᠠᠯᠵᠠᠭᠰᠠᠨ ᠴᠤᠩᠬᠤᠪᠴᠢ᠎ᠳ᠋ᠤ ᠬᠦᠷᠴᠦ᠍ ᠬᠠᠮᠢᠶ᠎ᠠ ᠪᠥᠬᠥᠶ ᠭᠠᠷᠳᠠᠮ᠎ᠢ ᠬᠦᠢᠴᠡᠳᠭᠡᠵᠤ ᠪᠠᠢᠭ᠎ᠠ ᠵᠢ ᠤᠯᠵᠤ ᠬᠠᠷᠠᠪᠠ᠃

《ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭᠳᠤᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌᠎ᠶ᠋ᠢ ᠪᠠᠲᠤᠯᠠᠬᠤ》ᠠᠵᠢᠯᠯᠠᠭ᠎ᠠ ᠵᠢ ᠥᠷᠨᠢᠭᠦᠯᠦᠭ᠌ᠰᠡᠨ᠎ᠡᠴᠡ ᠨᠠᠭᠠᠰᠢ᠂ ᠤᠯᠠᠭᠠᠨᠴᠠᠪ ᠬᠤᠳᠠ᠎ᠶ᠋ᠢᠨ ᠬᠠᠤᠯᠢ ᠴᠠᠭᠠᠵᠠ᠎ᠶ᠋ᠢᠨ ᠪᠠᠢᠭᠤᠯᠭ᠎ᠠ᠂ ᠲᠥᠪ ᠭᠣᠣᠯᠴᠢ᠎ᠪᠠᠷ ᠬᠠᠤᠯᠢ ᠪᠠᠷᠢᠬᠤ᠂ ᠠᠷᠠᠳ᠎ᠤᠨ ᠲᠥᠯᠥᠭᠡ ᠬᠠᠤᠯᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠡᠷᠡᠭ᠌ᠴᠡᠭᠡ ᠵᠢᠨ ᠲᠤᠭᠤᠷᠢᠨ ᠳ᠋ᠤ᠂ ᠠᠮᠤᠷ ᠲᠦᠪᠱᠢᠨ ᠥᠨᠳᠥᠷ ᠪᠦᠲᠦᠮᠵᠢᠲᠡᠢ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠴᠣᠭ᠍ᠴᠠᠯᠠᠬᠤ᠎ᠳᠤ ᠪᠠᠲᠤᠯᠠᠭ᠎ᠠ ᠬᠠᠡᠭᠭᠠᠵᠤ ᠪᠤᠢ᠃

ᠤᠯᠠᠭᠠᠨᠴᠠᠪ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠤᠪᠴᠢᠶᠠᠨ ᠤ᠋ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠢᠩᠬᠢᠮ᠎ᠳᠦ《ᠨᠢᠭᠡ ᠦᠨᠡᠮᠯᠡᠯ᠎ᠢᠶᠡᠷ ᠭᠦᠶ᠋ᠴᠡᠳᠭᠡᠬᠦ᠂ ᠨᠢᠭᠡ ᠯᠡ ᠤᠳᠠᠭ᠎ᠠ ᠭᠦᠶ᠋ᠴᠡᠳᠭᠡᠬᠦ᠂ ᠨᠢᠭᠡ ᠴᠣᠩᠬᠤᠪᠴᠢ᠎ᠪᠠᠷ ᠭᠦᠢᠴᠡᠳᠭᠡᠬᠦ᠂ ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌》ᠦᠶ᠋ᠯᠡᠴᠢᠯᠡᠭᠡᠨ᠎ᠦ ᠵᠠᠭ᠍ᠪᠤᠷ ᠢ᠋ ᠪᠦᠬᠦ ᠲᠠᠯ᠎ᠠ ᠪᠡᠷ ᠭᠡᠷᠡᠭᠵᠢᠬᠦᠯᠦᠨ᠂《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠳᠣᠲᠣᠭᠠᠳᠤ᠎ᠶ᠋ᠢ ᠬᠠᠮᠠᠭᠠᠯᠠᠬᠤ ᠲᠤᠰᠭᠠᠶ ᠲᠣᠭᠣᠷᠢᠭ》ᠢ᠋ ᠪᠠᠢᠭᠤᠯᠤᠨ᠂ 7 ᠦᠢᠯᠡᠴᠢᠯᠡᠭᠡᠨ᠎ᠦ ᠴᠤᠡᠭᠬᠤᠪᠴᠢ ᠭᠠᠷᠭᠠᠵᠤ᠂ ᠠᠮᠤᠷ᠎ᠢ ᠬᠠᠮᠠᠭᠠᠯᠠᠬᠤ ᠂ ᠡᠷᠦᠬᠡ ᠠᠮᠠ᠎ᠶ᠋ᠢᠨ ᠲᠠᠩᠰᠠ ᠵᠢᠨ ᠶᠠᠪᠤᠳᠠᠯ ᠂ ᠵᠠᠮ ᠬᠠᠷᠢᠯᠴᠠᠭᠠᠨ᠎ᠤ ᠬᠠᠮᠢᠶᠠᠷᠤᠯᠲᠠ᠂ ᠬᠢᠯᠢ᠎ᠪᠡᠷ ᠣᠷᠣᠵᠤ ᠭᠠᠷᠬᠤ ᠬᠠᠮᠢᠶᠠᠷᠤᠯᠲᠠ᠂ ᠬᠢᠯᠢ᠎ᠶ᠋ᠢᠨ ᠬᠠᠮᠠᠭᠠᠯᠠᠯᠲᠠ ᠵᠡᠷᠭᠡ ᠲᠤᠬᠠᠢᠯᠠᠭ᠍ᠰᠠᠨ ᠠᠵᠢᠯ ᠢ᠋ 100% ᠪᠡᠷ ᠲᠥᠪᠯᠡᠷᠡᠭᠦᠯᠦᠨ ᠰᠠᠭᠤᠯᠭᠠᠵᠤ᠂ ᠦᠷᠭᠦᠯᠵᠢ ᠲᠤᠬᠢᠶᠠᠯᠳᠤᠳᠠᠭ 117 ᠳᠣᠲᠣᠭᠠᠳᠤ᠎ᠶ᠋ᠢ ᠬᠠᠮᠠᠭᠠᠯᠠᠬᠤ ᠬᠢᠨᠠᠨ ᠵᠥᠪᠱᠢᠶᠡᠷᠡᠬᠦ᠌ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠵᠦᠶ᠋ᠯᠡᠰ᠎ᠢ ᠨᠢᠭᠡ ᠴᠤᠡᠭᠬᠤᠪᠴᠢ᠎ᠪᠠᠷ ᠭᠥᠯᠢᠶᠡᠨ ᠠᠪᠴᠤ᠌ ᠰᠢᠢᠳᠪᠤᠷᠢᠯᠡᠬᠦ ᠪᠤᠯᠭᠠᠬᠤ ᠵᠢᠨ ᠬᠠᠮᠳᠤ ᠠᠷᠠᠳ ᠲᠦᠮᠡᠨ᠎ᠳᠦ ᠦᠢᠯᠡᠴᠢᠯᠡᠬᠦ᠌ ᠤᠪᠤᠷ ᠵᠢᠡᠨ ᠰᠠᠢᠵᠢᠷᠠᠭᠤᠯᠪᠡ᠃

3 ᠰᠠᠷ᠎ᠠ᠎ᠶ᠋ᠢᠨ 2 ᠤ᠋ᠨ ᠦᠳᠡ᠎ᠶ᠋ᠢᠨ ᠡᠮᠦᠨ᠎ᠡ᠂ ᠹᠸᠡᠭᠵᠸᠨ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠬᠦᠨ᠂ ᠳᠡᠳ᠋ ᠪᠠᠢᠴᠠᠭᠠᠬᠤ ᠳᠠᠷᠤᠭ᠎ᠠ ᠸᠠᠩ ᠮᠢᠨ ᠹᠸᠡᠭᠵᠸᠨ ᠬᠣᠲᠠ᠎ᠶ᠋ᠢᠨ ᠹᠸᠡᠭ ᠴᠤᠸᠠᠨ ᠡᠷᠬᠢᠯᠳᠡᠳᠤ ᠠᠵᠤ ᠠᠬᠤᠶ᠎ᠶ᠋ᠢᠨ ᠨᠡᠭᠡᠭᠡᠯᠲᠡ ᠵᠢᠨ ᠲᠤᠭᠤᠷᠢᠭ ᠲᠤ᠌ ᠬᠦᠷᠴᠦ᠍᠂ 《ᠬᠠᠤᠯᠢ ᠴᠠᠭᠠᠵᠠ ᠶ᠋ᠢ ᠠᠵᠤ ᠠᠬᠤᠢᠯᠠᠯ᠎ᠳᠤ ᠬᠦᠷᠭᠡᠬᠦ᠌》 ᠬᠠᠤᠯᠢᠵᠢᠯ᠎ᠤᠨ ᠲᠤᠰᠭᠠᠶ ᠰᠡᠳᠦᠪᠲᠦ ᠲᠠᠢᠯᠤᠮᠵᠢ ᠬᠢᠵᠤ᠂ ᠲᠣᠰ ᠨᠡᠭᠡᠭᠡᠯᠳᠠ ᠵᠢᠨ ᠲᠤᠭᠤᠷᠢᠭ ᠤ᠋ᠨ 20 ᠭᠠᠷᠤᠢ ᠠᠵᠤ ᠠᠬᠤᠢᠯᠠᠯ᠎ᠤᠨ ᠬᠣᠯᠪᠣᠭ᠍ᠳᠠᠯ ᠪᠥᠬᠥᠶ ᠬᠥᠮᠦᠰ ᠲᠠᠢᠯᠤᠮᠵᠢ ᠵᠢ ᠰᠤᠨᠤᠰᠪᠠ᠃ ᠡᠨᠡ ᠪᠣᠯ ᠹᠸᠡᠭᠵᠸᠨ ᠬᠣᠲᠠ᠎ᠶ᠋ᠢᠨ ᠪᠠᠢᠴᠠᠭᠠᠬᠤ ᠬᠣᠷᠢᠶ᠎ᠠ《ᠨᠢᠭᠡ ᠬᠣᠷᠢᠶ᠎ᠠ ᠨᠢᠭᠡ ᠲᠦᠷᠦᠯ ᠲᠡᠮᠳᠡᠭ᠎ᠲᠡᠶ ᠪᠠᠢᠬᠤ》 ᠲᠤᠰᠭᠠᠶ ᠠᠵᠢᠯᠯᠠᠭ᠎ᠠ᠎ᠶ᠋ᠢ ᠡᠭᠦᠳᠬᠦ ᠱᠠᠭᠠᠷᠳᠠᠯᠭ᠎ᠠ ᠶᠣᠰᠣᠭᠠᠷ᠂ 《ᠪᠠᠢᠴᠠᠭᠠᠬᠤ ᠬᠣᠷᠢᠶ᠎ᠠ ᠪᠠ ᠠᠵᠤ ᠠᠬᠤᠢᠯᠠᠯ ᠬᠠᠮᠲᠤ᠎ᠪᠠᠷ ᠪᠠᠢᠭᠤᠯᠬᠤ ᠬᠠᠷᠢᠯᠴᠠᠬᠤ ᠴᠡᠭ》᠎ᠢ᠋ ᠭᠠᠷᠭᠠᠵᠤ᠂ ᠳᠠᠭᠠᠭᠠᠴᠢᠯᠠᠨ ᠬᠠᠷᠢᠯᠴᠠᠬᠤ ᠠᠵᠢᠯᠲᠠᠨ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠣᠮᠢᠯᠠᠨ ᠰᠠᠭᠤᠯᠭᠠᠵᠤ᠂ ᠲᠤᠬᠠᠶ᠎ᠶ᠋ᠢᠨ ᠲᠠᠯᠠᠪᠤᠷ᠎ᠲᠤ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠦᠨ ᠲᠠᠢᠯᠤᠮᠵᠢ ᠬᠢᠬᠦ᠌ ᠂ ᠠᠵᠤ ᠠᠬᠤᠢᠯᠠᠯ᠎ᠤᠨ ᠶᠠᠷᠢᠯᠴᠠᠬᠤ ᠬᠤᠷᠠᠯ ᠬᠢᠬᠦ᠌ ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠬᠠᠤᠯᠢ ᠴᠠᠭᠠᠵᠠ᠎ᠶ᠋ᠢᠨ ᠲᠤᠰᠠᠯᠠᠮᠵᠢ ᠬᠠᠡᠭᠭᠠᠪᠠ᠃

ᠤᠯᠠᠭᠠᠨᠴᠠᠪ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ《ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠎ᠶ᠋ᠢ ᠪᠠᠲᠤᠯᠠᠬᠤ》ᠶᠡᠬᠡ ᠶᠠᠷᠢᠯᠴᠠᠭᠠᠨ᠎ᠤ ᠠᠵᠢᠯᠯᠠᠭ᠎ᠠ᠎ᠶ᠋ᠢ ᠣᠳᠣᠬᠠᠨ᠎ᠤ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠲᠠᠶ ᠤᠶᠠᠯᠳᠤᠭᠤᠯᠵᠤ ᠡᠯ᠎ᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠰᠤᠷᠤᠯᠴᠠᠭᠤᠯᠬᠤ᠎ᠶ᠋ᠢᠨ ᠬᠠᠮᠲᠤ ᠶᠠᠷᠢᠯᠴᠠᠭ᠎ᠠ ᠥᠷᠨᠢᠭᠦᠯᠪᠡ᠃ ᠡᠭᠦᠨ᠎ᠦ ᠬᠠᠮᠲᠤ ᠲᠣᠰ ᠬᠣᠷᠢᠶ᠎ᠠ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠬᠦ᠌ 《ᠰᠠᠭᠠᠳ ᠥᠬᠡᠶ ᠨᠡᠪᠲᠡᠷᠡᠬᠦ᠌ ᠵᠠᠮ》 ᠢ᠋ ᠨᠡᠭᠡᠭᠡᠵᠦ᠍ ᠂ 《 ᠪᠠᠢᠴᠠᠭᠠᠬᠤ ᠬᠣᠷᠢᠶ᠎ᠠ ᠠᠵᠤ ᠠᠬᠤᠢᠯᠠᠯ ᠬᠠᠮᠲᠤ᠎ᠪᠠᠷ ᠪᠠᠢᠭᠤᠯᠬᠤ ᠬᠠᠷᠢᠯᠴᠠᠬᠤ ᠴᠡᠭ》᠎ᠢ᠋ ᠨᠡᠭᠡᠭᠡᠵᠦ᠍᠂ ᠠᠷᠠᠳ᠎ᠤᠨ ᠡᠵᠡᠩᠨᠡᠯᠳᠠ ᠵᠢᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠲᠤᠰᠭᠠᠶ ᠱᠢᠶ᠋ᠳᠪᠦᠷᠢᠯᠡᠬᠦ᠌ ᠳᠤᠭᠤᠢᠯᠠᠩ᠎ᠢ ᠪᠠᠢᠭᠤᠯᠬᠤ ᠵᠡᠷᠭᠡ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠤ᠌ ᠰᠢᠯᠢᠳᠡᠭ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠴᠢᠷᠮᠠᠢᠨ ᠪᠣᠶ ᠪᠣᠯᠭᠠᠵᠤ ᠪᠤᠢ᠃

ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠢ ᠠᠬᠢᠭᠤᠯᠬᠤ ᠶᠠᠪᠤᠴᠠ᠎ᠳᠤ᠂ ᠤᠯᠠᠭᠠᠨᠴᠠᠪ ᠬᠣᠲᠠ᠎ᠶ᠋ᠢᠨ ᠱᠢᠭᠦᠬᠦ᠌ ᠬᠣᠷᠢᠶᠠᠨ᠎ᠤ ᠱᠢᠰᠲ᠋ᠧᠮ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠷᠭᠤ᠎ᠶ᠋ᠢᠨ ᠦᠶ᠋ᠯᠡᠴᠢᠯᠡᠭᠡᠨ᠎ᠦ ᠰᠠᠭᠠᠳ ᠥᠬᠡᠶ ᠨᠡᠪᠲᠡᠷᠡᠬᠦ᠌ ᠵᠠᠮ᠎ᠢ ᠨᠢᠭᠡᠳᠦᠯᠲᠡᠶ ᠨᠡᠭᠡᠭᠡᠵᠦ᠍ ᠂ ᠲᠤᠰᠬᠠᠢ ᠬᠦᠮᠦᠨ ᠭᠠᠷᠭᠠᠵᠤ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠬᠡᠷᠡᠭ ᠪᠣᠯᠭᠠᠨ ᠳᠠᠩᠰᠠᠯᠠᠬᠤ ᠠᠵᠢᠯ᠎ᠢ ᠬᠠᠷᠢᠭᠤᠴᠠᠭᠤᠯᠪᠠ᠃ ᠡᠭᠦᠨ᠎ᠦ ᠬᠠᠮᠲᠤ᠂ ᠤᠯᠠᠭᠠᠨᠴᠠᠪ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ᠎ᠨᠢ ᠪᠥᠬᠥ᠌ ᠬᠣᠲᠠ᠎ᠶ᠋ᠢᠨ ᠱᠢᠭᠦᠨ ᠲᠠᠰᠤᠯᠬᠤ ᠭᠦᠶ᠋ᠴᠡᠳᠭᠡᠬᠦ᠌ ᠳᠠᠷᠤᠭ᠍ᠳᠠᠮᠠᠯ ᠬᠡᠷᠡᠭ᠎ᠢ ᠢᠯᠭᠠᠷᠠᠭᠤᠯᠬᠤ ᠠᠵᠢᠯ᠎ᠤᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠳᠠᠷᠤᠭ᠍ᠳᠠᠮᠠᠯ ᠬᠡᠷᠡᠭ᠎ᠢ ᠰᠢᠬᠦᠨ ᠲᠠᠰᠤᠯᠬᠤ ᠠᠵᠢᠯ᠎ᠤᠨ ᠬᠤᠭᠤᠴᠠᠭ᠎ᠠ᠎ᠶ᠋ᠢ ᠵᠢᠭᠰᠠᠭᠠᠨ᠂ ᠬᠠᠷᠢᠭᠤᠴᠠᠭᠰᠠᠨ ᠬᠥᠮᠦᠨ᠎ᠦ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠠᠷᠠᠳ᠎ᠤᠨ ᠱᠢᠭᠦᠬᠦ᠌ ᠬᠣᠷᠢᠶ᠎ᠠ᠎ᠶ᠋ᠢᠨ ᠵᠠᠷᠭᠤ᠎ᠶ᠋ᠢᠨ ᠰᠢᠬᠦᠨ ᠲᠠᠰᠤᠯᠬᠤ ᠦᠷ᠎ᠡ ᠪᠦᠲᠦᠮᠵᠢ᠎ᠶ᠋ᠢ  ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠪᠤᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号