ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠳ᠋ᠤ ᠬᠤᠷᠢᠨ ᠵᠢᠷᠭᠤᠳᠤᠭᠠᠷ ᠪᠦᠯᠦᠭ ᠤ᠋ᠨ 83 ᠬᠤᠪᠢ ᠤᠯᠠᠨ ᠲᠦᠮᠡᠨ ᠤ᠋ ᠵᠠᠬᠢᠳᠠᠯ ᠰᠤᠷᠪᠤᠯᠵᠢᠯᠠᠯ ᠢ᠋ᠶ᠋ᠡᠷ ᠢᠯᠡᠴᠢᠯᠡᠨ ᠮᠡᠳᠡᠭᠦᠯᠦᠭᠰᠡᠨ ᠬᠡᠷᠡᠭ ᠢ᠋ ᠰᠢᠢᠳᠪᠦᠷᠢᠯᠡᠭᠦᠯᠬᠦ ᠪᠠᠷ ᠲᠤᠰᠢᠶᠠᠵᠠᠢ
2022-04-22 10:11:28
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

4 ᠰᠠᠷ᠎ᠠ ᠶ᠋ᠢᠨ 20 ᠤ᠋ ᠡᠳᠦᠷ᠂ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠬᠢᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳ᠋ᠤ ᠬᠤᠷᠢᠨ ᠵᠢᠷᠭᠤᠳᠤᠭᠠᠷ ᠪᠦᠯᠦᠭ ᠤ᠋ᠨ ᠣᠷᠴᠢᠨ ᠲᠣᠭᠣᠷᠢᠨ ᠤ᠋ ᠬᠦᠷᠢᠶᠡᠨ ᠳ᠋ᠤ ᠬᠣᠯᠪᠣᠭ᠍ᠳᠠᠭ᠍ᠰᠠᠨ 83 ᠬᠤᠪᠢ ᠤᠯᠠᠨ ᠲᠦᠮᠡᠨ ᠤ᠋ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠰᠢᠢᠳᠪᠤᠷᠢᠯᠡᠬᠦᠯᠬᠦ ᠪᠡᠷ ᠲᠤᠰᠢᠶᠠᠵᠠᠢ᠃

ᠲᠣᠭ᠎ᠠ ᠬᠡᠮᠵᠢᠶ᠎ᠡ ᠪᠡᠷ ᠨᠢ ᠵᠢᠭ᠍ᠰᠠᠭᠠᠪᠠᠯ᠂  ᠬᠦᠬᠡᠬᠤᠲᠠ ᠶ᠋ᠢᠨ 19 ᠬᠤᠪᠢ᠂ ᠤᠯᠠᠭᠠᠨᠬᠠᠳᠠ ᠬᠤᠲᠠ ᠵᠢᠨ 16 ᠬᠤᠪᠢ᠂ ᠬᠦᠯᠦᠨ ᠪᠤᠢᠷ ᠬᠤᠳᠠ ᠵᠢᠨ 12 ᠬᠤᠪᠢ᠂ ᠤᠷᠳᠤᠰ ᠬᠤᠲᠠ ᠶ᠋ᠢᠨ 10 ᠬᠤᠪᠢ᠂ ᠲᠦᠨᠭᠯᠢᠶᠤᠤ ᠬᠤᠲᠠ ᠶ᠋ᠢᠨ 8 ᠬᠤᠪᠢ᠂ ᠪᠤᠭᠤᠳᠤ ᠬᠤᠲᠠ ᠪᠠ ᠬᠢᠨᠭᠭᠠᠨ ᠠᠢᠮᠠᠭ ᠎ᠤᠨ ᠲᠤᠰ  ᠪᠤᠢ᠍ᠷᠢ 5 ᠬᠤᠪᠢ᠂ ᠤᠯᠠᠭᠠᠨᠴᠠᠪ ᠬᠤᠲᠠ ᠵᠢᠨ 4 ᠬᠤᠪᠢ᠂ ᠰᠢᠯᠢ ᠶ᠋ᠢᠨ ᠭᠤᠤᠯ ᠠᠢᠮᠠᠭ ᠤ᠋ᠨ 3 ᠬᠤᠪᠢ᠂  ᠪᠠᠶᠠᠨᠨᠠᠭᠤᠷ ᠬᠤᠳᠠ ᠵᠢᠨ 1 ᠬᠤᠪᠢ ᠪᠤᠢ ᠃ 

ᠪᠣᠬᠢᠷᠲᠤᠯ ᠤ᠋ᠨ ᠲᠥᠷᠥᠯ ᠢ᠋ᠶ᠋ᠡᠷ ᠨᠢ ᠬᠤᠪᠢᠶᠠᠪᠠᠯ (ᠬᠡᠰᠡᠭ ᠬᠡᠷᠡᠭ ᠨᠢ ᠣᠯᠠᠨ ᠲᠥᠷᠥᠯ ᠤ᠋ᠨ ᠪᠣᠬᠢᠷᠲᠤᠯ ᠳ᠋ᠤ ᠬᠣᠯᠪᠣᠭ᠍ᠳᠠᠨ᠎ᠠ) ᠂ ᠠᠮᠢ ᠠᠬᠤᠶ ᠵᠢ ᠡᠪᠳᠡᠭ᠌ᠰᠡᠨ ᠬᠡᠷᠡᠭ 50 ᠬᠤᠪᠢ᠂ ᠠᠭᠠᠷ ᠮᠠᠨᠳᠠᠯ ᠢ᠋ ᠪᠣᠬᠢᠷᠲᠤᠭᠤᠯᠤᠬᠰᠠᠨ ᠬᠡᠷᠡᠭ 18 ᠬᠤᠪᠢ᠂ ᠬᠥᠷᠥᠰᠥ᠍ ᠱᠢᠷᠣᠶ ᠶ᠋ᠢᠨ ᠪᠣᠬᠢᠷᠲᠤᠯ ᠤ᠋ᠨ ᠬᠡᠷᠡᠭ 16 ᠬᠤᠪᠢ᠂ ᠤᠰᠤᠨ ᠤ᠋ ᠪᠣᠬᠢᠷᠲᠤᠯ ᠤ᠋ᠨ ᠬᠡᠷᠡᠭ 15 ᠬᠤᠪᠢ᠂ ᠱᠤᠤᠬᠢᠶᠠᠨ ᠤ᠋ ᠪᠣᠬᠢᠷᠲᠤᠯ ᠤ᠋ᠨ ᠬᠡᠷᠡᠭ 10 ᠬᠤᠪᠢ ᠂ ᠪᠤᠰᠤᠳ ᠪᠣᠬᠢᠷᠲᠤᠯ ᠤ᠋ᠨ ᠬᠡᠷᠡᠭ 3 ᠬᠤᠪᠢ ᠪᠤᠢ ᠃

ᠳᠡᠭᠡᠷᠡᠬᠢ ᠬᠡᠷᠡᠭ ᠢ᠋ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号