4 ᠰᠠᠷ᠎ᠠ ᠵᠢᠨ 19᠎ᠤ᠋ ᠡᠳᠦᠷ᠂ ᠲᠥᠪ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳ᠋ᠦ ᠬᠣᠷᠢᠨ ᠲᠠᠪᠤᠳᠤᠭᠠᠷ ᠪᠦᠯᠦᠭ᠎ᠤᠨ ᠣᠷᠴᠢᠨ ᠲᠣᠭᠣᠷᠢᠨ᠎ᠤ ᠬᠦᠷᠢᠶᠡᠨ ᠳ᠋ᠦ ᠬᠣᠯᠪᠣᠭ᠍ᠳᠠᠭ᠍ᠰᠠᠨ 80 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠤᠯᠠᠭᠠᠨᠬᠠᠳᠠ ᠬᠤᠳᠠ᠎ᠵᠢᠨ 15 ᠬᠤᠪᠢ᠂ ᠬᠥᠯᠥᠨ ᠪᠣᠢᠷ ᠬᠤᠳᠠ᠎ᠵᠢᠨ 10 ᠬᠤᠪᠢ᠂ ᠬᠥᠬᠡᠬᠣᠲᠠ ᠪᠠ ᠪᠤᠭᠤᠲᠤ ᠬᠤᠳᠠ᠎ᠵᠢᠨ ᠲᠣᠰ ᠪᠤᠢ᠍ᠷᠢ 9 ᠬᠤᠪᠢ᠂ ᠣᠷᠳᠣᠰ ᠬᠤᠳᠠ᠎ᠵᠢᠨ 8 ᠬᠤᠪᠢ᠂ ᠬᠢᠩᠭᠠᠨ ᠠᠢᠮᠠᠭ ᠪᠠ ᠪᠠᠶᠠᠨᠨᠠᠭᠤᠷ ᠬᠤᠳᠠ᠎ᠵᠢᠨ ᠲᠣᠰ ᠪᠤᠢ᠍ᠷᠢ 7 ᠬᠤᠪᠢ᠂ ᠤᠯᠠᠭᠠᠨᠴᠠᠪ ᠬᠤᠳᠠ᠎ᠵᠢᠨ 6 ᠬᠤᠪᠢ᠂ ᠲᠦᠩᠯᠢᠶᠣᠤ ᠬᠤᠳᠠ᠎ᠵᠢᠨ 4 ᠬᠤᠪᠢ᠂ ᠱᠢᠯᠢ ᠵᠢᠨ ᠭᠤᠤᠯ ᠠᠢᠮᠠᠭ ᠪᠠ ᠠᠯᠠᠱᠠ ᠠᠢᠮᠠᠭ᠎ᠤᠨ ᠲᠣᠰ ᠪᠤᠢ᠍ᠷᠢ 2 ᠬᠤᠪᠢ᠂ ᠦᠬᠠᠶ ᠬᠤᠳᠠ᠎ᠵᠢᠨ 1 ᠬᠤᠪᠢ ᠪᠣᠶ᠃
ᠪᠣᠬᠢᠷᠲᠤᠯ ᠤ᠋ᠨ ᠲᠥᠷᠥᠯ ᠵᠢᠡᠷ ᠨᠢ ᠬᠤᠪᠢᠶᠠᠪᠠᠯ (ᠬᠡᠰᠡᠭ ᠬᠡᠷᠡᠭ ᠨᠢ ᠣᠯᠠᠨ ᠲᠥᠷᠥᠯ ᠤ᠋ᠨ ᠪᠣᠬᠢᠷᠲᠤᠯ ᠳ᠋ᠦ ᠬᠣᠯᠪᠣᠭ᠍ᠳᠠᠨ᠎ᠠ)᠂ ᠠᠮᠢ ᠠᠬᠤᠶ ᠵᠢ ᠡᠪᠳᠡᠭ᠌ᠰᠡᠨ ᠬᠡᠷᠡᠭ 46 ᠬᠤᠪᠢ᠂ ᠠᠭᠠᠷ ᠮᠠᠨᠳᠠᠯ ᠢ᠋ ᠪᠣᠬᠢᠷᠲᠤᠭᠤᠯᠤᠭ᠍ᠰᠠᠨ ᠬᠡᠷᠡᠭ 17 ᠬᠤᠪᠢ᠂ ᠤᠰᠤᠨ ᠤ᠋ ᠪᠣᠬᠢᠷᠲᠤᠯ᠎ᠤᠨ ᠭᠡᠷᠡᠭ 15 ᠬᠤᠪᠢ᠂ ᠱᠤᠤᠬᠢᠶᠠᠨ ᠤ᠋ ᠪᠣᠬᠢᠷᠲᠤᠯ᠎ᠤᠨ ᠭᠡᠷᠡᠭ 10 ᠬᠤᠪᠢ᠂ ᠬᠥᠷᠥᠰᠥ᠍ ᠱᠢᠷᠣᠶ ᠵᠢᠨ ᠪᠣᠬᠢᠷᠲᠤᠯ᠎ᠤᠨ ᠭᠡᠷᠡᠭ 10 ᠬᠤᠪᠢ᠂ ᠰᠠᠴᠤᠷᠠᠭ ᠤ᠋ᠨ ᠪᠣᠬᠢᠷᠲᠤᠯ᠎ᠤᠨ ᠭᠡᠷᠡᠭ 1 ᠬᠤᠪᠢ᠂ ᠪᠤᠰᠤᠳ ᠪᠣᠬᠢᠷᠲᠤᠯ᠎ᠤᠨ ᠭᠡᠷᠡᠭ 4 ᠬᠤᠪᠢ ᠪᠣᠶ᠃ ᠳᠡᠭᠡᠷᠡᠬᠢ ᠬᠡᠷᠡᠭ ᠢ᠋ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号