3 ᠰᠠᠷ᠎ᠠ᠎ᠶᠢᠨ 5᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠲᠡᠭᠦᠨ᠎ᠦ᠌ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤ᠋ᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ ᠳ᠋ᠦ ᠤᠷᠤᠯᠴᠠᠬᠤ ᠳ᠋ᠠᠭᠠᠨ᠂ ᠳᠤᠮᠳᠠᠳᠤ᠎ᠶᠢᠨ ᠦᠨᠳᠦᠰᠦᠲᠡᠨ᠎ᠦ᠌ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠡᠨᠡᠬᠦ ᠭᠤᠤᠯ ᠰᠢᠵᠢᠮ᠎ᠢ ᠴᠢᠩᠭ᠎ᠠ ᠠᠳᠬᠤᠵᠤ᠂ ᠦᠨᠳᠦᠰᠦᠲᠡᠨ᠎ᠦ᠌ ᠪᠦᠯᠬᠦᠮᠳᠡᠯ ᠲᠠᠪᠱᠢᠯᠲᠠ᠎ᠶᠢᠨ ᠬᠥᠮᠦᠵᠢᠯ᠎ᠢ ᠭᠦᠨᠵᠡᠭᠡᠢᠷᠡᠭᠦᠯᠵᠦ᠍᠂ ᠦᠨᠳᠦᠰᠦᠲᠡᠨᠨᠦ᠍ᠭᠦᠳᠤᠨ ᠣᠯᠠᠨ ᠲᠦᠮᠡᠨ᠎ᠢ ᠬᠥᠲᠥᠯᠦᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ ᠵᠢᠡᠨ ᠬᠠᠮᠲᠤᠳᠭᠠᠬᠤ᠂ ᠠᠯᠳᠠᠷ ᠭᠤᠲᠤᠮᠰᠢᠭ ᠵᠢᠡᠨ ᠬᠠᠮᠲᠤᠳᠬᠠᠬᠤ᠂ ᠦᠬᠦᠵᠦ᠍ ᠰᠡᠬᠡᠬᠦ᠎ᠪᠡᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠵᠢᠨ ᠴᠣᠭ᠍ᠴᠠ᠎ᠶᠢᠨ ᠣᠢᠯᠠᠭᠠᠭ᠍ᠳᠠᠬᠤᠨ᠎ᠢ ᠪᠠᠲᠤ ᠪᠣᠢ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ᠌ ᠬᠠᠮᠲᠤ᠎ᠶᠢᠨ ᠴᠣᠭ᠍ᠴᠠ᠎ᠶᠢᠨ ᠦᠵᠡᠯ ᠰᠠᠨᠠᠭᠠᠨ᠎ᠤ᠋ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤ᠋ᠨ ᠡᠪ ᠬᠠᠮᠲᠤ ᠨᠠᠮ᠎ᠤ᠋ᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ᠌ ᠥᠪᠡᠷᠲᠡᠭᠡᠨ ᠵᠠᠰᠠᠬᠤ ᠣᠷᠣᠨ ᠪᠠᠢᠵᠤ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠳᠤᠮᠰᠢᠯ ᠲᠠᠢ᠂ ᠤᠷᠲᠤ ᠬᠤᠭᠤᠴᠠᠭᠠᠨ᠎ᠤ᠋ ᠲᠤᠷᠰᠢ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠵᠢᠡᠨ ᠬᠠᠮᠠᠭᠠᠯᠠᠭᠰᠠᠭᠠᠷ ᠢᠷᠡᠵᠡᠢ᠃ ᠥᠩᠭᠡᠷᠡᠭ᠌ᠰᠡᠨ ᠢ ᠡᠷᠭᠢᠴᠡᠭᠦᠯᠬᠦᠶ᠎ᠡ᠂ ᠨᠠᠮ᠎ᠤ᠋ᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠣᠷᠣᠨ᠎ᠤ᠋ ᠦᠨᠳᠦᠰᠦᠲᠡᠨᠨᠦ᠍ᠭᠦᠳᠤᠨ ᠠᠷᠠᠳ ᠲᠦᠮᠡᠨ ᠠᠬ᠎ᠠ ᠳᠡᠭᠦᠦ ᠮᠡᠲᠦ ᠳᠤᠳᠤᠨᠤ ᠶᠠᠪᠤᠯᠴᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠥᠪᠥᠷ ᠮᠣᠩᠭᠣᠯ᠎ᠤ᠋ᠨ ᠡᠯ᠎ᠡ ᠲᠦᠷᠦᠯᠦ᠋ᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠌᠂ ᠡᠬᠡ ᠤᠯᠤᠰ᠎ᠤ᠋ᠨ ᠤᠮᠠᠷᠠᠲᠤ ᠬᠢᠯᠢ ᠳ᠋ᠤ ᠠᠵᠤ ᠠᠬᠤᠢ ᠬᠥᠭ᠌ᠵᠢᠭᠰᠡᠨ᠂ ᠦᠨᠳᠦᠰᠦᠲᠡᠨ ᠨᠤᠭᠦᠳ ᠪᠦᠯᠬᠦᠮᠳᠡᠭᠰᠡᠨ᠂ ᠰᠣᠶᠣᠯ ᠴᠡᠴᠡᠭ᠌ᠯᠡᠨ ᠬᠦᠭᠵᠢᠭᠰᠡᠨ᠂ ᠬᠢᠯᠢ ᠬᠢᠵᠠᠭᠠᠷ ᠠᠮᠤᠷ ᠲᠤᠭᠲᠠᠭᠤᠨ᠂ ᠠᠮᠢ ᠠᠬᠤᠢ ᠪᠣᠯᠪᠠᠰᠤᠨ᠂ ᠦᠨᠳᠦᠰᠦᠲᠡᠨ ᠨᠦ᠍ᠭᠦᠳ᠎ᠤᠨ ᠠᠷᠠᠳ ᠲᠦᠮᠡᠨ᠎ᠦ᠌ ᠠᠮᠢᠳᠤᠷᠠᠯ ᠵᠣᠯ ᠵᠢᠷᠭᠠᠯ᠎ᠲᠠᠢ ᠪᠠᠢᠬᠤ ᠦᠵᠡᠰᠭᠦᠯᠡᠩᠲᠦ ᠰᠠᠢᠬᠠᠨ ᠦᠵᠡᠮᠵᠢ ᠢᠯᠡᠷᠡᠪᠡ᠃ ᠦᠪᠦᠷ ᠮᠤᠩᠭᠤᠯ ᠤᠨ 70 ᠭᠠᠷᠤᠢ ᠵᠢᠯ᠎ᠤᠨ ᠲᠤᠷᠰᠢ ᠤᠯᠤᠭᠰᠠᠨ ᠭᠢᠯᠠᠯᠵᠠᠮ᠎ᠠ ᠠᠮᠵᠢᠯᠲᠠ ᠨᠢ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠪᠤᠯᠤᠨ ᠦᠨᠳᠦᠰᠦᠲᠡᠨ᠎ᠤ ᠤᠷᠤᠨ᠎ᠤ ᠦᠪᠡᠷᠲᠡᠭᠡᠨ ᠵᠠᠰᠠᠬᠤ ᠪᠠᠢᠭᠤᠯᠤᠯ᠎ᠤᠨ ᠵᠦᠪ ᠤᠨᠤᠪᠴᠢᠲᠠᠢ ᠭᠡᠳᠡᠭ᠎ᠢ ᠭᠦᠢᠴᠡᠳ ᠭᠡᠷᠡᠴᠢᠯᠡᠭᠰᠡᠨ ᠪᠠᠢᠨ᠎ᠠ᠃ ᠪᠢᠳᠡ ᠤᠯᠤᠰ᠎ᠤᠨ ᠨᠢᠭᠡᠳᠦᠯ ᠪᠠ ᠦᠪᠡᠷᠲᠡᠭᠡᠨ ᠵᠠᠰᠠᠬᠤ ᠵᠢ ᠤᠶᠠᠯᠳᠤᠭᠤᠯᠵᠤ᠂ ᠡᠬᠡ ᠤᠯᠤᠰ᠎ᠤᠨ ᠨᠢᠭᠡᠳᠦᠯ᠎ᠢ ᠬᠠᠮᠠᠭᠠᠯᠠᠬᠤ ᠪᠠ ᠦᠨᠳᠦᠰᠦᠲᠡᠨ᠎ᠤ ᠪᠦᠯᠬᠦᠮᠳᠡᠯ᠎ᠢ ᠲᠡᠷᠢᠭᠦᠨ ᠪᠠᠢᠷᠢᠨ ᠳ᠋ᠤ ᠲᠠᠯᠪᠢᠵᠤ᠂ ᠳᠤᠮᠳᠠᠳᠤ ᠤᠯᠤᠰ᠎ᠤᠨ ᠤᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ ᠢ ᠰᠢᠢᠳᠪᠦᠷᠢᠯᠡᠬᠦ ᠵᠦᠪ ᠵᠠᠮ ᠵᠢᠡᠷ ᠭᠤᠢᠪᠢᠰᠢ ᠦᠭᠡᠢ ᠵᠠᠮᠨᠠᠬᠤ ᠬᠡᠷᠡᠭᠲᠡᠢ᠃
ᠱᠢᠨ᠎ᠡ ᠠᠶᠠᠨ ᠳ᠋ᠠᠭᠠᠨ ᠡᠷᠡᠮᠡᠬᠡᠢᠯᠡᠨ ᠤᠷᠤᠭᠰᠢᠯᠠᠬᠤ ᠳ᠋ᠤ᠂ ᠦᠨᠳᠦᠰᠦᠲᠡᠨ᠎ᠦ᠌ ᠠᠵᠢᠯ᠎ᠢ ᠰᠠᠢᠲᠤᠷ ᠬᠢᠬᠦ᠌ ᠪᠣᠯ ᠥᠪᠥᠷ ᠮᠣᠩᠭᠣᠯ᠎ᠤ᠋ᠨ ᠲᠡᠷᠢᠭᠦᠨ ᠴᠢᠬᠤᠯᠠ ᠤᠯᠤᠰ ᠲᠥᠷᠥ᠎ᠶᠢᠨ ᠡᠭᠦᠷᠭᠡ ᠪᠣᠯᠤᠨ᠎ᠠ᠃ ᠪᠢᠳᠡ ᠢᠮᠠᠭᠲᠠ ᠳᠤᠮᠳᠠᠳᠤ᠎ᠶᠢᠨ ᠦᠨᠳᠦᠰᠦᠲᠡᠨ᠎ᠦ᠌ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠡᠨᠡᠬᠦ᠌ ᠭᠣᠣᠯ ᠱᠢᠵᠢᠮ᠎ᠢ ᠴᠢᠩᠭ᠎ᠠ ᠠᠳᠭᠤᠵᠤ᠂ ᠳᠤᠮᠳᠠᠳᠤ᠎ᠶᠢᠨ ᠦᠨᠳᠦᠰᠦᠲᠡᠨ᠎ᠦ᠌ ᠬᠠᠮᠲᠤ᠎ᠶᠢᠨ ᠴᠣᠭ᠍ᠴᠠ ᠶᠢᠨ ᠤᠬᠠᠮᠰᠠᠷ᠎ᠢ ᠨᠠᠮ᠎ᠤ᠋ᠨ ᠦᠨᠳᠦᠰᠦᠲᠡᠨ᠎ᠦ᠌ ᠠᠵᠢᠯ᠎ᠤ᠋ᠨ ᠪᠦᠬᠦ᠌ ᠶᠠᠪᠤᠴᠠᠳ᠋ᠤ ᠲᠤᠭᠤᠰᠢᠯᠠᠭᠤᠯᠤᠨ᠂ ᠳᠤᠮᠳᠠᠳᠤ ᠤᠯᠤᠰ᠎ᠤ᠋ᠨ ᠣᠨᠴᠠᠯᠢᠭ ᠪᠦᠬᠦᠢ ᠦᠨᠳᠦᠰᠦᠲᠡᠨ᠎ᠦ᠌ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠳᠤᠮᠳᠠᠳᠤ᠎ᠶᠢᠨ ᠦᠨᠳᠦᠰᠦᠲᠡᠨ᠎ᠦ᠌ ᠬᠠᠮᠲᠤ᠎ᠶᠢᠨ ᠣᠶᠤᠨ ᠰᠠᠨᠠᠭᠠᠨ᠎ᠤ᠋ ᠭᠡᠷ ᠣᠷᠣᠨ᠎ᠤ᠋ ᠪᠠᠢᠭᠤᠯᠤᠯᠲᠠ᠎ᠶᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ ᠨᠦ᠍ᠭᠦᠳ᠎ᠤᠨ ᠬᠠᠮᠲᠤ ᠪᠠᠷ ᠨᠡᠢᠭᠡᠮ ᠵᠢᠷᠤᠮ᠎ᠤ᠋ᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶᠢ ᠠᠬᠢᠭᠤᠯᠤᠨ᠂ ᠦᠨᠳᠦᠰᠦᠲᠡᠨ ᠨᠤᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ ᠦ᠌ ᠬᠡᠷᠡᠭ ᠶᠠᠪᠤᠳᠠᠯ᠎ᠤᠨ ᠵᠠᠰᠠᠯᠲᠠ ᠵᠢᠨ ᠱᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠬᠢᠷᠢ ᠲᠦᠪᠰᠢᠨ᠎ᠢ ᠳᠡᠭᠡᠭ᠌ᠰᠢᠯᠡᠭᠦᠯᠦᠨ᠂ ᠦᠨᠳᠦᠰᠦᠲᠡᠨ᠎ᠦ᠌ ᠬᠦᠷᠢᠶ᠎ᠡ ᠴᠠᠷᠠᠭᠠᠨᠳ᠋ᠡᠬᠢ ᠬᠦᠨᠳᠦ ᠶᠡᠬᠡ ᠠᠶᠤᠯ ᠲᠦᠭ᠌ᠰᠢᠭᠦᠷᠢ᠎ᠶᠢᠨ ᠭᠡᠮ ᠰᠤᠭᠤᠭ᠎ᠢ ᠡᠷᠡᠰ ᠰᠡᠷᠭᠡᠢᠯᠡᠵᠦ᠍᠂ ᠱᠢᠨ᠎ᠡ ᠴᠠᠭ ᠦᠶ᠎ᠡ᠎ᠶᠢᠨ ᠨᠠᠮ᠎ᠤ᠋ᠨ ᠦᠨᠳᠦᠰᠦᠲᠡᠨ᠎ᠦ᠌ ᠠᠵᠢᠯ᠎ᠢ ᠨᠠᠷᠢᠨ ᠨᠢᠮᠪᠠᠢ ᠯᠠᠪᠳᠠᠭᠤᠨ ᠪᠠᠲᠤᠲᠠᠢ ᠬᠢᠪᠡᠯ ᠵᠤᠬᠢᠨ᠎ᠠ᠃
ᠬᠣᠶᠠᠳᠤᠭᠠᠷ ᠵᠠᠭᠤᠨ ᠵᠢᠯ᠎ᠦ᠋ᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠬᠦ᠌ ᠱᠢᠨ᠎ᠡ ᠰᠢᠯᠭᠠᠯᠲᠠ ᠵᠢᠨ ᠵᠠᠮ ᠳ᠋ᠤ᠂ ᠪᠢᠳᠡ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ᠎ᠤ᠋ᠨ ᠲᠥᠪ ᠬᠣᠷᠢᠶᠠᠨ᠎ᠤ᠋ ᠲᠣᠭᠣᠷᠢᠨᠳ᠋ᠤ ᠨᠡᠩ ᠨᠢᠭ᠍ᠲᠠ ᠪᠦᠯᠬᠦᠮᠳᠡᠵᠦ᠍᠂ 《ᠵᠢᠷᠭᠠᠯ ᠵᠣᠪᠠᠯᠠᠩ ᠵᠢᠡᠨ ᠬᠠᠮᠲᠤᠳᠭᠠᠬᠤ᠂ ᠠᠯᠳᠠᠷ ᠭᠤᠲᠤᠮᠰᠢᠭ ᠵᠢᠡᠨ ᠬᠠᠮᠲᠤᠳᠬᠠᠬᠤ᠂ ᠦᠬᠦᠵᠦ᠍ ᠰᠡᠬᠡᠬᠦ᠎ᠪᠡᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ》 ᠬᠠᠮᠲᠤ ᠵᠢᠨ ᠴᠣᠭ᠍ᠴᠠ᠎ᠶᠢᠨ ᠣᠢᠯᠠᠭᠠᠭ᠍ᠳᠠᠬᠤᠨ᠎ᠢ ᠪᠠᠲᠤ ᠪᠣᠢ ᠪᠣᠯᠭᠠᠵᠤ ᠂ ᠳᠤᠮᠳᠠᠳᠤ᠎ᠶᠢᠨ ᠦᠨᠳᠦᠰᠦᠲᠡᠨ᠎ᠦ᠌ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭ᠍ᠴᠠᠯᠠᠵᠤ᠂ ᠠᠭᠤᠤ ᠶᠡᠬᠡ ᠡᠬᠡ ᠤᠯᠤᠰ ᠵᠢᠡᠨ ᠬᠠᠮᠲᠤ ᠪᠠᠷ ᠪᠦᠲᠦᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ ᠵᠢᠡᠨ ᠬᠠᠮᠲᠤ ᠪᠠᠷ ᠴᠤᠭᠴᠠᠯᠠᠶ᠎ᠠ᠃