ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠠᠭᠤᠰᠤᠯᠴᠠᠯ ᠬᠦᠭᠵᠢᠯᠳᠠ᠎ᠶᠢ ᠠᠬᠢᠭᠤᠯᠵᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠠ
2022-03-29 10:36:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠡᠷᠴᠢᠮ᠎ᠢ ᠴᠢᠨᠭᠭᠠᠷᠠᠭᠤᠯᠵᠤ᠂ ᠤᠯᠠᠮᠵᠢᠯᠠᠨ ᠵᠠᠯᠭᠠᠮᠵᠢᠯᠠᠬᠤ ᠬᠦᠴᠦᠨ᠎ᠢ ᠪᠤᠵᠠᠭᠠᠢᠷᠠᠭᠤᠯᠵᠦ᠂ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ ᠬᠦᠭᠵᠢᠯᠳᠠ᠎ᠶᠢ ᠠᠬᠢᠭᠤᠯᠬᠤ᠎ᠶᠢᠨ ᠲᠦᠯᠦᠭᠡ᠂ 3 ᠰᠠᠷ᠎ᠠ᠎ᠶ᠋ᠢᠨ 26 ᠎ᠤ ᠡᠳᠦᠷ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠣᠯᠠᠨ ᠤᠯᠤᠰ᠎ᠤᠨ ᠵᠢᠷᠤᠭ ᠲᠦᠯᠦᠪᠯᠡᠭᠡ᠎ᠶᠢᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠭᠤᠷᠪᠠᠨ ᠣᠶᠤᠲᠠᠨ ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠰᠤᠪᠤᠷᠭ᠎ᠠ ᠭᠠᠴᠠᠭ᠎ᠠ᠎ᠳᠤ ᠳᠠᠬᠢᠨᠲᠠ ᠬᠦᠷᠴᠦ᠍ ᠤᠴᠢᠯ᠎ᠠ᠃ 

ᠤᠷᠳᠤᠰ ᠬᠤᠳᠠ᠎ᠶᠢᠨ ᠰᠤᠶᠤᠯ ᠵᠢᠭᠤᠯᠴᠢᠯᠠᠯ᠎ᠤᠨ ᠲᠤᠪᠴᠢᠶ᠎ᠡ ᠡᠴᠡ ᠰᠤᠪᠤᠷᠭ᠎ᠠ ᠭᠠᠴᠠᠭᠠᠨ᠎ᠤ ᠲᠤᠮᠢᠯᠠᠬᠰᠠᠨ ᠨᠢᠭᠡᠳᠦᠭᠡᠷ ᠱᠦᠵᠢ᠂ ᠤᠷᠳᠤᠰ ᠬᠤᠳᠠ᠎ᠶᠢᠨ ᠰᠤᠶᠤᠯ᠎ᠤᠨ ᠵᠠᠬ᠎ᠠ ᠳᠡᠯᠭᠡᠭᠦᠷ᠎ᠤᠨ ᠶᠡᠷᠦᠨᠭᠭᠡᠢᠯᠡᠭᠰᠡᠨ ᠵᠠᠰᠠᠭ ᠵᠠᠬᠢᠷᠭᠠᠨ᠎ᠤ ᠬᠠᠦᠯᠢ ᠬᠡᠷᠡᠭᠵᠢᠭᠦᠯᠭᠦ ᠲᠤᠪᠴᠢᠶ᠎ᠠ᠎ᠶᠢᠨ ᠨᠠᠮ᠎ᠤᠨ ᠶᠡᠷᠦᠨᠭᠭᠡᠢ ᠡᠭᠦᠷ᠎ᠤᠨ ᠳᠡᠳ᠋ ᠱᠦᠵᠢ ᠵᠠᠩ ᠮᠢᠨ ᠂ ᠰᠤᠪᠤᠷᠭ᠎ᠠ ᠭᠠᠴᠠᠭᠠᠨ᠎ᠤ ᠠᠷᠠᠳ᠎ᠤᠨ ᠵᠦᠪᠯᠡᠯ᠎ᠤᠨ ᠡᠷᠬᠢᠯᠡᠭᠴᠢ ᠂ ᠭᠠᠴᠠᠭᠠᠨ᠎ᠤ  ᠨᠠᠮ᠎ᠤᠨ ᠡᠭᠦᠷ᠎ᠤᠨ ᠱᠦᠵᠢ ᠡᠷᠳᠡᠮᠳᠤ ᠎ᠶᠢᠨ ᠪᠠᠷ᠎ᠠ ᠪᠣᠯᠣᠯᠭ᠎ᠠ ᠳᠤᠤᠷ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠯᠡᠮᠵᠢᠯᠠᠬᠴᠢ᠎ᠶ᠋ᠢᠨ ᠣᠳᠣᠬᠢ ᠪᠠᠢᠳᠠᠯ᠂ ᠦᠪᠯᠡᠨ ᠤᠯᠠᠮᠵᠢᠯᠠᠬᠰᠠᠨ ᠪᠠᠢᠳᠠᠯ ᠵᠢᠴᠢ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠭ᠌ᠰᠡᠨ ᠣᠳᠣᠬᠢ ᠪᠠᠢᠳᠠᠯ᠎ᠳᠤ ᠬᠠᠷᠢᠭᠤ ᠰᠤᠷᠪᠤᠯᠵᠢᠯᠠᠭ᠎ᠠ ᠪᠠ ᠪᠠᠢᠴᠠᠭᠠᠨ ᠰᠤᠳᠤᠯᠤᠯᠲᠠ ᠬᠢᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠱᠢᠨ᠎ᠡ᠎ᠶ᠋ᠢ ᠡᠭᠦᠳᠬᠦ᠌ ᠴᠢᠨᠠᠷᠲᠠᠶ ᠤᠯᠠᠮᠵᠢᠯᠠᠯ ᠪᠠ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠎ᠳᠤ ᠬᠦᠴᠦᠨ ᠨᠡᠮᠡᠷᠢᠯᠡᠭᠦ᠎ᠶᠢ ᠵᠤᠷᠢᠯ᠎ᠠ᠃ ᠤᠶᠤᠳᠠᠳ ᠪᠤᠳᠠᠰ᠎ᠤᠨ ᠪᠤᠰᠤ ᠰᠤᠶᠤᠯ᠎ᠤᠨ ᠦᠪ᠎ᠢ ᠪᠡᠶᠡᠴᠢᠯᠡᠨ ᠤᠢᠯᠠᠭᠠᠬᠤ ᠪᠡᠷ ᠲᠠᠮᠵᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠷᠢᠳᠢ ᠱᠢᠳᠢ᠎ᠶ᠋ᠢ ᠳᠠᠬᠢᠨᠲᠠ ᠮᠡᠳᠡᠷᠡᠵᠦ᠂ ᠵᠠᠷᠢᠮ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠎ᠢ ᠤᠯᠠᠮ ᠨᠢᠭᠡ ᠠᠯᠬᠤᠮ ᠣᠢᠯᠠᠭᠠᠵᠦ᠂ ᠪᠣᠳᠠᠰ᠎ᠤᠨ ᠪᠤᠰᠤ ᠰᠣᠶᠣᠯ᠎ᠤᠨ ᠥᠪ ᠶ᠋ᠢᠨ ᠭᠦᠨ ᠭᠦᠨᠵᠡᠭᠡᠶ ᠠᠭᠤᠯᠤᠭ᠍ᠳᠠᠬᠤᠨ ᠪᠠ ᠴᠢᠬᠤᠯᠠ ᠥᠷᠲᠡᠭ᠎ᠲᠤ ᠨᠡᠩ ᠬᠦᠨᠵᠡᠭᠡᠢ ᠲᠠᠨᠢᠯᠲᠠ ᠲᠠᠢ ᠪᠤᠯᠵᠤ᠂  ᠪᠣᠳᠠᠰ᠎ᠤᠨ ᠪᠤᠰᠤ ᠰᠣᠶᠣᠯ᠎ᠤᠨ ᠥᠪ᠎ᠢ ᠬᠡᠷᠬᠢᠨ ᠠᠮᠢᠳᠤᠷᠠᠯ᠎ᠳᠤ ᠠᠭᠤᠰᠬᠠᠬᠤ᠂ ᠬᠡᠷᠬᠢᠨ ᠬᠠᠮᠠᠭᠠᠯᠠᠬᠤ  ᠪᠠ ᠭᠡᠷᠬᠢᠨ ᠤᠯᠠᠮᠵᠢᠯᠠᠨ ᠵᠠᠯᠭᠠᠮᠵᠢᠯᠠᠬᠤ ᠲᠠᠯ᠎ᠡ ᠪᠡᠷ ᠱᠢᠨ᠎ᠡ ᠪᠣᠳᠣᠯᠬᠢᠯᠠᠯ᠎ᠲᠠᠶ ᠪᠣᠯᠪᠠ᠃


QQ图片20220329103414.jpg


QQ图片20220329103425.jpg


ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠭ᠍ᠰᠠᠨ ᠭᠠᠯᠬᠦ᠋ᠷᠳᠤ᠄ 《ᠪᠢᠳᠡ ᠨᠤᠲᠤᠭ᠎ᠤᠨ᠎ᠢᠶᠠᠨ ᠲᠡᠦᠬᠡ ᠰᠣᠶᠣᠯ᠎ᠢ ᠰᠤᠷᠤᠯᠴᠠᠨ ᠣᠢᠯᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠦᠨᠵᠡᠭᠡᠶ ᠠᠭᠤᠯᠤᠭ᠍ᠳᠠᠬᠤᠨ᠎ᠢ ᠠᠭᠤᠳᠠᠯᠵᠤ᠂ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠠ ᠤᠯᠠᠮᠵᠢᠯᠠᠨ ᠳᠡᠯᠭᠡᠷᠡᠭᠦᠯᠬᠦ᠌ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠬᠡᠷᠡᠭ᠌ᠲᠡᠶ᠃ ᠰᠤᠷᠭᠠᠭᠤᠯᠢ᠎ᠳᠠᠭᠠᠨ ᠪᠤᠴᠠᠭ᠍ᠰᠠᠨ᠎ᠤ ᠳᠠᠷᠠᠭ᠎ᠠ ᠮᠠᠨ᠎ᠤ ᠪᠦᠯᠬᠦᠮ ᠬᠡᠳᠦᠨ ᠤᠳᠠᠭᠠᠨ᠎ᠤ ᠲᠤᠬᠠᠶ᠎ᠶ᠋ᠢᠨ ᠭᠠᠵᠠᠷ᠎ᠤᠨ ᠪᠠᠢᠴᠠᠭᠠᠨ ᠰᠤᠳᠤᠯᠤᠯᠲᠠ᠎ᠲᠠᠶ ᠪᠠᠨ ᠤᠶᠠᠯᠳᠤᠭᠤᠯᠤᠨ᠂ 〈ᠪᠣᠳᠠᠰ᠎ᠤᠨ ᠪᠤᠰᠤ ᠰᠣᠶᠣᠯ᠎ᠤᠨ ᠥᠪ + ᠰᠣᠶᠣᠯ᠎ᠤᠨ ᠡᠭᠦᠳᠦᠯᠲᠡ〉᠂ 〈ᠪᠣᠳᠠᠰ᠎ᠤᠨ ᠪᠤᠰᠤ ᠰᠣᠶᠣᠯ᠎ᠤᠨ ᠥᠪ+ ᠲᠣᠭᠠᠴᠢᠯᠠᠯᠲᠠ〉᠂ 〈ᠪᠣᠳᠠᠰ᠎ᠤᠨ ᠪᠤᠰᠤ ᠰᠣᠶᠣᠯ᠎ᠤᠨ ᠥᠪ + ᠪᠡᠶᠡᠴᠢᠯᠡᠨ ᠣᠢᠯᠠᠭᠠᠬᠤ〉᠂ 〈 ᠪᠣᠳᠠᠰ᠎ᠤᠨ ᠪᠤᠰᠤ ᠰᠣᠶᠣᠯ᠎ᠤᠨ ᠥᠪ + ᠰᠤᠳᠤᠯᠤᠨ ᠰᠤᠷᠤᠯᠴᠠᠬᠤ〉 ᠵᠡᠷᠭᠡ ᠨᠠᠩ ᠣᠯᠠᠨ ᠲᠠᠯ᠎ᠠ᠎ᠪᠠᠷ ᠲᠥᠷᠥᠯ ᠵᠦᠶ᠋ᠯ᠎ᠢ ᠨᠠᠢᠳᠠᠪᠤᠷᠢᠵᠢᠭᠤᠯᠬᠤ ᠴᠢᠳᠠᠪᠤᠷᠢ ᠪᠠ ᠱᠢᠨᠵᠢᠯᠡᠬᠦ᠌ ᠤᠬᠠᠭᠠᠨᠴᠢ ᠴᠢᠨᠠᠷ᠎ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠵᠢᠭᠤᠯᠴᠢᠯᠠᠯ᠎ᠤᠨ ᠦᠢᠯᠡᠰ᠎ᠤᠨ ᠬᠦᠭᠵᠢᠯᠳᠠ᠎ᠳᠤ ᠠᠭᠤᠰᠤᠯᠴᠠᠭᠤᠯᠬᠤ ᠲᠠᠯ᠎ᠠ ᠪᠡᠷ  ᠬᠦᠴᠦᠨ ᠨᠡᠮᠡᠷᠢᠯᠡᠨ᠎ᠠ》 ᠭᠡᠪᠡ᠃ 


QQ图片20220329103441.jpg


QQ图片20220329103452.jpg


ᠲᠤᠰ ᠤᠳᠠᠭᠠᠨ᠎ᠤ ᠠᠵᠢᠯᠯᠠᠭ᠎ᠠ᠎ᠳᠦ ᠤᠷᠤᠯᠴᠠᠬᠰᠠᠨ ᠠᠨᠭ᠌ᠭᠢᠷ᠄ 《2000 ᠣᠨ᠎ᠠᠴᠠ ᠬᠤᠢᠰᠢ ᠲᠦᠷᠦᠭᠰᠡᠨ ᠪᠢᠳᠡ ᠮᠠᠯᠵᠢᠬᠤ ᠲᠠᠷᠢᠶᠠᠯᠠᠬᠤ ᠦᠢᠯᠡᠳᠪᠤᠷᠢᠯᠡᠯ ᠠᠮᠢᠳᠤᠷᠠᠯ᠎ᠳᠤ ᠭᠦᠨᠵᠡᠭᠡᠢᠷᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠣᠢᠯᠠᠭᠠᠵᠤ᠂  ᠤᠷᠠᠨ ᠲᠠᠷᠬᠠᠨ᠎ᠤ ᠵᠣᠷᠢᠭ ᠰᠠᠨᠠᠭ᠎ᠠ᠎ᠶ᠋ᠢ ᠤᠯᠡᠨ᠎ᠠ ᠲᠠᠨᠢᠭᠤᠯᠵᠤ ᠤᠢᠯᠠᠭᠠᠭᠤᠯᠪᠠᠯ ᠵᠤᠬᠢᠨ᠎ᠠ᠃ ᠪᠢᠳᠠ ᠦᠷᠪᠡᠰᠡᠳ᠎ᠤᠨ᠎ᠢᠶᠡᠨ ᠲᠤᠰᠭᠠᠢ ᠦᠢᠯᠡᠳᠦᠯᠭᠡ᠎ᠪᠡᠷ᠎ᠢᠶᠡᠨ ᠳᠠᠮᠵᠢᠭᠤᠯᠤᠨ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠬᠴᠢ᠎ᠶᠢᠨ ᠵᠣᠬᠢᠶᠠᠨ ᠪᠦᠲᠦᠭᠡᠯᠭᠡ᠎ᠶᠢᠨ ᠣᠷᠴᠢᠨ ᠨᠥᠬᠥᠴᠡᠯ ᠪᠠ ᠬᠢᠴᠠ ᠤᠷᠠᠯᠠᠯ ᠵᠡᠷᠭᠡ ᠲᠠᠯ᠎ᠠ᠎ᠪᠠᠷ ᠲᠠᠬᠢᠨ ᠵᠢᠷᠤᠭ ᠲᠥᠯᠥᠪᠯᠡᠭᠡ ᠬᠢᠵᠦ᠍᠂ ᠤᠯᠠᠮᠵᠢᠯᠠᠨ ᠵᠠᠯᠭᠠᠮᠵᠢᠯᠠᠭ᠍ᠴᠢ᠎ᠶ᠋ᠢᠨ ᠱᠢᠨ᠎ᠡ᠎ᠶ᠋ᠢ ᠡᠭᠦᠳᠬᠦ᠌ ᠠᠷᠭ᠎ᠠ ᠬᠡᠯᠪᠡᠷᠢ ᠪᠠ ᠣᠷᠣᠯᠭ᠎ᠠ ᠡᠭᠦᠳᠭᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠴᠢᠷᠮᠠᠢᠨ᠎ᠠ》 ᠭᠡᠪᠡ᠃ 


QQ图片20220329103503.jpg


QQ图片20220329103516.jpg


ᠲᠤᠰ ᠤᠳᠠᠭᠠᠨ᠎ᠤ ᠠᠵᠢᠯᠯᠠᠭ᠎ᠠ᠎ᠳᠦ ᠤᠷᠤᠯᠴᠠᠬᠰᠠᠨ ᠬᠠᠷᠭᠤᠢ᠄ 《ᠮᠠᠨ᠎ᠤ ᠦᠢᠯᠡᠳᠦᠯᠭᠡ᠎ᠶ᠋ᠢᠨ ᠠᠵᠢᠯᠯᠠᠭ᠎ᠠ ᠰᠠᠶᠢ ᠡᠬᠢᠯᠡᠵᠦ᠍ ᠪᠠᠢᠨ᠎ᠠ᠂ ᠵᠠᠮ ᠬᠤᠯᠠ ᠡᠭᠦᠷᠭᠡ ᠬᠦᠨᠳᠤ᠂ ᠡᠷᠭᠡᠪᠰᠢ ᠲᠤᠰᠭᠠᠶ ᠮᠡᠷᠭᠡᠵᠢᠯ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠳᠡᠨ᠎ᠤ ᠰᠣᠶᠣᠯ᠎ᠤᠨ  ᠪᠦᠲᠦᠭᠡᠭ᠌ᠳᠡᠬᠦᠨ᠎ᠢ ᠨᠡᠩ ᠣᠯᠠᠨ ᠡᠭᠦᠳᠭᠦ ᠪᠡᠷ ᠴᠢᠷᠮᠠᠢᠨ᠎ᠠ》 ᠭᠡᠪᠡ᠃


QQ图片20220329103525.jpg



ᠪᠣᠳᠠᠰ᠎ᠤᠨ ᠪᠤᠰᠤ ᠰᠣᠶᠣᠯ᠎ᠤᠨ ᠥᠪ ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠥᠪᠡᠷᠮᠢᠴᠡ ᠦᠵᠡᠯ ᠰᠠᠨᠠᠭ᠎ᠠ ᠣᠢᠯᠠᠭᠠᠭ᠍ᠳᠠᠬᠤᠨ᠂ ᠤᠯᠠᠮᠵᠢᠯᠠᠯᠲᠤ ᠰᠠᠢᠬᠠᠨ ᠰᠤᠷᠲᠠᠯ ᠪᠣᠯᠤᠨ ᠰᠣᠶᠣᠯ ᠢᠷᠭᠡᠨᠱᠢᠯ᠎ᠤᠨ ᠵᠦᠢᠯᠡᠰ᠎ᠢ ᠠᠭᠤᠯᠵᠤ ᠪᠠᠢᠳᠠᠭ᠃ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠣᠯᠠᠨ ᠤᠯᠤᠰ᠎ᠤᠨ ᠵᠢᠷᠤᠭ ᠲᠥᠯᠥᠪᠯᠡᠭᠡ᠎ᠶᠢᠨ ᠤᠷᠠᠯᠢᠭ᠎ᠤᠨ ᠳᠡᠭᠡᠳᠦ ᠰᠤᠷᠭᠠᠭᠤᠯᠢ᠎ᠶᠢᠨ ᠬᠢᠨ ᠰᠤᠪᠤᠷᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠴᠠᠭ᠎ᠠ᠎ᠶ᠋ᠢ ᠪᠦᠲᠦᠭᠡᠨ ᠪᠠᠢᠭᠤᠯᠬᠤ ᠦᠢᠯᠡᠳᠦᠯᠭᠡ ᠳᠤᠮᠳᠠ ᠲᠤᠬᠠᠢ᠎ᠶ᠋ᠢᠨ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠠᠮᠠᠭᠠᠯᠠᠬᠤ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠬᠢ ᠪᠠᠶᠠᠯᠢᠭ᠎ᠢ ᠠᠭᠤᠳᠠᠯᠤᠨ᠂ ᠵᠦᠢ ᠵᠣᠬᠢᠰᠲᠠᠢ ᠨᠡᠭᠡᠭᠡᠨ ᠬᠦᠭᠵᠢᠭᠦᠯᠭᠦ᠎ᠶᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ ᠪᠣᠯᠤᠨ ᠵᠢᠭᠤᠯᠴᠢᠯᠠᠯ᠎ᠤᠨ ᠠᠭᠤᠰᠤᠯᠴᠠᠯ ᠬᠥᠭ᠌ᠵᠢᠯᠳᠠ᠎ᠶ᠋ᠢ ᠠᠬᠢᠭᠤᠯᠵᠤ᠂ ᠵᠢᠭᠤᠯᠴᠢᠯᠠᠯ᠎ᠢᠶᠠᠷ ᠪᠣᠳᠠᠰ᠎ᠤᠨ ᠪᠤᠰᠤ ᠰᠣᠶᠣᠯ᠎ᠤᠨ ᠥᠪ᠎ᠦᠨ ᠷᠢᠳᠢ ᠱᠢᠳᠢ᠎ᠶ᠋ᠢ ᠭᠠᠢᠬᠠᠭᠤᠯᠬᠤ ᠪᠡᠷ ᠴᠢᠷᠮᠠᠢᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号