ᠪᠡᠶ᠎ᠡ ᠪᠢᠯᠳᠠᠷ ᠨᠢ ᠠᠳᠠᠯᠢ ᠪᠤᠰᠤ᠂ ᠳᠦᠷᠢ ᠪᠠᠢᠳᠠᠯ ᠨᠢ ᠡᠳᠡᠭᠡᠳ ᠬᠠᠴᠢᠨ ᠠᠮᠢᠲᠠᠨ ᠤᠷᠭᠤᠮᠠᠯ᠎ᠤᠨ ᠥᠯᠢᠭᠡᠷ ᠬᠡᠪ᠎ᠡᠴᠡ ᠠᠮᠢ ᠠᠬᠤᠶ᠎ᠶ᠋ᠢᠨ ᠭᠤᠤ᠎ᠠ ᠰᠠᠢᠬᠠᠨ᠎ᠢ ᠮᠡᠳᠡᠷᠡᠵᠦ᠍᠂ ᠠᠮᠢᠳᠤ ᠪᠣᠳᠠᠰ᠎ᠤᠨ ᠬᠤᠪᠢᠰᠤᠯ᠎ᠦᠨ ᠲᠣᠬᠠᠢ ᠣᠢᠯᠠᠭᠠᠨ᠎ᠠ ᠁ ᠣᠢᠷ᠎ᠠ᠎ᠶ᠋ᠢᠨ ᠵᠢᠯ᠎ᠳᠦ᠂ ᠪᠠᠢᠭᠠᠯᠢ᠎ᠶ᠋ᠢᠨ ᠮᠦᠽᠧᠶ ᠬᠠᠳᠠᠭᠠᠯᠠᠵᠤ ᠪᠠᠢᠭ᠎ᠠ ᠡᠬᠢ ᠪᠠᠶᠠᠯᠢᠭ ᠪᠤᠯᠤᠨ ᠣᠳᠣᠬᠢᠴᠢᠯᠠᠭ᠍ᠰᠠᠨ ᠳᠡᠯᠭᠡᠨ ᠦᠵᠡᠭᠦᠯᠬᠦ᠌ ᠮᠡᠷᠭᠡᠵᠢᠯ᠎ᠢ ᠤᠶᠠᠯᠳᠤᠭᠤᠯᠵᠦ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠳᠡᠯᠭᠡᠨ ᠦᠵᠡᠭᠦᠯᠵᠦ᠍᠂ ᠬᠥᠮᠦᠨ ᠬᠢᠭᠡᠳ ᠪᠠᠢᠭᠠᠯᠢ᠂ ᠪᠠᠢᠭᠠᠯᠢ ᠬᠢᠭᠡᠳ ᠣᠷᠴᠢᠨ ᠲᠣᠭᠣᠷᠢᠨ᠎ᠤ ᠡᠶ᠎ᠡ ᠵᠣᠬᠢᠴᠠᠩᠭᠣᠢ ᠬᠠᠮᠲᠤ ᠣᠷᠣᠱᠢᠬᠤ ᠬᠠᠷᠢᠴᠠᠭ᠎ᠠ᠎ᠶ᠋ᠢ ᠳᠡᠯᠭᠡᠨ ᠦᠵᠡᠭᠦᠯᠵᠦ᠍ ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠵᠢᠴᠢ ᠠᠮᠢ ᠠᠬᠣᠢ ᠵᠢᠨ ᠪᠣᠯᠪᠠᠰᠣᠨᠦ ᠪᠠᠢᠭᠣᠯᠣᠯᠳᠠᠳᠦ ᠦᠪᠡᠷᠮᠢᠴᠡ ᠦᠢᠯᠡᠳᠦᠯ ᠵᠢᠡᠨ ᠪᠠᠳᠠᠷᠠᠭᠣᠯᠵᠦ ᠪᠠᠢᠨ᠎ᠠ᠃
ᠶᠡᠷᠦᠩᠬᠡᠢ ᠱᠦᠵᠢ ᠰᠢ ᠵᠢᠨ ᠫᠢᠩ᠄《ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠳᠦ ᠬᠣᠯᠪᠣᠭ᠍ᠳᠠᠬᠤ ᠦᠨᠳᠦᠰᠦᠨ ᠶᠡᠬᠡ ᠪᠤᠳᠤᠯᠭ᠎ᠠ ᠮᠥᠨ》ᠭᠡᠵᠦ᠍ ᠴᠢᠬᠤᠯᠠᠴᠢᠯᠠᠪᠠ᠃ ᠪᠠᠢᠭᠠᠯᠢ᠎ᠶ᠋ᠢᠨ ᠮᠦᠽᠧᠶ ᠨᠢ ᠲᠡᠷᠢᠭᠦᠨ ᠵᠡᠷᠭᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠢᠶᠠᠷ ᠲᠣᠯᠭᠠᠭᠣᠷᠢ ᠪᠣᠯᠭᠠᠵᠤ᠂ ᠡᠯᠪᠡᠭ ᠪᠠᠶᠠᠯᠢᠭ ᠮᠦᠽᠧᠶ᠎ᠶ᠋ᠢᠨ ᠬᠠᠳᠠᠭᠠᠯᠠᠯᠲᠠ᠎ᠶ᠋ᠢᠨ ᠡᠬᠢ ᠪᠠᠶᠠᠯᠢᠭ᠎ᠢᠶᠠᠷ ᠲᠦᠱᠢᠭ ᠪᠣᠯᠭᠠᠵᠦ᠂ ᠣᠳᠣᠬᠢᠴᠢᠯᠠᠭ᠍ᠰᠠᠨ ᠳᠡᠯᠭᠡᠨ ᠦᠵᠡᠭᠦᠯᠬᠦ᠌ ᠮᠡᠷᠭᠡᠵᠢᠯ᠎ᠢᠶᠡᠷ ᠠᠷᠭ᠎ᠠ ᠪᠠᠷᠢᠯ ᠪᠣᠯᠭᠠᠵᠤ᠂ ᠠᠮᠢ ᠠᠬᠤᠶ᠎ᠶ᠋ᠢᠨ ᠶᠣᠰᠣ ᠮᠣᠷᠠᠯ᠎ᠤᠨ ᠬᠡᠪ ᠴᠢᠨᠠᠷ᠎ᠢ ᠳᠡᠭᠡᠭ᠌ᠰᠢᠯᠡᠭᠦᠯᠬᠦ᠌᠎ᠪᠡᠷ ᠡᠭᠦᠷᠭᠡ ᠬᠠᠷᠢᠭᠤᠴᠠᠯᠭ᠎ᠠ᠎ᠪᠠᠨ ᠪᠣᠯᠭᠠᠵᠤ ᠂ ᠥᠯᠢᠭᠡᠷ ᠬᠡᠪ᠎ᠢ ᠬᠣᠷᠢᠶᠠᠨ ᠬᠠᠳᠠᠭᠠᠯᠠᠬᠤ᠂ ᠳᠡᠯᠭᠡᠨ ᠦᠵᠡᠭᠦᠯᠬᠦ᠌᠂ ᠣᠯᠠᠨ ᠨᠡᠢᠲᠡ᠎ᠶ᠋ᠢᠨ ᠰᠤᠷᠭᠠᠨ ᠬᠥᠮᠦᠵᠢᠯ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ ᠵᠡᠷᠭᠡ ᠳᠥᠷᠪᠡᠨ ᠶᠡᠬᠡ ᠴᠢᠳᠠᠮᠵᠢ᠎ᠶ᠋ᠢ ᠲᠥᠪᠯᠡᠷᠡᠭᠦᠯᠵᠦ᠂ ᠮᠠᠨ᠎ᠤ ᠤᠯᠤᠰ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠪᠠ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠌ ᠱᠢᠨᠵᠢᠯᠡᠬᠦ᠌ ᠤᠬᠠᠭᠠᠨ᠎ᠤ ᠣᠷᠳᠣᠨ ᠪᠣᠯᠤᠨ᠎ᠠ᠃ ᠲᠣᠭᠠᠴᠢᠯᠠᠭ᠍ᠰᠠᠨ ᠠᠵᠤ ᠠᠬᠤᠶ᠎ᠶ᠋ᠢᠨ ᠴᠠᠭ ᠦᠶ᠎ᠡ᠎ᠳᠦ᠂ ᠪᠠᠢᠭᠠᠯᠢ᠎ᠶ᠋ᠢᠨ ᠮᠦᠽᠧᠶ ᠣᠳᠣᠬᠢᠴᠢᠯᠠᠭ᠍ᠰᠠᠨ ᠮᠡᠷᠭᠡᠵᠢᠯ᠎ᠢ ᠠᠱᠢᠭ᠍ᠯᠠᠨ《ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠠᠮᠢᠯᠠᠭᠤᠯᠬᠤ》 ᠦᠷ᠎ᠡ ᠪᠦᠲᠦᠮᠵᠢ᠎ᠳᠦ ᠬᠦᠷᠴᠦ᠍ ᠂ ᠠᠮᠢᠲᠠᠨ ᠤᠷᠭᠤᠮᠠᠯ᠎ᠤᠨ ᠥᠯᠢᠭᠡᠷ ᠬᠡᠪ᠎ᠢ ᠨᠠᠩ ᠠᠮᠢᠳᠤᠯᠢᠭ ᠪᠣᠯᠭᠠᠵᠤ᠂ ᠳᠡᠯᠡᠬᠡᠶ᠎ᠶ᠋ᠢᠨ ᠪᠥᠮᠪᠥᠷᠴᠡᠭ᠎ᠦᠨ ᠠᠮᠢ ᠨᠠᠰᠤᠨ᠎ᠤ ᠡᠭᠦᠰᠦᠯ ᠬᠥᠭ᠌ᠵᠢᠯ᠎ᠦᠨ ᠪᠥᠬᠥ᠌ ᠦᠵᠡᠮᠵᠢ᠎ᠶ᠋ᠢᠨ ᠵᠢᠷᠤᠭ᠎ᠢ ᠦᠵᠡᠬᠦᠯᠵᠦ ᠲᠡᠢᠯᠳᠡᠭ᠃
ᠪᠠᠢᠭᠠᠯᠢ᠎ᠶ᠋ᠢᠨ ᠮᠦᠽᠧᠶ ᠪᠣᠯ ᠬᠥᠮᠦᠨ ᠲᠥᠷᠥᠯᠬᠢᠲᠡᠨ᠎ᠦ ᠪᠠᠢᠭᠠᠯᠢ᠎ᠶ᠋ᠢ ᠲᠠᠨᠢᠬᠤ᠂ ᠬᠠᠮᠠᠭᠠᠯᠠᠬᠤ ᠪᠠ ᠥᠭᠡᠷᠡᠴᠢᠯᠡᠬᠦ᠌᠎ᠪᠡᠷ ᠠᠭᠤᠯᠭ᠎ᠠ ᠪᠣᠯᠭᠠᠭ᠍ᠰᠠᠨ ᠮᠦᠽᠧᠶ ᠪᠣᠯᠬᠣ ᠪᠥᠭᠡᠳ ᠠᠮᠢ ᠠᠬᠤᠶ᠎ᠶ᠋ᠢᠨ ᠪᠣᠯᠪᠠᠰᠤᠨ᠎ᠢ ᠦᠢᠯᠡᠳᠦᠯᠭᠡᠵᠢᠭᠦᠯᠬᠦ᠌ ᠴᠢᠬᠤᠯᠠ ᠲᠠᠯᠠᠪᠤᠷ ᠪᠣᠯᠤᠨ᠎ᠠ᠃ ᠡᠭᠦᠨ᠎ᠦ ᠬᠠᠮᠲᠤ᠂ ᠪᠠᠢᠭᠠᠯᠢ᠎ᠶ᠋ᠢᠨ ᠮᠦᠽᠧᠶ ᠨᠢ ᠪᠠᠰᠠ ᠡᠯ᠎ᠡ ᠭᠠᠵᠠᠷ᠎ᠤᠨ ᠥᠪᠡᠷᠮᠢᠴᠡ ᠭᠠᠵᠠᠷ ᠣᠷᠣᠨ᠎ᠤ ᠰᠣᠶᠣᠯ᠎ᠢ ᠬᠠᠷᠠᠭᠤᠯᠵᠤ ᠪᠠᠢᠳᠠᠭ᠃ ᠠᠳᠠᠯᠢ ᠪᠤᠰᠤ ᠬᠣᠲᠠ ᠨᠢ ᠠᠳᠠᠯᠢ ᠪᠤᠰᠤ ᠰᠣᠶᠣᠯ᠎ᠤᠨ ᠤᠯᠠᠮᠵᠢᠯᠠᠯ᠎ᠲᠠᠶ᠂ ᠠᠳᠠᠯᠢ ᠪᠤᠰᠤ ᠠᠮᠢ ᠠᠬᠤᠶ᠎ᠶ᠋ᠢᠨ ᠣᠷᠴᠢᠨ ᠲᠣᠭᠣᠷᠢᠨ᠎ᠲᠠᠶ᠂ ᠠᠳᠠᠯᠢ ᠪᠤᠰᠤ ᠭᠠᠵᠠᠷ ᠣᠷᠣᠨ᠎ᠤ ᠣᠨᠴᠠᠯᠢᠭ᠎ᠲᠠᠶ ᠪᠠᠢᠳᠠᠭ᠂ ᠡᠲᠡᠭᠡᠷ ᠨᠢ ᠴᠥᠮ ᠠᠮᠢ ᠠᠬᠤᠶ᠎ᠶ᠋ᠢᠨ ᠪᠣᠯᠪᠠᠰᠤᠨ᠎ᠤ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠪᠠᠢᠭᠠᠯᠢ᠎ᠶ᠋ᠢᠨ ᠮᠦᠽᠧᠶ ᠨᠢ ᠶᠠᠭ ᠨᠢᠭᠡ ᠬᠣᠲᠠ᠎ᠶ᠋ᠢᠨ ᠰᠢᠯᠵᠢᠭᠡ ᠬᠡᠷᠡᠯ ᠵᠢᠷᠤᠭ᠎ᠤᠨ ᠦᠵᠡᠭᠦᠯᠭᠡ ᠲᠠᠢ ᠠᠳᠠᠯᠢᠬᠠᠨ ᠪᠠᠢᠵᠤ᠂ ᠲᠤᠰ ᠬᠣᠲᠠ᠎ᠶ᠋ᠢᠨ ᠠᠮᠢ ᠠᠬᠤᠶ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠶ᠋ᠢ ᠬᠦᠮᠦᠰ ᠲᠦ ᠲᠠᠨᠢᠨ ᠮᠡᠳᠡᠷᠡᠬᠦᠯᠵᠦ᠂ ᠡᠨᠡ ᠬᠣᠲᠠ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠠᠮᠵᠢᠯᠳᠠ ᠪᠦᠳᠦᠮᠵᠢ ᠵᠢ ᠰᠢᠭᠣᠳ ᠦᠵᠡᠬᠦᠯᠵᠦ ᠴᠢᠳᠠᠳᠠᠭ᠃
ᠦᠯᠢᠭᠡᠷ ᠬᠡᠪ ᠪᠣᠯ ᠪᠠᠢᠭᠠᠯᠢ ᠶᠢᠷᠲᠢᠨᠴᠦ᠍ ᠪᠠ ᠬᠥᠮᠦᠨ ᠲᠥᠷᠥᠯᠬᠢᠲᠡᠨ᠎ᠦ ᠨᠡᠢᠭᠡᠮ᠎ᠦᠨ ᠪᠣᠳᠠᠰ᠎ᠦᠨ ᠦᠯᠡᠳᠡᠭ᠌ᠳᠡᠯ ᠮᠥᠨ᠂ ᠬᠥᠮᠦᠨ ᠲᠥᠷᠥᠯᠬᠢᠲᠡᠨ᠎ᠦ ᠪᠠᠢᠭᠠᠯᠢ᠎ᠶ᠋ᠢᠨ ᠮᠡᠳᠡᠯᠭᠡ ᠪᠠ ᠨᠡᠢᠭᠡᠮ᠎ᠦᠨ ᠮᠡᠳᠡᠯᠭᠡ᠎ᠶ᠋ᠢᠨ ᠱᠢᠰᠲ᠋ᠧᠮ᠎ᠦᠨ ᠪᠣᠳᠠᠳᠦ ᠵᠦᠢᠯ᠎ᠦᠨ ᠰᠠᠭᠤᠷᠢ ᠮᠥᠨ᠃ ᠪᠠᠢᠭᠠᠯᠢ᠎ᠶ᠋ᠢᠨ ᠮᠦᠽᠧᠶ ᠴᠣᠭᠯᠠᠭᠣᠯᠣᠨ ᠬᠠᠳᠠᠭᠠᠯᠠᠵᠦ ᠪᠠᠢᠭ᠎ᠠ ᠶᠡᠬᠡ ᠬᠡᠮᠵᠢᠶᠡᠨ᠎ᠦ ᠠᠮᠢᠲᠠᠨ ᠤᠷᠭᠤᠮᠠᠯ ᠬᠢᠭᠡᠳ ᠮᠢᠺᠷᠣᠪ ᠪᠣᠳᠠᠰ᠂ ᠴᠢᠯᠠᠭᠤᠯᠢᠭ ᠬᠢᠭᠡᠳ ᠡᠷᠦᠳᠡᠰᠦ᠂ ᠣᠳᠣᠨ ᠴᠣᠭ᠍ᠴᠠᠰ ᠵᠢᠴᠢ ᠬᠥᠮᠦᠨ ᠲᠥᠷᠥᠯᠬᠢᠲᠡᠨ ᠵᠡᠷᠭᠡ ᠵᠢᠡ ᠦᠯᠢᠭᠡᠷ ᠬᠡᠪ ᠨᠢ ᠠᠮᠢᠳᠤ ᠪᠣᠳᠠᠰ᠎ᠤᠨ ᠬᠤᠪᠢᠰᠤᠯ᠎ᠤᠨ ᠪᠠᠢᠭᠠᠯᠢ᠎ᠶ᠋ᠢᠨ ᠲᠡᠦᠬᠡ ᠮᠡᠲᠦ᠂ ᠪᠠᠢᠭᠠᠯᠢ᠎ᠶ᠋ᠢᠨ ᠬᠤᠪᠢᠰᠤᠯ᠎ᠤᠨ ᠶᠠᠪᠤᠴᠠᠵᠢᠴᠢ ᠬᠥᠮᠦᠨ᠂ ᠪᠠᠢᠭᠠᠯᠢ᠂ ᠨᠡᠢᠭᠡᠮ᠎ᠦᠨ ᠬᠠᠷᠢᠯᠴᠠᠨ ᠦᠢᠯᠡᠳᠦᠯᠴᠡᠯ᠎ᠦᠨ ᠬᠤᠪᠢᠰᠤᠯ᠎ᠤᠨ ᠶᠠᠪᠤᠴᠠ᠎ᠶ᠋ᠢ ᠲᠡᠮᠳᠡᠭ᠌ᠯᠡᠵᠦ᠍ ᠪᠠᠢᠳᠠᠭ᠃ ᠦᠯᠢᠭᠡᠷ ᠬᠡᠪ ᠨᠢᠭᠡ ᠪᠦᠷᠢᠳᠦ ᠴᠥᠮ ᠬᠡᠯᠪᠡᠷᠢ ᠳᠦᠷᠰᠦ᠂ ᠠᠩᠭᠢᠯᠠᠯ᠂ ᠤᠳᠤᠮᠱᠢᠯ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠵᠡᠷᠭᠡ ᠶᠡᠬᠡ ᠬᠡᠮᠵᠢᠶᠡᠨ᠎ᠦ ᠮᠡᠳᠡᠯᠭᠡ᠎ᠶ᠋ᠢᠨ ᠮᠡᠳᠡᠭᠡ ᠵᠠᠩᠭᠢ ᠠᠬᠤᠭᠤᠯᠤᠭᠳᠠᠵᠦ᠂ ᠪᠠᠢᠭᠠᠯᠢ᠎ᠶ᠋ᠢᠨ ᠮᠦᠽᠧᠶ᠎ᠶ᠋ᠢ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠤᠨ ᠡᠷᠳᠡᠨᠢ᠎ᠶ᠋ᠢᠨ ᠬᠥᠮᠥᠷᠭᠡ ᠪᠣᠯᠭᠠᠭ᠍ᠰᠠᠨ ᠪᠠᠢᠨ᠎ᠠ᠃
ᠪᠠᠢᠭᠠᠯᠢ᠎ᠶ᠋ᠢᠨ ᠮᠦᠽᠧᠶ ᠪᠠᠰᠠᠠᠮᠢ ᠠᠬᠤᠶ᠎ᠶ᠋ᠢᠨ ᠪᠣᠯᠪᠠᠰᠤᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠳᠤ ᠠᠱᠢᠭ᠍ᠲᠠᠶ᠃ ᠪᠠᠢᠭᠠᠯᠢ᠎ᠶ᠋ᠢᠨ ᠮᠦᠽᠧᠶ᠎ᠳᠦ ᠡᠬᠡ ᠪᠠᠢᠭᠠᠯᠢ᠎ᠶ᠋ᠢᠨ ᠭᠣᠸ᠎ᠠ ᠰᠠᠢᠬᠠᠨ᠎ᠢ ᠭᠠᠢᠬᠠᠨ ᠰᠣᠨᠢᠷᠬᠠᠵᠣ ᠣᠢᠯᠠᠭᠠᠬᠣ ᠲᠣᠮᠳᠠ ᠬᠥᠮᠦᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠣᠢᠯᠠᠭᠠᠭ᠍ᠳᠠᠬᠤᠨ ᠰᠡᠳᠭᠢᠯ ᠵᠢᠷᠦᠬᠡᠨ᠎ᠳᠦ᠎ᠨᠢ ᠬᠠᠳᠠᠩᠱᠢᠬᠤ ᠪᠣᠯᠤᠨ᠎ᠠ᠃ ᠡᠭᠦᠨ᠎ᠦ ᠬᠠᠮᠲᠤ᠂ ᠪᠠᠢᠭᠠᠯᠢ᠎ᠶ᠋ᠢᠨ ᠮᠦᠽᠧᠶ ᠵᠢ ᠪᠠᠰᠠ ᠭᠠᠳᠠᠭᠠᠳᠣ ᠣᠯᠣᠰ ᠣᠷᠣᠨ ᠵᠢᠡᠷ ᠲᠡᠯᠭᠡᠨ ᠦᠵᠡᠬᠦᠯᠬᠡ ᠬᠢᠬᠦ᠂ ᠬᠠᠮᠲᠤᠷᠠᠨ ᠰᠤᠳᠤᠯᠭᠠᠨ ᠥᠷᠨᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠭᠠᠳᠠᠭᠠᠳᠤ᠎ᠲᠠᠶ ᠰᠣᠯᠢᠯᠴᠠᠭ᠎ᠠ ᠬᠢᠬᠦ ᠲᠠᠪᠴᠠᠩᠪᠤᠯᠭᠠᠵᠤ ᠪᠣᠯᠤᠨ᠎ᠠ᠃ ᠵᠢᠱ᠌ᠢᠶᠡᠯᠡᠪᠡᠯ 《ᠳᠤᠮᠳᠠᠳᠤ ᠤᠯᠤᠰ᠎ᠤᠨ ᠠᠪᠤᠷᠭᠤ ᠭᠦᠷᠪᠡᠯ᠎ᠦᠨ ᠦᠵᠡᠭᠦᠯᠭᠡ》 ᠵᠢ ᠣᠯᠠᠨ ᠤᠯᠤᠰ᠎ᠲᠤ ᠲᠣᠭᠣᠷᠢᠨ ᠦᠵᠡᠭᠦᠯᠵᠦ᠍ ᠥᠩᠭᠡᠷᠡᠵᠡᠶ᠃ ᠪᠠᠢᠭᠠᠯᠢ᠎ᠶ᠋ᠢᠨ ᠮᠦᠽᠧᠢ ᠵᠢᠨ ᠥᠷᠨᠢᠭᠦᠯᠦᠭ᠌ᠰᠡᠨ ᠡᠳᠡᠭᠡᠷ ᠭᠠᠳᠠᠭᠠᠳᠤ᠎ᠯᠤᠭ᠎ᠠ᠎ᠶ᠋ᠢᠨ ᠰᠣᠶᠣᠯ᠎ᠤᠨ ᠶᠠᠪᠤᠯᠴᠠᠭ᠎ᠠ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠪᠠᠢᠭᠠᠯᠢ᠎ᠶ᠋ᠢ ᠬᠦᠨᠳᠦᠳᠭᠡᠵᠦ᠍᠂ ᠪᠠᠢᠭᠠᠯᠢ᠎ᠲᠠᠶ ᠵᠣᠬᠢᠴᠠᠵᠤ᠂ ᠪᠠᠢᠭᠠᠯᠢ᠎ᠶ᠋ᠢ ᠬᠠᠮᠠᠭᠠᠯᠠᠭ᠍ᠰᠠᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠳᠡᠯᠡᠬᠡᠢ ᠳ᠋ᠠᠬᠢᠨ᠎ᠳᠤ ᠦᠵᠡᠭᠦᠯᠵᠦ᠍᠂ ᠳᠤᠮᠳᠠᠳᠤ ᠤᠯᠤᠰ᠎ᠤᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠦᠯᠢᠭᠡᠷ᠎ᠢ ᠰᠠᠢᠲᠤᠷ ᠶᠠᠷᠢᠬᠤ᠎ᠳᠤ ᠠᠱᠢᠭ᠍ᠲᠠᠢ ᠶᠤᠮ᠃
ᠪᠠᠢᠭᠠᠯᠢ᠎ᠶ᠋ᠢᠨ ᠮᠦᠽᠧᠶ᠎ᠶ᠋ᠢᠨ ᠥᠪᠡᠷᠮᠢᠴᠡ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠠᠮᠢ ᠠᠬᠤᠶ᠎ᠶ᠋ᠢᠨ ᠪᠣᠯᠪᠠᠰᠣᠨᠦ ᠬᠠᠮᠳᠣ ᠵᠢᠨ ᠲᠠᠨᠢᠯᠳᠠ ᠵᠢ ᠨᠢᠭ᠍ᠲᠠᠷᠠᠭᠤᠯᠵᠦ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠮᠡᠳᠡᠯᠭᠡ᠎ᠶ᠋ᠢ ᠤᠯᠠᠮᠵᠢᠯᠠᠪᠠᠯ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ᠎ᠳᠤ ᠨᠡᠩ ᠶᠡᠬᠡ ᠬᠦᠴᠦᠨ ᠴᠢᠳᠠᠯ ᠵᠢᠡᠨ ᠨᠡᠮᠡᠷᠢᠯᠡᠵᠦ᠍ ᠴᠢᠳᠠᠬᠣ ᠨᠢ ᠯᠠᠪᠳᠠᠢ᠃
— 《ᠠᠷᠠᠳ᠎ᠤᠨ ᠡᠳᠦᠷ᠎ᠤᠨ ᠰᠤᠨᠢᠨ》 ᠡᠴᠡ