ᠲᠩᠷᠢ ᠠᠵᠤ ᠦᠶ᠋ᠯᠡᠳᠪᠦᠷᠢ ᠶ᠋ᠢᠨ ᠬᠦᠷᠢᠶᠡᠯᠡᠩ ᠬᠣᠭ ᠨᠣᠪᠰᠢ ᠶ᠋ᠢ ᠳᠤᠷ᠎ᠠ ᠪᠡᠷ ᠬᠠᠶᠠᠭᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭᠠᠳ ᠦᠷ᠎ᠡ ᠪᠦᠲᠦᠮᠵᠢ ᠳᠤᠪᠤᠢᠮ᠎ᠠ ᠪᠠᠢᠨ᠎ᠠ
2022-04-21 09:40:46
ᠵᠣᠬᠢᠶᠠᠭ᠍ᠴᠢ᠄
​ ᠯᠢᠦ ᠬᠣᠩ ᠵᠠᠩ
ᠣᠩᠱᠢᠭ᠍ᠰᠠᠨ ᠣᠳᠠᠭ᠎ᠠ᠄
★★★☆☆

3 ᠰᠠᠷ᠎ᠠ ᠶ᠋ᠢᠨ 27 ᠤ᠋ ᠡᠳᠦᠷ᠂ ᠠᠯᠠᠱᠠ ᠠᠢᠮᠠᠭ ᠲᠥᠪ ᠦ᠋ᠨ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠵᠠᠬᠢᠳᠠᠯ ᠰᠤᠷᠪᠤᠯᠵᠢᠯᠠᠯ ᠤ᠋ᠨ ᠠᠰᠠᠭᠤᠳᠠᠯ ᠢ᠋ ᠱᠢᠯᠵᠢᠭᠦᠯᠦᠨ ᠱᠢᠢᠳᠪᠦᠷᠢᠯᠡᠭᠦᠯᠬᠦ᠌ ᠮᠡᠳᠡᠭ᠌ᠳᠡᠯ ᠢ᠋ ᠣᠯᠤᠭ᠍ᠰᠠᠨ ᠤ᠋ ᠳᠠᠷᠠᠭ᠎ᠠ᠂ ᠬᠤᠶᠠᠷᠬᠤᠳᠳᠤᠭ᠎ᠤᠨ ᠬᠦᠳᠡᠬᠡ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠳ᠋ᠡᠬᠢ ᠴᠢᠩ ᠬᠤᠸᠠ ᠪᠦᠯᠦᠭ᠌ᠯᠡᠯ ᠦ᠋ᠨ ᠲᠩᠷᠢ ᠠᠵᠤ ᠦᠢᠯᠡᠳᠪᠦᠷᠢ ᠶ᠋ᠢᠨ ᠬᠦᠷᠢᠶᠡᠯᠡᠩ ᠠᠮᠢᠳᠤᠷᠠᠯ ᠤ᠋ᠨ ᠬᠣᠭ ᠨᠣᠪᠰᠢ ᠪᠠ ᠪᠠᠷᠢᠯᠭ᠎ᠠ ᠶ᠋ᠢᠨ ᠬᠣᠭ ᠨᠣᠪᠰᠢ ᠶ᠋ᠢ ᠳᠤᠷ᠎ᠠ ᠪᠡᠷ ᠬᠠᠶᠠᠭᠰᠠᠨ ᠠᠰᠠᠭᠤᠳᠠᠯ ᠢ᠋ ᠳᠠᠷᠤᠢ ᠲᠦᠷᠭᠡᠨ ᠲᠦᠪ ᠴᠢᠩᠭ᠎ᠠ ᠪᠡᠷ ᠪᠠᠢᠴᠠᠭᠠᠵᠤ᠂ ᠨᠠᠷᠢᠨ ᠬᠢᠨᠠᠮᠠᠭᠠᠢ ᠬᠢᠨᠠᠨ ᠬᠠᠷᠭᠤᠭᠤᠯᠬᠤ ᠶ᠋ᠢᠨ ᠬᠠᠮᠲᠤ ᠯᠠᠪᠳᠠᠭᠤᠨ ᠪᠠᠲᠤᠲᠠᠢ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠠ ᠠᠪᠤᠪᠠ᠃ ᠣᠢᠷ᠎ᠠ ᠶ᠋ᠢᠨ ᠡᠳᠦᠷ ᠦ᠋ᠨ ᠴᠡᠭ᠌ᠴᠡᠯᠡᠨ ᠰᠠᠢᠵᠢᠷᠠᠭᠤᠯᠤᠯᠳᠠ ᠪᠡᠷ ᠳᠡᠮᠵᠢᠨ᠂ ᠣᠳᠣᠬᠠᠨ ᠳ᠋ᠤ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ ᠮᠠᠰᠢ ᠳᠤᠪᠤᠢᠮ᠎ᠠ ᠪᠠᠢᠵᠤ᠂ ᠲᠤᠬᠠᠶ ᠶ᠋ᠢᠨ ᠭᠠᠵᠠᠷ ᠤ᠋ᠨ ᠰᠠᠭᠤᠭᠠᠯᠢ ᠠᠷᠠᠳ ᠤ᠋ᠨ ᠮᠠᠭ᠍ᠲᠠᠭᠠᠯ ᠰᠠᠢᠱᠢᠶᠠᠯ ᠢ᠋ ᠤᠯᠪᠠ ᠃

4 ᠰᠠᠷ᠎ᠠ ᠶ᠋ᠢᠨ 19 ᠤ᠋ ᠥᠷᠯᠥᠭᠡ᠂ ᠰᠤᠷᠪᠤᠯᠵᠢᠯᠠᠭ᠍ᠴᠢ ᠬᠤᠶᠠᠷᠬᠤᠳᠳᠤᠭ᠎ᠤᠨ ᠬᠦᠳᠡᠬᠡ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠤ᠋ ᠲᠩᠷᠢ ᠠᠵᠤ ᠦᠢᠯᠡᠳᠪᠦᠷᠢ ᠶ᠋ᠢᠨ ᠬᠦᠷᠢᠶᠡᠯᠡᠩ ᠤ᠋ᠨ ᠬᠣᠭ ᠨᠣᠪᠰᠢ ᠶ᠋ᠢ ᠳᠤᠷ᠎ᠠ ᠪᠡᠷ ᠬᠠᠶᠠᠭᠰᠠᠨ ᠭᠠᠵᠠᠷ ᠲᠦ᠍ ᠬᠦᠷᠦᠭᠰᠡᠨ ᠳ᠋ᠤ᠂ ᠠᠮᠢᠳᠤᠷᠠᠯ ᠤ᠋ᠨ ᠬᠣᠭ ᠨᠣᠪᠰᠢ ᠶ᠋ᠢ ᠨᠢᠭᠡᠨᠳᠡ ᠪᠦᠬᠦᠨ ᠢ᠋ ᠴᠡᠪᠡᠷᠯᠡᠭᠰᠡᠨ ᠪᠥᠭᠡᠳ ᠬᠣᠭ ᠨᠣᠪᠰᠢ ᠬᠠᠶᠠᠵᠦ ᠪᠠᠢᠭ᠍ᠰᠠᠨ ᠭᠠᠵᠠᠷ ᠢ᠋ ᠲᠡᠮᠦᠷ ᠳᠤᠤᠷ ᠶ᠋ᠢᠡᠷ ᠬᠦᠷᠢᠶᠡᠯᠡᠭᠰᠡᠨ ᠢ᠋ ᠤᠯᠵᠤ ᠬᠠᠷᠠᠪᠠ᠃ 《 ᠪᠢᠳᠡ ᠮᠡᠳᠡᠭ᠌ᠳᠡᠯ ᠢ᠋ ᠣᠯᠤᠭ᠍ᠰᠠᠨ ᠤ᠋ ᠳᠠᠷᠠᠭ᠎ᠠ᠂ ᠲᠣᠰ ᠭᠠᠵᠠᠷ ᠤ᠋ᠨ ᠠᠮᠢᠳᠤᠷᠠᠯ ᠤ᠋ᠨ ᠬᠣᠭ ᠨᠣᠪᠰᠢ᠎ᠶ᠋ᠢ ᠳᠠᠷᠤᠢᠬᠠᠨ ᠴᠡᠪᠡᠷᠯᠡᠵᠦ᠍᠂ 6 ᠡᠳᠦᠷ ᠦ᠋ᠨ ᠳᠣᠲᠣᠷ᠎ᠠ ᠠᠮᠢᠳᠤᠷᠠᠯ ᠤ᠋ᠨ ᠬᠣᠭ ᠨᠣᠪᠰᠢ ᠶ᠋ᠢ ᠪᠦᠬᠦᠨ ᠢ᠋ ᠴᠡᠪᠡᠷᠯᠡᠭᠡᠳ ᠴᠡᠭ᠌ᠴᠡᠯᠡᠨ ᠰᠠᠢᠵᠢᠷᠠᠭᠤᠯᠬᠤ ᠠᠵᠢᠯ ᠶ᠋ᠢᠡᠨ ᠳᠠᠭᠤᠰᠬᠠᠭᠰᠠᠨ ᠪᠠᠢᠨ᠎ᠠ》ᠭᠡᠵᠦ ᠬᠤᠶᠠᠷᠬᠤᠳᠳᠤᠭ᠎ᠤᠨ ᠬᠦᠳᠡᠬᠡ  ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠤ᠋ ᠨᠠᠮ ᠤ᠋ᠨ ᠠᠵᠢᠯᠯᠠᠬᠤ ᠬᠤᠷᠢᠶ᠎ᠠ ᠶ᠋ᠢᠨ ᠭᠡᠱᠢᠭᠦᠨ᠂ ᠬᠠᠮᠢᠶᠠᠷᠤᠯᠲᠠ ᠶ᠋ᠢᠨ ᠵᠥᠪᠯᠡᠯ ᠦ᠋ᠨ ᠳᠡᠳ᠋ ᠡᠷᠬᠢᠯᠡᠭ᠌ᠴᠢ ᠬᠤᠤ ᠶᠢᠦ ᠬᠠᠢ ᠰᠤᠷᠪᠤᠯᠵᠢᠯᠠᠭ᠍ᠴᠢ ᠳ᠋ᠤ ᠬᠡᠯᠡᠪᠡ ᠃

ᠣᠢᠯᠠᠭᠠᠭ᠍ᠰᠠᠨ ᠶ᠋ᠢᠡᠷ᠂ 3 ᠰᠠᠷ᠎ᠠ ᠶ᠋ᠢᠨ 27  ᠤ᠋ ᠡᠳᠦᠷ᠂ ᠠᠯᠠᠱᠠ ᠠᠢᠮᠠᠭ ᠲᠥᠪ ᠦ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠲᠤᠱᠢᠶᠠᠨ ᠱᠢᠶ᠋ᠳᠪᠦᠷᠢᠯᠡᠭᠦᠯᠦᠭᠰᠡᠨ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠤ᠋ᠨ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠣᠯᠤᠭ᠍ᠰᠠᠨ ᠤ᠋ ᠳᠠᠷᠠᠭ᠎ᠠ ᠂ ᠠᠯᠠᠱᠠ ᠠᠢᠮᠠᠭ ᠤ᠋ᠨ ᠨᠠᠮ ᠤ᠋ᠨ ᠬᠣᠷᠢᠶᠠᠨ ᠤ᠋ ᠱᠦᠵᠢ ᠳᠠᠢᠴᠢᠨ ᠲᠤᠢᠯ ᠶ᠋ᠢᠡᠷ ᠴᠢᠬᠤᠯᠠᠴᠢᠯᠠᠨ᠂ 3 ᠰᠠᠷ᠎ᠠ ᠶ᠋ᠢᠨ 28  ᠤ᠋ ᠡᠳᠦᠷ ᠴᠢᠩ ᠬᠤᠸᠠ ᠪᠦᠯᠦᠭ᠌ᠯᠡᠯ ᠦ᠋ᠨ ᠲᠩᠷᠢ ᠠᠵᠤ ᠦᠶ᠋ᠯᠡᠳᠪᠦᠷᠢ ᠶ᠋ᠢᠨ ᠬᠦᠷᠢᠶᠡᠯᠡᠩ᠎ᠳᠦ ᠭᠦᠨᠵᠡᠭᠡᠢᠷᠡᠨ ᠲᠤᠬᠠᠶ ᠶ᠋ᠢᠨ ᠲᠠᠯᠠᠪᠠᠶ ᠳ᠋ᠤ ᠴᠡᠭ᠌ᠴᠡᠯᠡᠨ ᠰᠠᠢᠵᠢᠷᠠᠭᠤᠯᠬᠤ ᠠᠵᠢᠯ ᠢ᠋ ᠱᠠᠯᠠᠪᠳᠠᠭᠤᠯᠤᠨ ᠵᠢᠯᠣᠭᠣᠳᠴᠤ᠌᠂ ᠡᠯ᠎ᠡ ᠱᠠᠲᠤ ᠡᠯ᠎ᠡ ᠰᠠᠯᠠᠭ᠎ᠠ ᠮᠥᠴᠢᠷ ᠦ᠋ᠨ᠎ᠬᠢᠨ ᠲᠤᠱᠢᠶᠠᠨ ᠱᠢᠶ᠋ᠳᠪᠦᠷᠢᠯᠡᠭᠦᠯᠦᠭ᠌ᠰᠡᠨ ᠠᠰᠠᠭᠤᠳᠠᠯ ᠢ᠋ ᠳᠠᠷᠤᠢ ᠲᠦᠷᠭᠡᠨ ᠴᠡᠭᠴᠡᠯᠡᠨ ᠰᠠᠢᠵᠢᠷᠠᠭᠤᠯᠵᠤ᠂ ᠳᠠᠷᠤᠢᠬᠠᠨ ᠬᠡᠷᠡᠭᠵᠢᠭᠦᠯᠦᠨ ᠳᠠᠷᠤᠢᠬᠠᠨ ᠦᠭᠡᠷᠡᠴᠢᠯᠡᠵᠦ᠂ ᠤᠯᠤᠰ ᠲᠥᠷᠥ ᠶ᠋ᠢᠨ ᠲᠠᠯ᠎ᠠ᠎ᠠᠴᠠ ᠦᠵᠡᠬᠦ᠌᠂ ᠤᠯᠤᠰ ᠲᠥᠷᠥ ᠶ᠋ᠢᠨ ᠲᠠᠯ᠎ᠠ᠎ᠠᠴᠠ ᠱᠢᠶ᠋ᠳᠪᠦᠷᠢᠯᠡᠬᠦ᠌᠎ᠶ᠋ᠢ ᠪᠠᠷᠢᠮᠲᠠᠯᠠᠨ᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠣᠷᠴᠢᠨ ᠲᠣᠭᠣᠷᠢᠨ ᠤ᠋ ᠲᠣᠪᠣᠢᠮ᠎ᠠ ᠠᠰᠠᠭᠤᠳᠠᠯ ᠢ᠋ ᠪᠥᠬᠥ᠌ ᠬᠦᠴᠦᠨ ᠶ᠋ᠢᠡᠷ ᠶ᠋ᠢᠡᠨ ᠱᠢᠶ᠋ᠳᠪᠦᠷᠢᠯᠡᠵᠦ᠍᠂ ᠠᠷᠠᠳ ᠣᠯᠠᠨ ᠤ᠋ ᠬᠠᠨᠤᠮᠵᠢᠲᠠᠶ ᠪᠠᠢᠬᠤ ᠬᠡᠮᠵᠢᠶ᠎ᠡ ᠪᠠ ᠬᠦᠷᠲᠡᠮᠵᠢ ᠶ᠋ᠢᠨ ᠲᠥᠷᠥᠭ᠌ᠳᠡᠯ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠬᠤᠶᠠᠷᠬᠤᠳᠳᠤᠭ᠎ᠤᠨ ᠬᠦᠳᠡᠬᠡ  ᠠᠮᠢ ᠠᠬᠤᠶ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ᠌ ᠤᠷᠤᠨ᠎ᠤ ᠬᠢᠨ ᠴᠢᠩ ᠬᠤᠸᠠ ᠪᠦᠯᠦᠭ᠌ᠯᠡᠯ ᠦ᠋ᠨ ᠲᠩᠷᠢ ᠠᠵᠤ ᠦᠶ᠋ᠯᠡᠳᠪᠦᠷᠢ ᠶ᠋ᠢᠨ ᠬᠦᠷᠢᠶᠡᠯᠡᠩ ᠦ᠋ᠨ ᠳᠤᠷ᠎ᠠ᠎ᠪᠠᠷ ᠶ᠋ᠢᠡᠨ ᠠᠮᠢᠳᠤᠷᠠᠯ ᠤ᠋ᠨ ᠬᠣᠭ ᠨᠣᠪᠰᠢ ᠪᠠ ᠪᠠᠷᠢᠯᠭ᠎ᠠ ᠶ᠋ᠢᠨ ᠬᠣᠭ ᠨᠣᠪᠰᠢ ᠬᠠᠶᠠᠭᠰᠠᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠬᠤ᠎ᠳᠠᠭᠠᠨ ᠨᠢᠭᠤᠵᠤ ᠳᠠᠯᠳᠠᠯᠠᠬᠤ ᠥᠬᠡᠶ᠂ ᠳᠠᠷᠤᠢ ᠲᠦᠷᠭᠡᠨ ᠬᠦᠳᠡᠯᠦᠯᠴᠡᠨ᠂ ᠳᠠᠷᠤᠢ ᠲᠦᠷᠭᠡᠨ ᠱᠢᠶ᠋ᠳᠪᠦᠷᠢᠯᠡᠵᠦ᠍᠂ ᠬᠣᠭ ᠨᠣᠪᠰᠢ ᠬᠠᠶᠠᠭ᠍ᠰᠠᠨ ᠠᠵᠤ ᠠᠬᠤᠢᠯᠠᠯ ᠢ᠋ ᠬᠠᠤᠯᠢ ᠶᠣᠰᠣᠭᠠᠷ 80 ᠲᠦᠮᠡᠨ ᠲᠥᠭᠥᠷᠢᠭ ᠶ᠋ᠢᠡᠷ ᠲᠣᠷᠭᠠᠪᠠ᠃ 4 ᠰᠠᠷ᠎ᠠ ᠶ᠋ᠢᠨ 2 ᠤ᠋ᠨ ᠡᠳᠦᠷ ᠪᠣᠯᠲᠠᠯ᠎ᠠ᠂ ᠴᠢᠩ ᠬᠤᠸᠠ ᠪᠦᠯᠦᠭ᠌ᠯᠡᠯ ᠨᠡᠢᠲᠡ 14800 ᠲᠣᠨ ᠠᠮᠢᠳᠤᠷᠠᠯ ᠤ᠋ᠨ ᠬᠣᠭ ᠨᠣᠪᠰᠢ᠎ᠶ᠋ᠢ  ᠵᠢᠷᠭᠠᠯᠰᠠᠢᠬᠠᠨ ᠪᠠᠯᠭᠠᠰᠤᠨ ᠤ᠋ ᠠᠮᠢᠳᠤᠷᠠᠯ ᠤ᠋ᠨ ᠬᠣᠭ ᠨᠣᠪᠰᠢ᠎ᠶ᠋ᠢ ᠪᠤᠯᠠᠬᠤ ᠲᠠᠯᠠᠪᠤᠷ ᠲᠦ᠍ ᠰᠢᠯᠵᠢᠭᠦᠯᠦᠨ ᠲᠡᠭᠡᠭᠡᠪᠦᠷᠢᠯᠡᠵᠤ᠂ ᠬᠤᠭ ᠨᠤᠪᠰᠢ ᠬᠠᠶᠠᠭᠰᠠᠨ ᠭᠠᠵᠠᠷ ᠢ᠋ ᠪᠥᠬᠥ᠌ ᠲᠠᠯ᠎ᠠ᠎ᠪᠠᠷ ᠴᠡᠪᠡᠷᠯᠡᠭ᠌ᠰᠡᠨ ᠪᠥᠭᠡᠳ ᠲᠤᠰᠭᠠᠶ ᠮᠡᠷᠭᠡᠵᠢᠯᠲᠡᠨ ᠢ᠋ ᠤᠷᠢᠵᠤ ᠠᠭᠠᠷ᠂ ᠬᠥᠷᠥᠰᠥ᠍ ᠱᠢᠷᠣᠶ᠂ ᠭᠠᠵᠠᠷ ᠳᠤᠤᠷᠠᠬᠢ ᠤᠰᠤ᠎ᠶ᠋ᠢ ᠬᠢᠨᠠᠨ ᠬᠡᠮᠵᠢᠬᠦ᠌ ᠠᠵᠢᠯ᠎ᠥᠷᠨᠢᠭᠦᠯᠤᠨ᠂ 4 ᠰᠠᠷ᠎ᠠ ᠶ᠋ᠢᠨ 9 ᠤ᠋ ᠡᠳᠦᠷ ᠪᠣᠯᠲᠠᠯ᠎ᠠ ᠥᠯᠢᠭᠡᠷ ᠶᠠᠩᠵᠤ ᠠᠪᠬᠤ ᠠᠵᠢᠯ ᠢ᠋ ᠪᠦᠬᠦᠨ ᠢ᠋ ᠳᠠᠭᠤᠰᠭᠠᠵᠤ᠂ ᠬᠢᠨᠠᠨ ᠬᠡᠮᠵᠢᠭ᠌ᠰᠡᠨ ᠦᠷ᠎ᠡ ᠳ᠋ᠦᠩ ᠭᠠᠷᠤᠭᠰᠠᠨ ᠤ᠋ ᠳᠠᠷᠠᠭ᠎ᠠ ᠪᠠᠷᠢᠯᠭ᠎ᠠ ᠶ᠋ᠢᠨ ᠬᠣᠭ ᠨᠣᠪᠰᠢ᠎ᠶ᠋ᠢ ᠱᠢᠶ᠋ᠳᠪᠦᠷᠢᠯᠡᠬᠦ᠌ ᠲᠥᠰᠦᠯ ᠢ᠋ ᠲᠤᠭᠤᠷᠪᠢᠨ ᠳᠤᠭᠳᠠᠭᠠᠪᠠ᠃

《ᠲᠠᠷᠠᠭᠠᠴᠢ ᠶ᠋ᠢᠨ ᠠᠯᠬᠤᠮ ᠳ᠋ᠤ᠂ ᠮᠠᠨ ᠤ᠋ ᠵᠢᠱ᠌ᠢᠶ᠎ᠡ ᠦᠵᠡᠭᠦᠯᠬᠦ᠌ ᠤᠷᠤᠨ ᠲᠩᠷᠢ ᠠᠵᠤ ᠠᠬᠤᠢ ᠮᠡᠷᠭᠡᠵᠢᠯ ᠤ᠋ᠨ ᠨᠡᠭᠡᠭᠡᠯᠳᠡ ᠶ᠋ᠢᠨ ᠲᠤᠭᠤᠷᠢᠭ ᠶ᠋ᠢᠡᠷ ᠪᠠᠷᠢᠯᠭ᠎ᠠ ᠶ᠋ᠢᠨ ᠬᠣᠭ ᠨᠣᠪᠰᠢ ᠪᠤᠯᠠᠬᠤ ᠲᠠᠯᠠᠪᠤᠷ ᠥᠬᠡᠶ ᠪᠠᠢᠬᠤ ᠠᠰᠠᠭᠤᠳᠠᠯ ᠳ᠋ᠤ ᠴᠢᠭ᠌ᠯᠡᠭᠦᠯᠦᠨ᠂ ᠲᠣᠰ ᠣᠷᠣᠨ᠎ᠳᠦ ᠠᠮᠢᠳᠤᠷᠠᠯ ᠤ᠋ᠨ ᠬᠣᠭ ᠨᠣᠪᠰᠢ᠂ ᠪᠠᠷᠢᠯᠭ᠎ᠠ ᠶ᠋ᠢᠨ ᠬᠣᠭ ᠨᠣᠪᠰᠢ᠂ ᠬᠠᠲᠠᠭᠤ ᠪᠡᠶᠡᠳᠦ ᠬᠠᠶᠠᠭ᠍ᠳᠠᠮᠠᠯ ᠬᠣᠭ ᠨᠣᠪᠰᠢ᠎ᠶ᠋ᠢ ᠨᠢᠭᠡ ᠴᠣᠭ᠍ᠴᠠᠵᠢᠭᠤᠯᠤᠭ᠍ᠰᠠᠨ ᠪᠤᠯᠠᠬᠤ ᠲᠠᠯᠠᠪᠤᠷ ᠢ᠋ ᠲᠥᠯᠥᠪᠵᠢᠭᠦᠯᠦᠨ ᠪᠥᠲᠥᠭᠡᠨ ᠪᠠᠢᠭᠤᠯᠵᠤ᠂ ᠡᠷᠬᠢᠨ ᠲᠣᠭᠣᠷᠢᠨ ᠤ᠋ ᠮᠠᠯᠴᠢᠳ ᠪᠣᠯᠤᠨ ᠬᠦᠷᠢᠶᠡᠯᠡᠩ ᠲᠣᠭᠣᠷᠢᠭ ᠤ᠋ᠨ ᠠᠵᠤ ᠦᠶ᠋ᠯᠡᠳᠪᠦᠷᠢ ᠶ᠋ᠢᠨ ᠪᠠᠷᠢᠯᠭ᠎ᠠ ᠶ᠋ᠢᠨ ᠬᠣᠭ ᠨᠣᠪᠰᠢ᠎ᠶ᠋ᠢ ᠱᠢᠶ᠋ᠳᠪᠦᠷᠢᠯᠡᠬᠦ᠌ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠨ᠂ ᠦᠶ᠋ᠯᠡᠴᠢᠯᠡᠭᠡᠨ᠎ᠦ ᠬᠠᠨᠤᠮᠵᠢ ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠵᠤ᠂ ᠠᠷᠠᠳ ᠣᠯᠠᠨ ᠳ᠋ᠤ ᠰᠠᠢᠨ ᠰᠠᠢᠬᠠᠨ ᠦᠶ᠋ᠯᠡᠳᠪᠦᠷᠢᠯᠡᠯ ᠠᠮᠢᠳᠤᠷᠠᠯ ᠤ᠋ᠨ ᠣᠷᠴᠢᠨ ᠲᠣᠭᠣᠷᠢᠨ ᠢ᠋ ᠡᠭᠦᠳᠴᠦ᠍ ᠥᠭ᠌ᠬᠦ᠎ᠪᠡᠷ ᠲᠥᠯᠥᠪᠯᠡᠵᠦ᠍ ᠪᠠᠢᠨ᠎ᠠ》 ᠭᠡᠵᠦ ᠬᠤᠶᠠᠷᠬᠤᠳᠳᠤᠭ᠎ᠤᠨ ᠬᠦᠳᠡᠬᠡ ᠠᠮᠢ ᠠᠬᠤᠶ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ᠌ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠬᠢᠭᠡᠳ ᠵᠠᠮ ᠬᠠᠷᠢᠯᠴᠠᠭᠠᠨ ᠤ᠋ ᠲᠣᠪᠴᠢᠶ᠎ᠠ ᠶ᠋ᠢᠨ ᠬᠠᠷᠢᠭᠤᠴᠠᠯᠭᠠᠲᠠᠨ ᠯᠢᠦ ᠴᠦᠨ ᠰᠤᠷᠪᠤᠯᠵᠢᠯᠠᠭ᠍ᠴᠢ ᠳ᠋ᠤ ᠬᠡᠯᠡᠪᠡ᠃

《ᠬᠣᠭ ᠨᠣᠪᠰᠢ᠎ᠶ᠋ᠢ ᠴᠡᠪᠡᠷᠯᠡᠭ᠌ᠰᠡᠨ᠎ᠦ ᠳᠠᠷᠠᠭ᠎ᠠ᠂ ᠠᠮᠢᠳᠤᠷᠠᠯ ᠤ᠋ᠨ ᠬᠣᠭ ᠨᠣᠪᠰᠢ ᠶ᠋ᠢᠨ ᠮᠠᠭᠤᠬᠠᠢ ᠦᠨᠦᠷ ᠢ᠋ ᠳᠠᠬᠢᠵᠤ ᠦᠨᠦᠷᠲᠦᠬᠦ᠌᠎ᠪᠡᠨ ᠪᠤᠯᠢᠵᠤ᠂ ᠡᠭᠦᠳᠡ ᠪᠡᠷ ᠭᠠᠷᠪᠠᠯ ᠳᠠᠭᠢᠵᠤ ᠪᠤᠵᠠᠷ ᠮᠠᠭᠤᠬᠠᠢ ᠬᠣᠭ ᠨᠣᠪᠰᠢ ᠶ᠋ᠢᠨ ᠭᠠᠵᠠᠷ ᠢ᠋ ᠣᠯᠵᠤ ᠦᠵᠡᠬᠦ᠌᠎ᠪᠡᠨ ᠪᠤᠯᠢᠭᠠᠳ᠂ ᠠᠭᠠᠷ ᠴᠦ᠍ ᠴᠡᠪᠡᠷᠱᠢᠵᠠᠢ᠃ ᠵᠠᠰᠠᠭ ᠤ᠋ᠨ ᠣᠷᠳᠣᠨ ᠤ᠋ ᠡᠢᠨ᠎ᠬᠦ ᠪᠤᠱᠢᠭᠤ ᠱᠠᠯᠠᠮᠠᠭᠠᠶ ᠪᠡᠷ ᠠᠷᠠᠳ ᠲᠦ᠍ ᠪᠤᠳᠠᠳᠤ ᠶᠠᠪᠤᠳᠠᠯ ᠬᠢᠵᠦ ᠦᠭᠭᠦᠭᠰᠡᠨ ᠢ᠋ ᠮᠠᠭᠳᠠᠨ ᠰᠠᠢᠰᠢᠶᠠᠵᠤ ᠪᠠᠢᠨ᠎ᠠ ! ᠰᠣᠨᠤᠰᠭᠤᠯᠠᠷ ᠵᠠᠰᠠᠭ ᠤ᠋ᠨ ᠣᠷᠳᠣᠨ ᠪᠠᠰᠠ ᠡᠨᠳᠡ ᠬᠣᠭ ᠨᠣᠪᠰᠢ ᠱᠢᠶ᠋ᠳᠪᠦᠷᠢᠯᠡᠬᠦ᠌ ᠭᠠᠵᠠᠷ ᠪᠠᠢᠭᠤᠯᠤᠨ᠎ᠠ ᠭᠡᠵᠦ ᠪᠠᠢᠨ᠎ᠠ᠂ ᠲᠡᠭᠡᠪᠡᠯ ᠲᠠᠷᠠᠭᠠᠴᠢ ᠪᠠᠷ ᠬᠣᠭ ᠨᠣᠪᠰᠢ ᠬᠠᠶᠠᠬᠤ ᠳ᠋ᠤ ᠳᠥᠭᠥᠮ ᠪᠤᠯᠵᠤ᠂ ᠮᠠᠯ ᠤᠨᠤᠭ᠎ᠠ ᠬᠣᠭ ᠨᠣᠪᠰᠢ ᠢᠳᠡᠬᠦ᠌᠎ᠡᠴᠡ ᠴᠦ᠍ ᠵᠣᠪᠠᠬᠤ ᠬᠡᠷᠡᠭ ᠦᠭᠡᠢ ᠪᠤᠯᠤᠨ᠎ᠠ ᠂ ᠠᠮᠢᠳᠤᠷᠠᠯ ᠤ᠋ᠨ ᠣᠷᠴᠢᠨ ᠨᠦᠬᠦᠴᠡᠯ ᠶᠠᠪᠤᠬᠤ ᠲᠤᠳᠤᠮ ᠲᠠᠭᠠᠯᠠᠮᠵᠢᠲᠠᠶ ᠪᠤᠯᠤᠨ᠎ᠠ ᠳ᠋ᠠ》 ᠭᠡᠵᠦ᠍ ᠲᠩᠷᠢ ᠠᠵᠤ ᠦᠢᠯᠡᠳᠪᠦᠷᠢ ᠶ᠋ᠢᠨ ᠬᠦᠷᠢᠶᠡᠯᠡᠩ ᠦ᠋ᠨ ᠣᠢᠷᠠᠯᠴᠠᠭᠠᠬᠢ ᠲᠡᠮᠡᠭᠡᠲᠦ ᠭᠠᠴᠠᠭᠠᠨ ᠤ᠋ ᠮᠠᠯᠴᠢᠨ ᠵᠢᠨᠵᠦ᠍ ᠬᠡᠯᠡᠨ᠎ᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号