ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠲᠤᠭᠤᠢᠯᠠᠩ ᠡᠴᠡ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠳ᠋ᠦ ᠰᠢᠢᠳᠪᠦᠷᠢᠯᠡᠬᠦᠯᠬᠦ ᠪᠡᠷ ᠲᠤᠰᠢᠶᠠᠬᠰᠠᠨ ᠠᠷᠪᠠᠨ ᠲᠤᠯᠤᠳᠤᠭᠠᠷ ᠪᠦᠯᠦᠭ ᠤ᠋ᠨ 95 ᠬᠤᠪᠢ ᠤᠯᠠᠨ ᠲᠦᠮᠡᠨ ᠤ᠋ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭᠰᠡᠨ ᠬᠡᠷᠡᠭ ᠢ᠋ ᠭᠦᠢᠴᠡᠳᠭᠡᠭᠰᠡᠨ ᠪᠠᠢᠳᠠᠯ
2022-04-22 10:13:51
ᠵᠣᠬᠢᠶᠠᠭ᠍ᠴᠢ᠄
ᠱᠤᠸᠠᠢ ᠵᠸᠩ
ᠣᠩᠱᠢᠭ᠍ᠰᠠᠨ ᠣᠳᠠᠭ᠎ᠠ᠄
★★★☆☆

3 ᠰᠠᠷ᠎ᠠ ᠵᠢᠨ 26 ᠤ᠋ ᠡᠳᠦᠷ ᠡᠴᠡ 4 ᠰᠠᠷ᠎ᠠ ᠵᠢᠨ 19 ᠤ᠋ ᠡᠳᠦᠷ ᠪᠤᠯᠳᠠᠯ᠎ᠠ᠂ ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠲᠤᠭᠤᠢᠯᠠᠩ (ᠳᠤᠷᠤᠬᠰᠢ《ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ》 ᠭᠡᠵᠤ ᠲᠦᠭᠦᠮᠴᠢᠯᠡᠪᠡ) ᠡᠴᠡ ᠮᠠᠨ ᠤ᠋ ᠤᠷᠤᠨ ᠳ᠋ᠦ 25 ᠪᠦᠯᠦᠭ ᠨᠡᠢᠳᠡ 2107 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ᠋ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠦᠪ ᠤ᠋ᠨ ᠱᠠᠯᠠᠪᠳᠠᠭᠤᠯᠤᠨ ᠪᠠᠢᠴᠠᠭᠠᠬᠤ ᠲᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠤᠰᠤᠭᠠᠷ᠂ ᠤᠳᠤᠬᠠᠨ ᠳ᠋ᠦ ᠪᠥᠬᠥ᠌ ᠣᠷᠣᠨ ᠢ᠋ᠶ᠋ᠡᠷ ᠢ᠋ᠶ᠋ᠡᠨ ᠠᠷᠪᠠᠨ ᠲᠤᠯᠤᠳᠤᠭᠠᠷ ᠪᠦᠯᠦᠭ ᠤ᠋ᠨ 95 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠎ᠢ᠋ ᠪᠠᠢᠴᠠᠭᠠᠨ ᠱᠢᠶ᠋ᠳᠪᠦᠷᠢᠯᠡᠵᠤ ᠪᠤᠢ᠃ ᠡᠭᠦᠨ ᠳ᠋ᠤ᠂ 29 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 43 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠬᠠᠵᠤ᠂ 23 ᠬᠤᠪᠢ ᠵᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 18 ᠵᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 5 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂  ᠵᠤᠭᠤᠰ᠎ᠵᠢᠡᠷ ᠲᠤᠷᠭᠠᠭᠰᠠᠨ ᠮᠦᠡᠭᠬᠦᠨ᠎ᠤ ᠲᠤᠭ᠎ᠠ ᠨᠢ 25.2761 ᠲᠦᠮᠡᠨ ᠲᠥᠭᠥᠷᠢᠭ ᠪᠠᠢᠵᠤ ᠂ 1 ᠬᠦᠮᠦᠨ ᠲᠠᠢ ᠪᠤᠯᠵᠤᠨ ᠶᠠᠷᠢᠯᠴᠠᠪᠠ᠃

4 ᠰᠠᠷ᠎ᠠ ᠶ᠋ᠢᠨ 19 ᠤ᠋ ᠡᠳᠦᠷ ᠪᠤᠯᠲᠠᠯ᠎ᠠ ᠂ ᠪᠦᠬᠦ ᠤᠷᠤᠨ ᠢ᠋ᠶ᠋ᠡᠷ ᠢ᠋ᠶ᠋ᠡᠨ 1—17 ᠳ᠋ᠤᠭᠠᠷ ᠪᠦᠯᠦᠭ ᠤ᠋ᠨ 1338 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠎ᠢ᠋ ᠪᠠᠢᠴᠠᠭᠠᠨ ᠱᠢᠶ᠋ᠳᠪᠦᠷᠢᠯᠡᠵᠤ ᠪᠤᠢ᠃ ᠡᠭᠦᠨ ᠳ᠋ᠤ᠂ 490 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ ᠂ 499 ᠬᠤᠪᠢ ᠵᠢ ᠨᠢ ᠱᠠᠲᠤᠴᠢ ᠴᠢᠨᠠᠷᠲᠠᠶ ᠪᠡᠷ ᠱᠢᠶ᠋ᠳᠪᠦᠷᠢᠯᠡᠨ ᠳᠠᠭᠤᠰᠭᠠᠵᠤ᠂ 349 ᠬᠤᠪᠢ ᠵᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 576 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ᠂ 80 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂  ᠵᠤᠭᠤᠰ᠎ᠵᠢᠡᠷ ᠲᠤᠷᠭᠠᠭᠰᠠᠨ ᠮᠦᠡᠭᠬᠦᠨ᠎ᠤ ᠲᠤᠭ᠎ᠠ ᠨᠢ 529.351 ᠲᠦᠮᠡᠨ ᠲᠥᠭᠥᠷᠢᠭ ᠪᠠᠢᠵᠤ᠂ 31 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ ᠂ 11 ᠬᠦᠮᠦᠨ ᠢ᠋ ᠡᠷᠡᠭᠦᠦ ᠶ᠋ᠢᠨ ᠬᠡᠷᠡᠭ ᠢ᠋ᠶ᠋ᠡᠷ ᠲᠦᠷ ᠬᠤᠷᠢᠵᠤ᠂ 66 ᠬᠥᠮᠦᠨ ᠲᠡᠶ ᠪᠣᠯᠵᠣᠨ ᠶᠠᠷᠢᠯᠴᠠᠵᠤ ᠂ 57 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ ᠃

ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠠᠯᠠᠪᠳᠠᠭᠤᠯᠤᠨ ᠪᠠᠢᠴᠠᠭᠠᠬᠤ ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ ᠤ᠋ᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ ᠪᠠᠢᠨ᠎ᠠ ᠃


QQ图片20220422100826.png


ᠠᠷᠪᠠᠨ ᠲᠤᠯᠤᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号