ᠡᠨᠡ ᠵᠢᠯ᠎ᠤᠨ ᠪᠦᠬᠦ ᠤᠯᠤᠰ᠎ᠤᠨ 《ᠬᠤᠶᠠᠷ ᠬᠤᠷᠠᠯ》 ᠳ᠋ᠤ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠱᠢᠶᠤᠤ ᠪᠢᠩ᠄《ᠬᠤᠪᠢᠰᠭᠠᠯᠳᠤ ᠤᠳᠤᠮᠱᠢᠯ᠎ᠢ ᠵᠠᠯᠭᠠᠮᠵᠢᠯᠠᠵᠤ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠪᠣᠯ ᠪᠢᠳᠡᠨ᠎ᠦ ᠵᠠᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠮᠥᠨ᠂ ᠪᠢᠳᠡ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡᠪᠡᠷ ᠪᠠᠳᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠴᠢᠨᠠᠭ᠍ᠰᠢᠳᠠ ᠭᠦᠨᠵᠡᠭᠡᠶ ᠨᠠᠷᠢᠯᠢᠭ ᠪᠣᠳᠠᠲᠠᠶ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠣᠷᠣᠨ᠎ᠢ ᠬᠦᠴᠦᠯᠡᠨ ᠪᠠᠢᠭᠤᠯᠵᠤ᠂ ᠡᠬᠡ ᠤᠯᠤᠰ ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠢᠩᠭᠠᠨ ᠠᠢᠮᠠᠭ᠎ᠤᠨ ᠬᠤᠪᠢ ᠨᠡᠮᠡᠷᠢ ᠵᠢ ᠦᠵᠡᠭᠦᠯᠤᠨ᠎ᠠ》 ᠭᠡᠵᠦ᠍ ᠬᠡᠯᠡᠪᠡ᠃
ᠬᠢᠩᠭᠠᠨ ᠠᠢᠮᠠᠭ ᠪᠣᠯ ᠨᠠᠮ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠢ᠋ ᠬᠠᠮᠤᠭ᠎ᠤᠨ ᠡᠷᠲᠡ ᠦᠢᠯᠡᠳᠦᠯᠭᠡᠵᠢᠭᠦᠯᠦᠭ᠌ᠰᠡᠨ ᠭᠠᠵᠠᠷ ᠪᠣᠯᠬᠤ ᠪᠥᠭᠡᠳ《ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠠᠢᠮᠠᠭ》 ᠤ᠋ᠨ ᠢᠷᠠᠭᠤ ᠠᠯᠳᠠᠷ᠎ᠢ ᠬᠤᠶᠠᠷᠳᠠ ᠬᠦᠷᠳᠡᠭ᠌ᠰᠡᠨ ᠥᠪᠥᠷ ᠮᠣᠩᠭᠣᠯ᠎ᠤᠨ ᠴᠤᠷ᠎ᠤᠨ ᠭᠠᠭ᠍ᠴᠠ ᠠᠢᠮᠠᠭ ᠬᠤᠳᠠ ᠪᠣᠯᠤᠨ᠎ᠠ᠃
ᠬᠢᠩᠭᠠᠨ ᠠᠢᠮᠠᠭ᠎ᠤᠨ ᠬᠢᠨ ᠨᠢᠭᠡ ᠠᠢᠮᠠᠭ᠂ ᠬᠣᠶᠠᠷ ᠬᠣᠲᠠ᠂ ᠭᠤᠷᠪᠠᠨ ᠮᠤᠵᠢ᠂ ᠨᠢᠭᠡ ᠤᠯᠤᠰ ᠲᠠᠢ ᠬᠦᠷᠰᠢᠯᠡᠵᠦ᠂ ᠬᠢᠲᠠᠳ᠂ ᠮᠣᠩᠭᠣᠯ᠂ ᠮᠠᠨᠵᠤ ᠵᠡᠷᠭᠡ 41 ᠦᠨᠳᠦᠰᠦᠲᠡᠨ ᠦ ᠠᠬ᠎ᠠ ᠳᠡᠭᠦᠦ᠍᠎ᠨᠡᠷ ᠡᠨᠳᠡ ᠠᠵᠤ ᠲᠦᠷᠦᠨ ᠠᠮᠢᠳᠤᠷᠠᠵᠤ᠂ ᠴᠥᠭᠡᠨ ᠲᠣᠭᠠᠲᠤ ᠦᠨᠳᠦᠰᠦᠲᠡᠨ᠎ᠦ ᠬᠥᠮᠦᠨ ᠠᠮᠠ᠎ᠶ᠋ᠢᠨ ᠬᠠᠷᠢᠴᠠᠯ 46.8%᠎ᠳ᠋ᠤ ᠬᠦᠷᠴᠡᠢ᠃ 《ᠤᠯᠠᠨ ᠵᠢᠯ᠎ᠦᠨ ᠲᠤᠷᠰᠢ᠂ ᠠᠢᠮᠠᠭ᠎ᠤᠨ ᠬᠢᠨ ᠡᠬᠡ ᠤᠯᠤᠰ᠎ᠤᠨ ᠨᠢᠭᠡᠳᠦᠯ ᠪᠠ ᠬᠢᠯᠢ ᠬᠢᠵᠠᠭᠠᠷ᠎ᠤᠨ ᠪᠡᠬᠢᠵᠢᠯ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ᠂ ᠤᠯᠤᠰ᠎ᠤᠨ ᠥᠨᠢ ᠤᠳᠠᠭᠠᠨ᠎ᠤ ᠠᠮᠤᠷ ᠲᠣᠭ᠍ᠲᠠᠭᠤᠨ ᠪᠠ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯ ᠴᠡᠴᠡᠭ᠌ᠯᠡᠯ ᠳᠦ ᠬᠣᠯᠪᠣᠭ᠍ᠳᠠᠬᠤ ᠤᠯᠤᠰ ᠲᠦᠷᠦ᠍᠎ᠶ᠋ᠢᠨ ᠦᠨᠳᠦᠷᠴᠡ ᠡᠴᠡ ᠦᠨᠳᠦᠰᠦᠲᠡᠨ᠎ᠦ ᠠᠵᠢᠯ᠎ᠢ ᠡᠵᠡᠮᠳᠡᠨ ᠲᠥᠯᠥᠪᠵᠢᠭᠦᠯᠵᠡᠢ》 ᠭᠡᠵᠦ᠍ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠯᠢ ᠭᠦᠸᠧ ᠬᠣᠩ ᠬᠡᠯᠡᠨ᠎ᠠ᠃
ᠬᠢᠩᠭᠠᠨ ᠠᠢᠮᠠᠭ ᠢᠮᠠᠭ᠍ᠲᠠ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ᠎ᠪᠡᠨ ᠪᠣᠯᠭᠠᠭ᠍ᠰᠠᠭᠠᠷ ᠢᠷᠡᠵᠠᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠤ᠂《ᠬᠢᠩᠭᠠᠨ ᠠᠢᠮᠠᠭ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠲᠥᠪ》 ᠪᠠ ᠬᠣᠱᠢᠭᠤ ᠱᠢᠶᠠᠨ ᠬᠥᠳᠡᠭᠡ ᠲᠣᠰᠭᠣᠨ᠎ᠢ ᠬᠠᠮᠤᠷᠤᠭ᠍ᠰᠠᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠨᠡᠢᠭᠡᠮᠯᠢᠭ》 ᠢ᠋ 835 ᠱᠢᠨ᠎ᠡ᠎ᠪᠡᠷ ᠪᠠᠢᠭᠤᠯᠤᠨ᠂ ᠬᠣᠲᠠ᠎ᠶ᠋ᠢᠨ ᠨᠡᠢᠭᠡᠮ ᠲᠣᠭᠣᠷᠢᠭ᠎ᠤᠨ《ᠠᠨᠠᠷ᠎ᠤᠨ ᠦᠷ᠎ᠡ ᠲᠥᠯᠥᠪᠯᠡᠭᠡ》 ᠪᠣᠯᠤᠨ ᠮᠠᠯᠵᠢᠬᠤ ᠲᠠᠷᠢᠶᠠᠯᠠᠬᠤ ᠣᠷᠣᠨ᠎ᠤ《ᠬᠣᠣᠰ ᠠᠷᠪᠠ ᠬᠤᠤᠰ ᠵᠠᠭᠤ ᠬᠤᠤᠰ ᠮᠢᠩᠭ᠎ᠠ》᠎ᠶ᠋ᠢᠨ ᠢᠨᠵᠧᠨᠧᠷᠢᠩ᠎ᠢ ᠶᠡᠬᠡ ᠪᠡᠷ ᠬᠡᠷᠡᠭ᠌ᠵᠢᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠨᠳᠦᠰᠦᠲᠡᠨ᠎ᠦ ᠪᠦᠯᠬᠦᠮᠳᠡᠯ ᠤ᠋ᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ᠂ 《〈ᠠᠨᠠᠷ᠎ᠤᠨ ᠦᠷ᠎ᠡ 〉 ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠱᠢᠷᠢᠰ ᠭᠣᠣᠯ ᠰᠡᠳᠦᠪᠲᠦ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠦᠨ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠱᠢᠨ᠎ᠡ᠎ᠶ᠋ᠢ ᠡᠬᠦᠳᠬᠦ ᠬᠦᠭᠵᠢᠯᠳᠡ ᠶ᠋ᠢ ᠲᠠᠰᠤᠷᠠᠯᠲᠠ ᠥᠬᠡᠶ ᠠᠬᠢᠭᠤᠯᠪᠠ᠃
《ᠥᠪᠥᠷ ᠮᠣᠩᠭᠣᠯ᠎ᠤᠨ ᠬᠠᠮᠤᠭ᠎ᠤᠨ ᠶᠠᠳᠠᠭᠤ ᠬᠦᠴᠢᠷᠳᠡᠯᠳᠡᠢ ᠭᠠᠵᠠᠷ》 ᠬᠡᠮᠡᠭ᠌ᠳᠡᠵᠦ ᠪᠠᠢᠭᠰᠠᠨ ᠬᠢᠩᠭᠠᠨ ᠠᠢᠮᠠᠭ᠎ᠲᠤ᠂10.5 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢᠨ ᠣᠯᠠᠩᠬᠢ ᠨᠢ ᠴᠥᠭᠡᠨ ᠲᠣᠭᠠᠲᠤ ᠦᠨᠳᠦᠰᠦᠲᠡᠨ᠎ᠦ ᠬᠥᠮᠦᠨ ᠠᠮᠠ ᠪᠠᠢᠪᠠ᠃ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠭᠠᠭᠤᠯᠤᠨ ᠶᠠᠳᠠᠭᠤ᠎ᠠᠴᠠ ᠠᠩᠭᠢᠵᠢᠷᠠᠭᠤᠯᠬᠤ ᠶ᠋ᠢᠨ ᠲᠥᠯᠥᠭᠡ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠬᠢᠩᠭᠠᠨ ᠠᠢᠮᠠᠭ ᠠᠵᠤ ᠦᠶ᠋ᠯᠡᠰ᠎ᠢᠶᠡᠷ ᠶᠠᠳᠠᠭᠤ᠎ᠶ᠋ᠢ ᠲᠡᠳᠬᠦᠬᠦ᠌᠎ᠶ᠋ᠢ ᠴᠢᠬᠤᠯᠠ᠎ᠠᠴᠠ ᠴᠢᠬᠤᠯᠠ ᠵᠦᠶ᠋ᠯ ᠪᠣᠯᠭᠠᠭ᠍ᠰᠠᠨ᠎ᠤ ᠬᠠᠮᠲᠤ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ《ᠬᠣᠶᠠᠷ᠎ᠲᠤ ᠵᠣᠪᠠᠬᠤ ᠥᠬᠡᠶ ᠭᠤᠷᠪᠠ᠎ᠶ᠋ᠢ ᠪᠠᠲᠤᠯᠠᠬᠤ》 ᠲᠣᠪᠣᠢᠮ᠎ᠠ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠴᠢᠨᠡᠭᠡᠯᠢᠭ᠌ᠵᠢᠯ᠎ᠦᠨ ᠵᠠᠮ ᠳᠡᠭᠡᠷ᠎ᠡ ᠨᠢᠭᠡ ᠦᠨᠳᠦᠰᠦᠲᠡᠨ᠂ ᠨᠢᠭᠡ ᠣᠯᠠᠨ ᠲᠦᠮᠡᠨ᠎ᠢ ᠴᠦ᠍ ᠡᠩᠨᠡᠭᠡ᠎ᠡᠴᠡ ᠬᠣᠴᠣᠷᠤᠭᠤᠯᠤᠭ᠍ᠰᠠᠨ ᠥᠬᠡᠶ ᠶᠤᠮ᠃
ᠮᠣᠩᠭᠣᠯ ᠦᠨᠳᠦᠰᠦᠲᠡᠨ᠎ᠦ ᠲᠠᠷᠢᠶᠠᠴᠢᠨ ᠬᠠᠨ ᠳ᠋ᠧ ᠰᠢ ᠪᠣᠯ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠴᠠᠷᠠᠰᠤᠨ ᠪᠠᠯᠭᠠᠰᠤᠨ᠎ᠤ ᠠᠢ ᠭᠦᠸᠸ ᠭᠠᠴᠠᠭᠠᠨ᠎ᠤ ᠶᠠᠳᠠᠭᠤ ᠬᠦᠴᠢᠷᠳᠡᠯᠲᠡᠶ ᠡᠷᠦᠬᠡ ᠪᠣᠯᠤᠨ᠎ᠠ᠂ ᠲᠡᠷᠡ ᠡᠪᠡᠳᠴᠢᠨ ᠡᠮᠬᠡᠭ ᠣᠯᠠᠨ᠎ᠲᠠᠶ ᠮᠥᠷᠲᠡᠭᠡᠨ ᠲᠡᠵᠢᠭᠡᠨ ᠦᠷᠡᠵᠢᠭᠦᠯᠬᠦ᠌ ᠲᠤᠷᠱᠢᠯᠭ᠎ᠠ᠎ᠪᠠᠷ ᠳᠤᠲᠠᠮᠠᠭ ᠪᠠᠢᠪᠠ᠃ ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ᠎ᠶ᠋ᠢᠨ ᠬᠠᠪᠰᠤᠷᠤᠯᠭ᠎ᠠ ᠳᠤᠤᠷ᠎ᠠ᠂ ᠲᠡᠷᠡ《ᠵᠠᠬᠢᠶᠠᠯᠠᠬᠤ ᠬᠡᠯᠪᠡᠷᠢ》 ᠶ᠋ᠢᠨ ᠶᠠᠳᠠᠭᠤ᠎ᠶ᠋ᠢ ᠲᠡᠳᠬᠦᠬᠦ᠌ ᠵᠠᠭ᠍ᠪᠤᠷ᠎ᠢᠶᠠᠷ ᠦᠭᠡᠷ ᠲᠡᠵᠢᠭᠡᠵᠦ ᠠᠮᠵᠢᠯᠲᠠ᠎ᠲᠠᠶ᠎ᠪᠠᠷ ᠶᠠᠳᠠᠭᠤ᠎ᠠᠴᠠ ᠠᠩᠭᠢᠵᠢᠷᠠᠪᠠ᠃ ᠬᠢᠩᠭᠠᠨ ᠠᠢᠮᠠᠭ᠎ᠲᠤ᠂ ᠬᠠᠨ ᠳ᠋ᠸ ᠰᠢ ᠱᠢᠭ ᠶᠠᠳᠠᠭᠤ ᠡᠴᠡ ᠪᠠᠨ ᠠᠩᠬᠢᠵᠢᠷᠠᠵᠤ ᠴᠢᠨᠡᠭᠡᠯᠢᠭ ᠠᠮᠢᠳᠤᠷᠠᠯ᠎ᠲᠠᠶ ᠪᠣᠯᠤᠭ᠍ᠰᠠᠨ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨ ᠲᠤᠩ ᠤᠯᠠᠨ ᠶᠤᠮ᠃
ᠤᠯᠠᠨ ᠵᠢᠯ᠎ᠤᠨ ᠲᠤᠷᠰᠢ᠂ ᠬᠢᠩᠭᠠᠨ ᠠᠢᠮᠠᠭ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠵᠤ᠂ ᠬᠥᠭ᠌ᠵᠢᠬᠦᠯᠦᠯᠲᠡᠪᠡᠷ ᠶᠡᠷᠦᠩᠬᠡᠢ ᠲᠦᠯᠬᠢᠭᠦᠷ ᠪᠣᠯᠭᠠᠬᠤ᠎ᠶ᠋ᠢ ᠪᠠᠷᠢᠮᠲᠠᠯᠠᠪᠠ᠃《ᠪᠠᠭ᠎ᠠ》 ᠡᠳ᠋᠎ᠦᠨ ᠵᠠᠰᠠᠭ ᠵᠢᠡᠷ 《 ᠶᠡᠬᠡ 》 ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠶ᠋ᠢ ᠪᠠᠷᠢᠮᠲᠠᠯᠠᠵᠤ᠂ 75% ᠱᠢᠬᠠᠮ᠎ᠤᠨ ᠡᠳ᠋᠎ᠦᠨ ᠵᠠᠰᠠᠭ᠎ᠤᠨ ᠵᠠᠷᠤᠯᠭ᠎ᠠ᠎ᠶ᠋ᠢ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠬᠡᠷᠡᠭ᠌ᠯᠡᠪᠡ; ᠤᠯᠠᠭᠠᠨᠮᠥ᠋ᠴᠢᠷ᠎ᠤᠨ ᠣᠷᠳᠣᠨ᠂ ᠠᠢᠮᠠᠭ᠎ᠤᠨ ᠮᠣᠩᠭᠣᠯ ᠬᠢᠲᠠᠳ ᠡᠮᠨᠡᠯᠭᠡ᠎ᠶ᠋ᠢᠨ ᠬᠣᠷᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ ᠵᠡᠷᠭᠡ ᠨᠢᠭᠡ ᠪᠦᠯᠦᠭ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡᠨ᠎ᠦ ᠲᠥᠷᠥᠯ ᠵᠦᠶ᠋ᠯ᠎ᠢ ᠪᠠᠢᠭᠤᠯᠤᠨ ᠠᠱᠢᠭ᠍ᠯᠠᠯᠲᠠ᠎ᠳᠤ ᠣᠷᠣᠭᠤᠯᠤᠭ᠍ᠰᠠᠨ ᠪᠤᠶᠤ ᠪᠥᠲᠥᠭᠡᠨ ᠪᠠᠢᠭᠤᠯᠵᠤ᠂ ᠨᠡᠢᠭᠡᠮ᠎ᠦᠨ ᠦᠶ᠋ᠯᠡᠰ᠎ᠦᠨ ᠳᠤᠲᠠᠭᠤᠳᠠᠯ᠎ᠢ ᠲᠦᠷᠭᠡᠨ ᠨᠥᠬᠥᠪᠥᠷᠢᠯᠡᠪᠠ;ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ᠎ᠤ ᠰᠠᠭᠤᠷᠢ ᠲᠤᠨᠤᠭ ᠲᠦᠬᠦᠬᠡᠷᠤᠮᠵᠢ ᠵᠢᠨ ᠪᠦᠲᠦᠭᠡᠨ ᠪᠠᠢᠭᠤᠯᠤᠯᠲᠠ᠎ᠶ᠋ᠢᠨ ᠠᠯᠬᠤᠴᠠ ᠢᠯᠡᠷᠬᠡᠶ ᠲᠦᠷᠭᠡᠳᠴᠦ᠍᠂ 14 ᠣᠨᠴᠠᠯᠢᠭ᠍ᠲᠤ ᠲᠣᠰᠭᠣᠨ《ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠣᠨᠴᠠᠯᠢᠭ᠍ᠲᠤ ᠲᠣᠰᠭᠣᠨ》᠎ᠢᠶᠡᠷ ᠵᠢᠭᠰᠠᠭᠠᠭᠲᠠᠵᠠᠢ; ᠠᠵᠢᠯ ᠣᠯᠭᠣᠵᠤ ᠦᠢᠯᠡᠰ ᠪᠣᠰᠭᠠᠬᠤ ᠲᠥᠷᠦ᠍᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠬᠣᠲᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠭ᠍ᠰᠠᠨᠨᠣᠷᠮᠠᠶ᠋ᠢ 4.5% ᠳᠣᠲᠣᠷ᠎ᠠ ᠬᠢᠵᠠᠭᠠᠷᠯᠠᠪᠠ;ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠭᠤᠷᠪᠠᠨ ᠵᠢᠯ᠎ᠦᠨ ᠴᠡᠴᠡᠷᠯᠢᠭ᠎ᠲᠦ ᠣᠷᠣᠬᠤ ᠨᠣᠷᠮ᠎ᠠ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶ᠋ᠢᠨ ᠨᠣᠷᠮ᠎ᠠ᠎ᠶ᠋ᠢ ᠲᠣᠰ ᠲᠣᠰ 97% ᠪᠠ 84% ᠳ᠋ᠤ ᠬᠦᠷᠭᠡᠵᠠᠢ;ᠨᠡᠢᠭᠡᠮ᠎ᠦᠨ ᠵᠠᠰᠠᠯᠲᠠ ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠢ ᠰᠦᠪᠡᠭ᠌ᠴᠢᠯᠡᠵᠦ᠍᠂ ᠦᠨᠳᠦᠰᠦᠲᠡᠨ ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯᠲᠤ ᠲᠦᠷᠦᠭ᠌ᠳᠡᠯ ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭᠳᠡᠬᠦᠯᠪᠡ᠃
ᠣᠳᠣᠬᠠᠨ᠎ᠳᠤ᠂ ᠬᠢᠩᠭᠠᠨ ᠠᠢᠮᠠᠭ᠎ᠤᠨ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ᠎ᠢᠶᠡᠷ᠎ᠢᠶᠡᠨ ᠶᠠᠳᠠᠭᠤ᠎ᠠᠴᠠ ᠠᠩᠭᠢᠵᠢᠷᠠᠵᠤ᠂ 6 ᠶᠠᠳᠠᠭᠤ ᠬᠦᠴᠢᠷᠳᠡᠯᠲᠡᠢ ᠬᠣᠱᠢᠭᠤ ᠱᠢᠶᠠᠨ ᠬᠤᠳᠠ᠂ 602 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ ᠪᠦᠬᠦᠨ᠎ᠢᠶᠡᠷ᠎ᠢᠶᠡᠨ ᠶᠠᠳᠠᠭᠤ᠎ᠠᠴᠠ ᠠᠩᠭᠢᠵᠢᠷᠠᠪᠠ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ ᠭᠤᠷᠪᠠᠨ ᠵᠢᠯ ᠳᠠᠷᠠᠭᠠᠯᠠᠨ ᠪᠦᠬᠦ᠌ ᠣᠷᠣᠨ᠎ᠳᠤ ᠨᠢᠭᠡᠳᠦᠭᠡᠷ᠎ᠲᠦ ᠵᠢᠭᠰᠠᠵᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ ᠲᠤᠰ ᠲᠤᠰ 3 ᠲᠦᠮᠡᠨ ᠲᠥᠭᠥᠷᠢᠭ᠂ 1 ᠲᠦᠮᠡᠨ ᠲᠥᠭᠥᠷᠢᠭ᠎ᠢ ᠳᠠᠪᠠᠵᠤ᠂《12·5》 ᠶ᠋ᠢᠨ ᠲᠥᠯᠥᠪᠵᠢᠭᠦᠯᠭᠡ᠎ᠶ᠋ᠢᠨ ᠡᠬᠢᠨ᠎ᠦ ᠦᠶ᠎ᠡ᠎ᠶ᠋ᠢᠨ ᠬᠢ᠎ᠡᠴᠡ ᠬᠣᠶᠠᠷ ᠳᠠᠬᠢᠨ ᠨᠡᠮᠡᠭ᠌ᠳᠡᠪᠡ᠃ ᠬᠢᠩᠭᠠᠨ ᠠᠢᠮᠠᠭ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠰᠡᠳᠬᠢᠯ ᠨᠢᠭᠡᠳᠦᠨ ᠪᠦᠯᠬᠦᠮᠳᠡᠨ ᠨᠢᠭᠳᠠᠷᠠᠵᠤ᠂ ᠮᠦᠷᠦ ᠵᠡᠷᠭᠡᠴᠡᠨ ᠡᠷᠡᠮᠡᠭᠡᠢᠯᠡᠨ ᠤᠷᠤᠭᠰᠢᠯᠠᠵᠤ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠦᠵᠡᠰᠭᠦᠯᠡᠩᠲᠦ ᠰᠠᠢᠬᠠᠨ ᠦᠵᠡᠮᠵᠢ᠎ᠶ᠋ᠢ ᠱᠤᠭᠤᠨ᠎ᠠ᠃
ᠦᠨᠳᠦᠰᠦᠲᠡᠨ᠎ᠨᠦᠭᠦᠳ᠎ᠦᠨ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ ᠬᠦᠭᠵᠢᠯ᠎ᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠢᠯᠭᠠᠭ᠎ᠠ ᠵᠥᠷᠢᠶ᠎ᠡ᠎ᠪᠡᠨ ᠬᠦᠨᠳᠦᠳᠭᠡᠵᠦ᠍᠂ ᠤᠯᠠᠨ ᠶᠠᠩᠵᠤ᠎ᠶ᠋ᠢ ᠪᠠᠭ᠍ᠲᠠᠭᠠᠵᠤ᠂ ᠬᠠᠷᠢᠯᠴᠠᠨ ᠪᠠᠬᠠᠷᠬᠠᠨ ᠰᠤᠷᠤᠯᠴᠠᠬᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠪᠠ᠄ ᠬᠢᠩᠭᠠᠨ ᠠᠢᠮᠠᠭ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠲᠠᠰᠤᠷᠠᠯᠲᠠ ᠥᠬᠡᠶ ᠠᠬᠢᠭᠤᠯᠵᠤ᠂ ᠨᠠᠮ᠎ᠤᠨ ᠬᠣᠷᠢᠶ᠎ᠠ ᠤᠳᠤᠷᠢᠳᠤᠭ᠍ᠰᠠᠨ᠂ ᠵᠠᠰᠠᠭ᠎ᠤᠨ ᠣᠷᠳᠣᠨ ᠬᠠᠷᠢᠭᠤᠴᠠᠭ᠍ᠰᠠᠨ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠬᠠᠮᠵᠢᠯᠴᠠᠭ᠍ᠰᠠᠨ᠂ ᠪᠥᠬᠥ᠌ ᠨᠡᠢᠭᠡᠮ᠎ᠢᠶᠡᠷ᠎ᠢᠶᠡᠨ ᠬᠦᠴᠦ᠍᠎ᠪᠡᠨ ᠬᠠᠮᠲᠤᠳᠭᠠᠨ ᠬᠠᠮᠲᠤᠷᠠᠯᠴᠠᠭ᠍ᠰᠠᠨ ᠦᠨᠳᠦᠰᠦᠲᠡᠨ᠎ᠦ ᠠᠵᠢᠯ ᠤᠨ ᠱᠢᠨ᠎ᠡ ᠪᠠᠢᠷᠢᠱᠢᠯ᠎ᠢ ᠪᠠᠢᠭᠤᠯᠵᠠᠢ᠃ ᠡᠯ᠎ᠡ ᠱᠠᠲᠤᠨ᠎ᠤ ᠺᠠᠳ᠋ᠷᠴᠤᠳ ᠲᠦᠷᠦᠭᠦᠯᠡᠨ ᠬᠡᠪ ᠳᠠᠭᠤᠷᠢᠶᠠᠯ ᠦᠵᠡᠭᠦᠯᠵᠦ᠍᠂ ᠦᠨᠡᠨ ᠰᠡᠳᠭᠢᠯ ᠪᠣᠯᠤᠨ ᠬᠠᠯᠠᠭᠤᠨ ᠰᠡᠳᠭᠢᠯ᠎ᠢᠶᠡᠷ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠤᠨ ᠳᠤᠮᠳᠠᠬᠢ ᠪᠣᠳᠠᠲᠠᠶ ᠬᠦᠴᠢᠷᠳᠡᠯ᠎ᠢ ᠱᠢᠶ᠋ᠳᠪᠦᠷᠢᠯᠡᠨ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠬᠥᠭ᠌ᠵᠢᠭ᠌ᠰᠡᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃
2018 ᠣᠨ᠎ᠳᠤ᠂ ᠬᠢᠲᠠᠳ ᠦᠨᠳᠦᠰᠦᠲᠡᠨ᠎ᠦ ᠺᠠᠳ᠋ᠷ ᠵᠣᠣ ᡁᠢ ᠴᠢᠶᠠᠩ ᠲᠣᠰᠭᠣᠨ ᠳᠤ ᠰᠠᠭᠤᠭ᠎ᠠ ᠶᠠᠳᠠᠭᠤ᠎ᠶ᠋ᠢ ᠲᠡᠳᠬᠦᠬᠦ᠌ ᠺᠠᠳ᠋ᠷ᠎ᠤ᠋ᠨ ᠬᠤᠪᠢ ᠪᠡᠷ᠂ ᠮᠣᠩᠭᠣᠯ ᠦᠨᠳᠦᠰᠦᠲᠡᠨ᠎ᠦ ᠣᠯᠠᠨ ᠲᠦᠮᠡᠨ ᠲᠥᠪᠯᠡᠷᠡᠨ ᠰᠠᠭᠤᠭ᠍ᠰᠠᠨ ᠵᠠᠯᠠᠢᠳ ᠬᠣᠱᠢᠭᠤᠨ᠎ᠤ ᠬᠠᠷᠠᠴᠢᠯᠠᠭᠤ ᠭᠠᠴᠠᠭ᠎ᠠ᠎ᠳᠤ ᠬᠥᠷᠪᠡ᠃ ᠲᠡᠷᠡ ᠠᠪᠢᠶ᠎ᠠ ᠲᠡᠮᠳᠡᠭ᠌ᠯᠡᠬᠦ᠌ ᠬᠡᠯᠪᠡᠷᠢ᠎ᠪᠡᠷ ᠮᠣᠩᠭᠣᠯ ᠬᠡᠯᠡ ᠰᠤᠷᠴᠤ᠌᠂ ᠲᠤᠬᠠᠢ᠎ᠶ᠋ᠢᠨ ᠭᠠᠵᠠᠷ᠎ᠤᠨ ᠮᠣᠩᠭᠣᠯ ᠦᠨᠳᠦᠰᠦᠲᠡᠨ᠎ᠦ ᠤᠯᠠᠨ ᠲᠦᠮᠡᠨ᠎ᠦ ᠳᠤᠮᠳᠠ ᠮᠠᠰᠢ ᠲᠦᠷᠭᠡᠨ ᠵᠢᠡᠷ ᠠᠭᠤᠰᠤᠯᠴᠠᠵᠠᠢ᠃ 2019 ᠣᠨ᠎ᠳᠤ᠂ ᠲᠡᠷᠡ ᠭᠠᠴᠠᠭ᠎ᠠ᠎ᠶ᠋ᠢ ᠬᠠᠪᠰᠤᠷᠤᠨ ᠵᠢᠯ᠎ᠦᠨ ᠦᠶ᠋ᠯᠡᠳᠪᠦᠷᠢᠯᠡᠯ᠎ᠦᠨ ᠴᠢᠳᠠᠪᠤᠷᠢ᠎ᠨᠢ 80 ᠲᠦᠮᠡᠨ ᠪᠠᠭᠠᠨᠠᠴᠢᠷ ᠲᠸ᠋ ᠬᠦᠷᠦᠭ᠌ᠰᠡᠨ ᠬᠠᠷ᠎ᠠ ᠳᠡᠯᠳᠡᠦ ᠦᠶ᠋ᠯᠡᠳᠪᠦᠷᠢᠯᠡᠬᠦ᠌ ᠰᠠᠭᠤᠷᠢᠨ᠎ᠢ ᠪᠠᠢᠭᠤᠯᠵᠤ᠂ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ᠎ᠵᠢ ᠲᠦᠮᠡ ᠭᠠᠷᠤᠶ ᠲᠥᠭᠥᠷᠢᠭ ᠨᠡᠮᠡᠭ᠌ᠳᠡᠭᠦᠯᠵᠦ᠍᠂ ᠲᠠᠩᠰᠠᠨ ᠳ᠋ᠤ ᠲᠠᠮᠳᠡᠭᠯᠡᠵᠤ ᠺᠠᠷᠲ᠋ᠯᠠᠭᠰᠠᠨ 141 ᠶᠠᠳᠠᠭᠤ ᠬᠦᠴᠢᠷᠳᠡᠯᠲᠡᠶ ᠡᠷᠦᠬᠡ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠠᠢ᠃
ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶᠠᠨ ᠳ᠋ᠤ 20 ᠭᠠᠷᠤᠶ ᠵᠢᠯ ᠠᠵᠢᠯᠯᠠᠵᠤ ᠪᠠᠢᠭ᠎ᠠ ᠮᠤᠡᠭᠭᠤᠯ ᠦᠨᠲᠤᠰᠤᠲᠠᠨ᠎ᠤ ᠺᠠᠳ᠋ᠷ ᠴᠦᠨ ᠬᠤᠸᠠ᠂ ᠦᠷᠬᠦᠯᠵᠢ ᠲᠠᠷᠢᠶᠠᠨ ᠭᠠᠵᠠᠷ ᠪᠠ ᠮᠠᠯᠵᠢᠯ᠎ᠤᠨ ᠲᠠᠯᠠᠪᠠᠢ ᠪᠡᠷ ᠬᠦᠨᠵᠡᠭᠡᠢᠷᠡᠵᠦ᠂ ᠮᠣᠩᠭᠣᠯ ᠬᠢᠲᠠᠳ ᠬᠣᠣᠰ ᠬᠡᠯᠡ᠎ᠪᠡᠷ ᠬᠠᠤᠯᠢ ᠴᠠᠭᠠᠵᠠ᠎ᠶ᠋ᠢᠨ ᠤᠬᠠᠭᠤᠯᠭ᠎ᠠ ᠬᠦᠮᠦᠵᠢᠯ ᠬᠢᠵᠦ᠂ ᠡᠯ᠎ᠡ ᠲᠦᠷᠦᠯ᠎ᠦᠨ ᠬᠡᠷᠡᠭ᠎ᠢ 600 ᠭᠠᠷᠤᠢ ᠱᠢᠢᠳᠪᠦᠷᠢᠯᠡᠠ᠂ ᠨᠡᠢᠭᠡᠮ᠎ᠦᠨ ᠵᠥᠷᠢᠴᠡᠯ᠎ᠢ 400 ᠭᠠᠷᠤᠢ ᠡᠶᠡᠳᠡᠬᠦᠯᠦᠨ᠂ ᠬᠠᠷᠢᠶ᠎ᠠ ᠣᠷᠣᠨ᠎ᠤ ᠦᠨᠳᠦᠰᠦᠲᠡᠨ ᠨᠦᠭᠦᠳ᠎ᠦᠨ ᠤᠯᠠᠨ ᠲᠦᠮᠡᠨ᠎ᠳᠦ ᠡᠷᠬᠡ ᠲᠡᠭ᠌ᠰᠢ ᠲᠥᠪ ᠭᠣᠣᠯᠴᠢ ᠬᠠᠤᠯᠢ ᠴᠠᠭᠠᠵᠠ᠎ᠶ᠋ᠢᠨ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠨ ᠤᠯᠠᠨ ᠲᠦᠮᠡᠨ ᠲᠡᠬᠦᠨ᠎ᠢ《ᠪᠠᠢᠴᠠᠭᠠᠭ᠍ᠴᠢ ᠲᠤᠱᠢᠶᠠᠯᠲᠠᠨ ᠡᠵᠢ》 ᠬᠡᠵᠤ ᠲᠤᠲᠤᠨᠤᠴᠢᠯᠠᠨ ᠲᠠᠭᠤᠲᠠᠬᠤ ᠪᠤᠯᠪᠠ᠃ ᠠᠭᠤᠳᠠᠮ ᠲᠡᠨᠢᠭᠡᠷ ᠥᠪᠥᠷ ᠮᠣᠩᠭᠣᠯ᠎ᠤᠨ ᠲᠠᠯ᠎ᠠ ᠨᠤᠲᠤᠭ᠎ᠲᠤ᠂ ᠡᠢᠮᠦᠷᠬᠦᠦ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ ᠤᠭᠲᠠᠷᠭᠤᠢ ᠵᠢᠨ ᠤᠲᠤᠳ ᠱᠢᠭ᠋ ᠲᠦᠬᠡᠵᠤ ᠪᠠᠢᠳᠠᠭ᠃
ᠣᠳᠣᠬᠠᠨ ᠪᠣᠯᠲᠠᠯ᠎ᠠ᠂ ᠪᠥᠬᠥ᠌ ᠠᠢᠮᠠᠭ᠎ᠲᠤ ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ ᠠᠢᠮᠠᠭ᠎ᠤᠨ ᠲᠠᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ ᠵᠢᠱ᠌ᠢᠶ᠎ᠡ ᠦᠵᠡᠭᠦᠯᠬᠦ᠌ ᠨᠢᠭᠡᠴᠢ ᠨᠠᠢᠲᠠ 9 ᠪᠣᠶ᠃ ᠪᠥᠬᠥ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠭᠰᠠᠨ ᠵᠢᠱ᠌ᠢᠶᠡᠴᠢ᠂ ᠮᠣᠩᠭᠣᠯ ᠦᠨᠳᠦᠰᠦᠲᠡᠨ᠎ᠦ 《ᠲᠠᠯ᠎ᠠ ᠨᠤᠲᠤᠭ᠎ᠤᠨ ᠬᠠᠳᠭᠤᠮᠠᠯᠴᠢᠨ》ᠪᠠᠶ ᠵᠢᠩ ᠶᠢᠩ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠪᠠᠶᠠᠡᠡᠣᠪᠣᠭᠠ ᠭᠠᠴᠠᠭ᠎ᠠ ᠵᠡᠷᠭᠡ ᠠᠯᠢ ᠣᠯᠠᠨ ᠲᠡᠷᠢᠭᠦᠨ᠎ᠦ ᠨᠡᠢᠲᠡᠯᠢᠭ ᠵᠢᠱ᠌ᠢᠶ᠎ᠡ ᠨᠢ ᠬᠢᠩᠭᠠᠨ ᠠᠢᠮᠠᠭ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠲᠠᠰᠤᠷᠠᠯᠲᠠ ᠥᠬᠡᠶ ᠬᠥᠲᠥᠯᠦᠨ ᠳᠠᠭᠠᠭᠤᠯᠵᠤ ᠦᠨᠳᠦᠰᠦᠲᠡᠨ᠎ᠦ ᠪᠦᠯᠬᠦᠮᠳᠡᠯ᠎ᠦᠨ ᠰᠡᠳᠭᠢᠯ ᠬᠥᠳᠡᠯᠭᠡᠮ᠎ᠡ ᠦᠯᠢᠭᠡᠷ ᠢ ᠪᠢᠴᠢᠭᠯᠡᠵᠦ᠂ ᠪᠥᠬᠥ᠌ ᠠᠢᠮᠠᠭ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠣᠯᠠᠨ ᠲᠦᠮᠡᠨ᠎ᠦ ᠰᠠᠭᠤᠷᠢ᠂ ᠨᠡᠢᠭᠡᠮ᠎ᠦᠨ ᠰᠠᠭᠤᠷᠢ᠎ᠶ᠋ᠢ ᠴᠢᠨᠠᠭᠰᠢᠲᠠ ᠪᠠᠬᠢᠵᠢᠬᠦᠯᠤᠨ᠎ᠠ᠃

ᠬᠠᠳᠬᠤᠮᠠᠯ᠎ᠤᠨ ᠠᠵᠤ ᠦᠢᠯᠡᠰ᠎ᠢ ᠬᠦᠭᠵᠢᠬᠦᠯᠵᠦ ᠦᠨᠳᠦᠰᠦᠳᠡᠨ ᠨᠤᠬᠦᠳ᠎ᠤᠨ ᠬᠠᠮᠳᠤ ᠪᠡᠷ ᠪᠠᠶᠠᠵᠢᠬᠤ ᠵᠢ ᠠᠬᠢᠭᠤᠯᠤᠨ᠎ᠠ᠃
ᠯᠢᠶᠠᠨ ᠵᠧᠨ ᠰᠡᠭᠦᠳᠡᠷᠯᠡᠪᠡ

ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠤᠨ ᠬᠦᠮᠦᠵᠢᠯ᠎ᠢ ᠬᠡᠦᠭᠡᠳ ᠪᠠᠭᠠᠴᠤᠳ ᠡᠴᠡ ᠭᠠᠷᠳᠠᠨ ᠬᠢᠨ᠎ᠡ᠃
( ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠬᠠᠩᠭᠠᠪᠠ )
ᠤᠯᠤᠰ᠎ᠢᠶᠠᠨ ᠬᠠᠢᠷᠠᠯᠠᠬᠤ ᠦᠵᠡᠯ᠎ᠦᠨ ᠵᠣᠷᠢᠭ ᠰᠠᠨᠠᠭ᠎ᠠ᠂ ᠬᠤᠪᠢᠰᠭᠠᠯᠲᠤ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠬᠤ᠎ᠶ᠋ᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠲᠣᠪᠣᠢᠮ᠎ᠠ ᠪᠠᠢᠷᠢᠨ᠎ᠳᠤ ᠲᠠᠯᠪᠢᠪᠠ᠃ 《ᠮᠠᠭ᠍ᠲᠠᠭᠠᠯ ᠳᠠᠭᠤᠤ》᠂ 《ᠠᠯᠲᠠᠨ ᠥᠯᠥᠭᠡᠶ》ᠵᠡᠷᠭᠡ ᠨᠢᠭᠡ ᠪᠦᠯᠦᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠢᠯᠡᠷᠡᠭᠦᠯᠦᠭ᠌ᠰᠡᠨ᠂ ᠳᠤᠮᠳᠠᠳᠤ᠎ᠶ᠋ᠢᠨ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ᠂ ᠥᠪᠥᠷ ᠮᠣᠩᠭᠣᠯ᠎ᠤᠨ ᠳᠦᠷᠢ ᠲᠥᠷᠬᠦ᠌ ᠪᠠ ᠬᠢᠩᠭᠠᠨ ᠠᠢᠮᠠᠭ᠎ᠤᠨ ᠴᠣᠭ ᠵᠢᠪᠬᠤᠭ᠎ᠠ᠎ᠶ᠋ᠢ ᠢᠯᠡᠷᠡᠭᠦᠯᠦᠭ᠌ᠰᠡᠨ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠪᠡ᠃ ᠤᠯᠠᠭᠠᠨᠮᠥ᠋ᠴᠢᠷ᠎ᠦᠨ ᠬᠠᠮᠲᠤ᠎ᠶ᠋ᠢᠨ ᠪᠥᠵᠢᠭ《ᠠᠯᠳᠠᠨ ᠥᠯᠥᠭᠡᠢ》 ᠨᠢ ᠪᠦᠬᠦ᠌ ᠣᠷᠣᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ《ᠲᠠᠪᠤᠨ ᠨᠢᠭᠡ᠎ᠶ᠋ᠢᠨ ᠢᠨᠵᠧᠨᠧᠷᠢᠩ》 ᠤ᠋ᠨ ᠱᠠᠩᠨᠠᠯ᠎ᠢ ᠬᠦᠷᠳᠡᠵᠤ᠂《ᠦᠨᠳᠦᠰᠦᠲᠡᠨ᠎ᠦ ᠶᠡᠬᠡ ᠪᠦᠯᠬᠦᠮᠳᠡᠯ》 ᠵᠢᠡᠷ ᠭᠣᠣᠯ ᠰᠡᠳᠦᠪ ᠪᠣᠯᠭᠠᠭ᠍ᠰᠠᠨ ᠬᠠᠳᠭᠤᠮᠠᠯ ᠤᠷᠠᠯᠠᠯ ᠨᠢ ᠱᠠᠩᠬᠠᠢ ᠳ᠋ᠤ ᠰᠢᠯᠭᠠᠷᠠᠭᠤᠯᠤᠭᠰᠠᠨ ᠭᠢᠨᠢᠰ᠎ᠤᠨ ᠲᠡᠮᠳᠡᠭ᠌ᠯᠡᠯ᠎ᠢ ᠡᠭᠦᠳᠴᠠᠢ᠃ ᠡᠯ᠎ᠡ ᠭᠠᠵᠠᠷ᠎ᠤᠨ ᠬᠢᠨ ᠰᠣᠶᠣᠯ᠎ᠤᠨ ᠠᠵᠢᠯᠯᠠᠭ᠎ᠠ᠎ᠶ᠋ᠢᠨ ᠨᠢᠭ᠍ᠲᠠᠷᠠᠭᠤᠯᠬᠤ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌᠂ 《ᠭᠤᠷᠪᠠᠨ ᠰᠠᠯᠵᠤ ᠴᠢᠳᠠᠬᠤ ᠥᠬᠡᠶ》᠂《ᠲᠠᠪᠤᠨ ᠬᠠᠮᠲᠤ᠎ᠶ᠋ᠢᠨ ᠲᠠᠨᠢᠯᠲᠠ》 ᠶ᠋ᠢᠨ ᠦᠵᠡᠯ ᠤᠬᠠᠮᠰᠠᠷ ᠢ ᠪᠠᠲᠤ ᠴᠤᠭᠴᠠᠯᠠᠵᠤ᠂《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠪᠠᠨ ᠬᠠᠮᠲᠤ᠎ᠪᠠᠷ ᠲᠡᠷᠭᠡᠯᠱᠢᠭᠦᠯᠬᠦ᠌》 ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠴᠢᠨᠠᠭᠰᠢᠲᠠ ᠴᠢᠩᠭᠠᠳᠭᠠᠪᠠ᠃
ᠱᠢᠨ᠎ᠡ ᠴᠠᠭ ᠦᠶ᠎ᠡ᠎ᠳᠦ᠂ ᠬᠢᠩᠭᠠᠨ ᠠᠢᠮᠠᠭ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠡᠵᠡᠮᠳᠡᠵᠦ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠬᠦ᠌》 ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ᠋ ᠬᠠᠮᠠᠭᠠᠯᠠᠬᠤ ᠳ᠋ᠤ ᠬᠢᠩᠭᠠᠨ ᠠᠢᠮᠠᠭ᠎ᠤᠨ ᠬᠦᠴᠦᠨ ᠴᠢᠳᠠᠯ ᠢᠶᠠᠨ ᠦᠷᠭᠦᠯᠵᠢᠯᠡᠨ ᠨᠠᠮᠠᠷᠢᠯᠠᠨ᠎ᠠ᠃