3 ᠰᠠᠷ᠎ᠠ ᠵᠢᠨ 26 ᠤ᠋ ᠡᠳᠦᠷ ᠡᠴᠡ 4 ᠰᠠᠷ᠎ᠠ ᠵᠢᠨ 18 ᠤ᠋ ᠡᠳᠦᠷ ᠪᠤᠯᠳᠠᠯ᠎ᠠ᠂ ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠲᠤᠭᠤᠢᠯᠠᠩ (ᠳᠤᠷᠤᠬᠰᠢ《ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ》 ᠭᠡᠵᠤ ᠲᠦᠭᠦᠮᠴᠢᠯᠡᠪᠡ) ᠡᠴᠡ ᠮᠠᠨ ᠤ᠋ ᠤᠷᠤᠨ ᠳ᠋ᠦ 24 ᠪᠦᠯᠦᠭ ᠨᠡᠢᠳᠡ 2027 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ᠋ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠤᠰᠤᠭᠠᠷ᠂ ᠤᠳᠤᠬᠠᠨ ᠳ᠋ᠦ ᠪᠥᠬᠥ᠌ ᠣᠷᠣᠨ ᠢ᠋ᠶ᠋ᠡᠷ ᠢ᠋ᠶ᠋ᠡᠨ ᠠᠷᠪᠠᠨ ᠵᠢᠷᠭᠤᠳᠤᠭᠠᠷ ᠪᠦᠯᠦᠭ ᠤ᠋ᠨ 90 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠢ᠋ ᠪᠠᠢᠴᠠᠭᠠᠨ ᠱᠢᠶ᠋ᠳᠪᠦᠷᠢᠯᠡᠵᠤ ᠪᠤᠢ᠃ ᠡᠭᠦᠨ ᠳ᠋ᠤ᠂ 25 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 43 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠬᠠᠵᠤ᠂ 22 ᠬᠤᠪᠢ ᠵᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 155 ᠵᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 4 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ ᠵᠤᠭᠤᠰᠵᠢᠡᠷ ᠲᠤᠷᠭᠠᠭᠰᠠᠨ ᠮᠦᠡᠭᠬᠦᠨᠤ ᠲᠤᠭ᠎ᠠ ᠨᠢ 42.9550 ᠲᠦᠮᠡᠨ ᠲᠥᠭᠥᠷᠢᠭᠪᠠᠢᠵᠤ᠂ 1 ᠬᠦᠮᠦᠨ ᠲᠠᠢ ᠪᠤᠯᠵᠤᠨ ᠶᠠᠷᠢᠯᠴᠠᠪᠠ᠃
4 ᠰᠠᠷ᠎ᠠ ᠶ᠋ᠢᠨ 18 ᠤ᠋ ᠡᠳᠦᠷ ᠪᠤᠯᠲᠠᠯ᠎ᠠ᠂ ᠪᠦᠬᠦ ᠤᠷᠤᠨ ᠢ᠋ᠶ᠋ᠡᠷ ᠢ᠋ᠶ᠋ᠡᠨ ᠨᠢᠭᠡᠳᠦᠭᠡᠷ 1 — 16 ᠳ᠋ᠤᠭᠠᠷ ᠪᠦᠯᠦᠭ ᠤ᠋ᠨ 1242 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭᠢ᠋ ᠪᠠᠢᠴᠠᠭᠠᠨ ᠱᠢᠶ᠋ᠳᠪᠦᠷᠢᠯᠡᠵᠤ ᠪᠤᠢ᠃ ᠡᠭᠦᠨ ᠳ᠋ᠤ᠂ 461 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 457 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠭᠠᠵᠤ᠂ 326 ᠬᠤᠪᠢ ᠵᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 558 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 75 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ ᠵᠤᠭᠤᠰᠵᠢᠡᠷ ᠲᠤᠷᠭᠠᠭᠰᠠᠨ ᠮᠦᠡᠭᠬᠦᠨᠤ ᠲᠤᠭ᠎ᠠ 502.2394 ᠲᠦᠮᠡᠨ ᠲᠥᠭᠥᠷᠢᠭᠪᠠᠢᠵᠤ᠂ 31 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ ᠂ 11 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 65 ᠬᠥᠮᠦᠨ ᠲᠡᠶ ᠪᠣᠯᠵᠣᠨ ᠶᠠᠷᠢᠯᠴᠠᠵᠤ᠂ 55 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ ᠃
ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠠᠯᠠᠪᠳᠠᠭᠤᠯᠤᠨ ᠪᠠᠢᠴᠠᠭᠠᠬᠤ ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ ᠤ᠋ᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ ᠪᠠᠢᠨ᠎ᠠ᠃
ᠠᠷᠪᠠᠨ ᠵᠢᠷᠭᠤᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ᠃
