ᠤᠷᠤᠰᠢᠨ ᠠᠮᠢᠳᠤᠷᠠᠬᠤ ᠠᠰᠠᠭᠤᠳᠠᠯ᠎ᠬᠢᠬᠡᠳ ᠤᠷᠴᠢᠨ ᠲᠤᠭᠤᠷᠢᠨ ᠤ᠋ ᠡᠷᠡᠭᠦᠯ ᠬᠠᠮᠠᠭᠠᠯᠠᠯ ᠤ᠋ᠨ ᠠᠰᠠᠭᠤᠳᠠᠯ ᠢ᠋ ᠪᠦᠷ ᠰᠢᠢᠳᠪᠦᠷᠢᠯᠡᠪᠡ
2022-04-22 10:17:56
ᠵᠣᠬᠢᠶᠠᠭ᠍ᠴᠢ᠄
ᠬᠤᠸᠠᠩ ᠹᠦ ᠮᠸᠢ ᠰᠢᠶᠠᠨ ᠵᠠᠩ ᠯᠢᠩ ᠾᠦᠢ ᠾᠸ ᠶᠤᠸᠠᠨ ᠶᠤᠸᠠᠨ
ᠣᠩᠱᠢᠭ᠍ᠰᠠᠨ ᠣᠳᠠᠭ᠎ᠠ᠄
★★★☆☆

4 ᠰᠠᠷ᠎ᠠ ᠵᠢᠨ 19 ᠤ᠋ ᠡᠳᠦᠷ᠂ ᠰᠤᠷᠪᠤᠯᠵᠢᠯᠠᠭᠴᠢ ᠤᠯᠠᠭᠠᠨᠴᠠᠪ ᠬᠤᠲᠠ ᠵᠢᠨ ᠯᠢᠶᠠᠩᠴᠸᠩ ᠰᠢᠶᠠᠨ ᠤ᠋ ᠬᠤᠩ ᠮᠠᠤ ᠪᠠᠯᠭᠠᠰᠤᠨ ᠤ᠋ ᠵᠢᠤ ᠶᠤᠸᠠᠨ ᠨᠡᠢᠭᠡᠮ ᠲᠤᠭᠤᠷᠢᠭ ᠲᠤ᠌ ᠬᠦᠷᠬᠦ ᠳ᠋ᠤ ᠵᠢᠭᠳᠡᠷᠡᠭᠰᠡᠨ ᠲᠤᠭᠤᠰᠬᠠᠨ ᠪᠠᠢᠰᠢᠩ ᠬᠠᠷᠠᠭᠠᠨ ᠳ᠋ᠤ ᠲᠤᠳᠤᠷᠠᠨ᠂ 5 ᠮᠸᠲᠷ ᠭᠠᠷᠤᠢ ᠦᠷᠭᠡᠨ ᠱᠦᠢᠨᠢ ᠵᠠᠮ ᠤ᠋ᠨ ᠬᠤᠶᠠᠷ ᠬᠠᠵᠠᠭᠤ ᠪᠠᠷ ᠲᠤᠭᠤᠰᠬᠠᠨ ᠪᠠᠢᠰᠢᠩ ᠵᠢᠭᠳᠡᠷᠡᠨ᠂ ᠠᠢᠯ ᠪᠤᠯᠭᠠᠨ ᠤ᠋ ᠭᠠᠳᠠᠭ᠎ᠠ ᠴᠡᠪᠡᠷ ᠴᠡᠮᠴᠡᠭᠡᠷ᠃

《ᠲᠡᠵᠢᠭᠡᠨ ᠦᠷᠡᠵᠢᠭᠦᠯᠬᠦ ᠡᠷᠦᠬᠡ ᠮᠠᠯ ᠤᠨᠤᠭ᠎ᠠ ᠪᠠᠨ ᠠᠪᠴᠤ ᠶᠠᠪᠤᠭᠰᠠᠨ ᠡᠴᠡ ᠬᠤᠢᠰᠢ ᠠᠭᠤᠷ ᠠᠮᠢᠰᠬᠤᠯ ᠰᠠᠢᠵᠢᠷᠠᠨ᠂ ᠵᠠᠮ ᠴᠤ᠌ ᠴᠡᠪᠡᠷᠬᠡᠨ ᠪᠤᠯᠵᠠᠢ᠂ ᠡᠨᠡ ᠨᠢ ᠲᠡᠵᠢᠭᠡᠨ ᠦᠷᠡᠵᠢᠭᠦᠯᠬᠦ ᠡᠷᠦᠬᠡ ᠪᠠ ᠤᠢᠷ᠎ᠠ ᠬᠠᠪᠢ ᠵᠢᠨ ᠰᠠᠭᠤᠭᠠᠯᠢ ᠠᠷᠠᠳ ᠲᠤ᠌ ᠠᠪᠴᠤ ᠬᠡᠯᠡᠪᠡᠯ ᠴᠦᠮ ᠰᠠᠢᠨ ᠤᠴᠢᠷ ᠪᠤᠯᠤᠨ᠎ᠠ》 ᠭᠡᠵᠤ ᠰᠠᠭᠤᠭᠠᠯᠢ ᠠᠷᠠᠳ ᠶᠧ ᡁᠢ ᠫᠠᠨ ᠤᠷᠴᠢᠨ ᠲᠤᠭᠤᠷᠢᠨ ᠤ᠋ ᠪᠡᠨ ᠬᠤᠪᠢᠷᠠᠯᠲᠠ ᠵᠢ ᠰᠤᠷᠪᠤᠯᠵᠢᠯᠠᠭᠴᠢ ᠳ᠋ᠤ ᠶᠠᠷᠢᠨ᠎ᠡ᠃

ᠲᠦᠪ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠳᠤᠮᠳᠠ᠂ ᠤᠯᠠᠨ ᠲᠦᠮᠡᠨ ᠡᠴᠡ 2016 ᠤᠨ ᠡᠴᠡ ᠨᠠᠭᠠᠰᠢ᠂ ᠳᠡᠵᠢᠭᠡᠨ ᠦᠷᠡᠵᠢᠭᠦᠯᠬᠦ ᠡᠷᠦᠬᠡ ᠯᠢᠶᠠᠩᠴᠸᠩ ᠰᠢᠶᠠᠨ ᠤ᠋ ᠭᠤᠷᠪᠠᠳᠤᠭᠠᠷ ᠪᠠᠭ᠎ᠠ ᠰᠤᠷᠭᠠᠭᠤᠯᠢ ᠵᠢᠨ ᠬᠤᠢᠲᠤ ᠲᠠᠯ᠎ᠠ ᠪᠡᠷ ᠦᠬᠡᠷ ᠤ᠋ᠨ ᠪᠠᠭᠠᠰᠤ ᠪᠡᠨ ᠤᠪᠤᠭᠠᠯᠠᠭᠰᠠᠨ ᠡᠴᠡ ᠦᠮᠡᠬᠡᠢ ᠦᠨᠦᠷ ᠭᠠᠷᠴᠤ ᠤᠢᠷ᠎ᠠ ᠬᠠᠪᠢ ᠵᠢᠨ ᠰᠠᠭᠤᠭᠠᠯᠢ ᠠᠷᠠᠳ ᠤ᠋ᠨ ᠶᠠᠪᠤᠵᠤ ᠰᠠᠭᠤᠬᠤ᠎ᠳᠤ ᠰᠠᠭᠠᠳ ᠪᠤᠯᠵᠤ᠂ ᠬᠡᠪ ᠤ᠋ᠨ ᠠᠮᠢᠳᠤᠷᠠᠯ ᠢ᠋ ᠴᠤ᠌ ᠨᠦᠯᠦᠭᠡᠯᠡᠵᠤ ᠪᠠᠢᠭ᠎ᠠ ᠠᠰᠠᠭᠤᠳᠠᠯ ᠤᠷᠤᠰᠢᠵᠤ ᠪᠠᠢᠭ᠎ᠠ ᠵᠢ ᠵᠠᠭᠠᠯᠳᠤᠨ ᠮᠡᠳᠡᠭᠦᠯᠪᠡ᠃

ᠵᠠᠬᠢᠳᠠᠯ ᠰᠤᠷᠪᠤᠯᠵᠢᠯᠠᠯ ᠢ᠋ ᠬᠦᠯᠢᠶᠡᠵᠤ ᠠᠪᠤᠭᠰᠠᠨ ᠤ᠋ ᠳᠠᠷᠠᠭ᠎ᠠ ᠤᠯᠠᠭᠠᠨᠴᠠᠪ ᠬᠤᠲᠠ ᠵᠢᠨ ᠨᠠᠮ ᠤ᠋ᠨ ᠬᠤᠷᠢᠶ᠎ᠠ ᠵᠠᠰᠠᠭ ᠤ᠋ᠨ ᠤᠷᠳᠤᠨ ᠲᠤᠢᠯ ᠵᠢᠡᠷ ᠬᠦᠨᠳᠦᠳᠭᠡᠨ ᠦᠵᠡᠵᠤ᠂ ᠬᠤᠲᠠ ᠵᠢᠨ ᠨᠠᠮ ᠤ᠋ᠨ ᠬᠤᠷᠢᠶᠠᠨ ᠤ᠋ ᠱᠦᠵᠢ ᠰᠦᠢ ᠸᠸᠢ ᠵᠢᠶᠦ᠋ᠨ ᠲᠡᠷᠡ ᠳᠠᠷᠤᠢ ᠳ᠋ᠤᠨᠢ ᠵᠠᠬᠢᠳᠠᠯ ᠰᠤᠷᠪᠤᠯᠵᠢᠯᠠᠯ ᠤ᠋ᠨ ᠠᠯᠪᠡᠨ ᠭᠡᠷ ᠪᠠ ᠴᠡᠭᠴᠡᠯᠡᠨ ᠰᠠᠢᠵᠢᠷᠠᠭᠤᠯᠵᠦ ᠰᠢᠢᠳᠪᠦᠷᠢᠯᠡᠬᠦ ᠳᠤᠭᠤᠢᠯᠠᠩ ᠢ᠋ ᠳᠠᠭᠠᠭᠤᠯᠤᠨ ᠲᠤᠬᠠᠢ ᠵᠢᠨ ᠲᠠᠯᠠᠪᠤᠷ ᠲᠤ᠌ ᠱᠠᠯᠠᠪᠳᠠᠭᠤᠯᠤᠨ ᠰᠢᠢᠳᠪᠦᠷᠢᠯᠡᠭᠦᠯᠪᠡ; ᠯᠢᠶᠠᠩᠴᠸᠩ ᠰᠢᠶᠠᠨ ᠤ᠋ ᠨᠠᠮ ᠤ᠋ᠨ ᠬᠤᠷᠢᠶ᠎ᠠ ᠵᠠᠰᠠᠭ ᠤ᠋ᠨ ᠤᠷᠳᠤᠨ᠂ ᠳᠡᠭᠡᠳᠤ ᠬᠡᠮᠵᠢᠶ᠎ᠡ ᠪᠡᠷ ᠴᠢᠬᠤᠯᠠᠴᠢᠯᠠᠨ᠂ ᠨᠠᠮ ᠵᠠᠰᠠᠭ ᠤ᠋ᠨ ᠭᠤᠤᠯ ᠤᠳᠤᠷᠢᠳᠤᠯᠭ᠎ᠠ ᠲᠤᠬᠠᠢ ᠵᠢᠨ ᠲᠠᠯᠠᠪᠤᠷ ᠲᠤ᠌ ᠭᠦᠨᠵᠡᠭᠡᠢᠷᠡᠨ ᠠᠵᠢᠯᠯᠠᠵᠤ᠂ ᠲᠤᠰᠬᠠᠢ ᠠᠩᠭᠢ ᠵᠤᠬᠢᠶᠠᠨ ᠪᠠᠢᠭᠤᠯᠵᠤ᠂ ᠵᠠᠬᠢᠳᠠᠯ ᠰᠤᠷᠪᠤᠯᠵᠢᠯᠠᠯ ᠤ᠋ᠨ ᠬᠡᠷᠡᠭ ᠭᠠᠷᠤᠭᠰᠠᠨ ᠭᠠᠵᠠᠷ ᠲᠤ᠌ ᠭᠦᠨᠵᠡᠭᠡᠢᠷᠡᠨ ᠬᠢᠨᠠᠨ ᠪᠠᠢᠴᠠᠭᠠᠵᠤ ᠰᠢᠢᠳᠪᠦᠷᠢᠯᠡᠨ᠂ ᠵᠠᠬᠢᠳᠠᠯ ᠰᠤᠷᠪᠤᠯᠵᠢᠯᠠᠯ ᠳ᠋ᠤ ᠲᠤᠰᠬᠠᠭᠰᠠᠨ ᠲᠡᠵᠢᠭᠡᠨ ᠦᠷᠡᠵᠢᠭᠦᠯᠬᠦ ᠡᠷᠦᠬᠡ ᠵᠢᠨ ᠦᠢᠯᠡᠳᠪᠦᠷᠢᠯᠡᠯ ᠠᠮᠢᠳᠤᠷᠠᠯ ᠤ᠋ᠨ ᠪᠠᠢᠳᠠᠯ ᠢ᠋ ᠨᠠᠷᠢᠨ ᠤᠢᠯᠠᠭᠠᠪᠠ᠃

ᠬᠤᠶᠠᠷ ᠲᠡᠵᠢᠭᠡᠨ ᠦᠷᠡᠵᠢᠭᠦᠯᠬᠦ ᠡᠷᠦᠬᠡ ᠨᠢ ᠴᠦᠮ ᠨᠡᠭᠦᠳᠡᠯ ᠠᠷᠠᠳ ᠤ᠋ᠨ ᠳᠤᠤᠷ᠎ᠠ ᠪᠠᠲᠤᠯᠠᠭᠠᠲᠤ ᠡᠷᠦᠬᠡ ᠪᠠᠢᠵᠤ᠂ ᠪᠦᠷ ᠰᠠᠭᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠪᠡᠷ ᠠᠮᠢᠳᠤᠷᠠᠯ ᠵᠢᠡᠨ ᠠᠷᠭᠠᠴᠠᠭᠠᠳᠠᠭ ᠪᠤᠳᠠᠲᠠᠢ ᠪᠠᠢᠳᠠᠯ ᠢ᠋ ᠤᠢᠯᠠᠭᠠᠭᠰᠠᠨ ᠤ᠋ ᠳᠠᠷᠠᠭ᠎ᠠ᠂ ᠲᠤᠰ ᠬᠤᠲᠠ ᠠᠷᠠᠳ ᠲᠦᠮᠡᠨ ᠤ᠋ ᠠᠰᠢᠭ ᠲᠤᠰᠠ᠎ᠶᠢ ᠲᠡᠷᠢᠭᠦᠨ ᠪᠠᠢᠷᠢᠨ ᠳ᠋ᠤ ᠲᠠᠯᠪᠢᠬᠤ ᠶ᠋ᠢ ᠪᠠᠷᠢᠮᠲᠠᠯᠠᠨ᠂ ᠵᠠᠮ ᠤ᠋ᠨ ᠬᠠᠵᠠᠭᠤ ᠪᠡᠷ ᠲᠦᠷ ᠴᠠᠭ ᠤᠪᠤᠭᠠᠯᠠᠭᠰᠠᠨ ᠮᠠᠯ ᠲᠡᠵᠢᠭᠡᠪᠦᠷᠢ ᠵᠢᠨ ᠢᠯᠭᠠᠳᠠᠰᠤ᠂ ᠲᠡᠵᠢᠭᠡᠯ ᠪᠤᠷᠳᠤᠭᠠᠨ ᠤ᠋ ᠡᠰᠢ ᠰᠦᠷᠡᠯ ᠵᠡᠷᠭᠡ ᠬᠤᠭ ᠨᠤᠪᠰᠢ ᠶ᠋ᠢ ᠴᠡᠪᠡᠷᠯᠡᠵᠤ ᠠᠷᠢᠯᠭᠠᠭᠰᠠᠨ ᠪᠦᠭᠡᠳ ᠠᠬᠤᠢ ᠲᠠᠯᠠᠪᠠᠢ ᠵᠢᠨ ᠡᠷᠬᠢᠨ ᠲᠤᠭᠤᠷᠢᠨ ᠳ᠋ᠤ ᠪᠦᠬᠦ ᠲᠠᠯ᠎ᠠ ᠵᠢᠨ ᠠᠷᠢᠭᠤᠳᠬᠠᠯ ᠬᠢᠪᠡ; ᠨᠦᠬᠦᠭᠡ ᠲᠠᠯ᠎ᠠ ᠪᠡᠷ ᠲᠡᠵᠢᠭᠡᠨ ᠦᠷᠡᠵᠢᠭᠦᠯᠬᠦ ᠡᠷᠦᠬᠡ᠎ᠶᠢ ᠢᠳᠡᠪᠬᠢᠲᠠᠢ ᠵᠤᠬᠢᠴᠠᠭᠤᠯᠤᠨ ᠬᠠᠪᠰᠤᠷᠴᠤ᠂ ᠡᠷᠦᠬᠡ ᠠᠮᠠ ᠵᠢᠨ ᠪᠠᠢᠭ᠎ᠠ ᠭᠠᠵᠠᠷ ᠢ᠋ ᠨᠢ ᠲᠦᠷᠢᠶᠡᠰᠦᠯᠡᠭᠦᠯᠵᠤ ᠪᠠᠢᠭ᠎ᠠ ᠲᠠᠷᠢᠶᠠᠯᠠᠬᠤ ᠡᠷᠦᠬᠡ ᠵᠢᠨ ᠬᠦᠷᠢᠶ᠎ᠡ ᠬᠠᠰᠢᠶ᠎ᠠ ᠳ᠋ᠤ ᠨᠢ ᠮᠠᠯ ᠤᠨᠤᠭ᠎ᠠ ᠶ᠋ᠢ ᠨᠢ ᠲᠦᠪᠬᠢᠨᠡᠭᠦᠯᠦᠨ ᠦᠷᠭᠦᠯᠵᠢᠯᠡᠨ ᠳᠡᠵᠢᠭᠡᠨ ᠦᠷᠡᠵᠢᠭᠦᠯᠬᠦ ᠵᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ ᠳ᠋ᠤ ᠬᠠᠪᠰᠤᠷᠤᠨ ᠰᠢᠨ᠎ᠡ ᠬᠦᠷᠢᠶ᠎ᠡ ᠬᠠᠰᠢᠶ᠎ᠡ ᠪᠠᠢᠭᠤᠯᠵᠤ ᠦᠭᠬᠦ ᠪᠡᠷ ᠠᠮᠠᠯᠠᠨ᠂ ᠮᠠᠯ ᠲᠡᠵᠢᠭᠡᠪᠦᠷᠢ ᠵᠢᠨ ᠢᠯᠭᠠᠳᠠᠰᠤ ᠠᠷᠠᠳ ᠢ᠋ ᠨᠦᠯᠦᠭᠡᠯᠡᠵᠤ ᠪᠤᠢ ᠠᠰᠠᠭᠤᠳᠠᠯ ᠢ᠋ ᠦᠨᠳᠦᠰᠦᠨ ᠡᠴᠡ ᠨᠢ ᠰᠢᠢᠳᠪᠦᠷᠢᠯᠡᠵᠤ᠂ ᠲᠡᠵᠢᠭᠡᠨ ᠦᠷᠡᠵᠢᠭᠦᠯᠬᠦ ᠡᠷᠦᠬᠡ ᠵᠢᠨ ᠦᠢᠯᠡᠳᠪᠦᠷᠢᠯᠡᠯ ᠠᠮᠢᠳᠤᠷᠠᠯ ᠢ᠋ ᠨᠢ ᠴᠤ᠌ ᠪᠠᠲᠤᠯᠠᠭᠰᠠᠨ ᠪᠠᠢᠨ᠎ᠠ᠃

ᠡᠨᠡ ᠬᠦ᠌ ᠵᠠᠬᠢᠳᠠᠯ ᠰᠤᠷᠪᠤᠯᠵᠢᠯᠠᠯ ᠤ᠋ᠨ ᠬᠡᠷᠡᠭ ᠢ᠋ ᠰᠢᠢᠳᠪᠦᠷᠢᠯᠡᠭᠰᠡᠨ ᠠᠵᠢᠯ ᠳᠡᠭᠡᠷ᠎ᠡ ᠯᠢᠶᠠᠩᠴᠸᠩ ᠰᠢᠶᠠᠨ ᠠᠷᠠᠳ ᠲᠦᠮᠡᠨ ᠵᠢᠡᠷ ᠭᠤᠤᠯ ᠪᠤᠯᠭᠠᠬᠤ ᠬᠦᠭᠵᠢᠯᠲᠡ ᠵᠢᠨ ᠰᠡᠳᠬᠢᠬᠦᠢ᠂ ᠠᠷᠠᠳ ᠲᠦᠮᠡᠨ ᠰᠡᠳᠭᠢᠯ ᠬᠠᠨᠤᠮᠵᠢᠲᠠᠢ ᠪᠠᠢᠬᠤ ᠪᠡᠷ ᠪᠠᠷᠢᠮᠵᠢᠶ᠎ᠡ ᠪᠤᠯᠭᠠᠨ᠂ ᠠᠷᠠᠳ ᠲᠦᠮᠡᠨ ᠤ᠋ ᠠᠰᠠᠭᠤᠳᠠᠯ ᠢ᠋ ᠦᠪᠡᠷᠰᠡᠳ ᠤ᠋ᠨ ᠠᠰᠠᠭᠤᠳᠠᠯ ᠪᠤᠯᠭᠠᠬᠤ᠎ᠶᠢ ᠡᠭᠦᠷᠢᠳᠡ ᠪᠠᠷᠢᠮᠲᠠᠯᠠᠨ᠂ ᠵᠠᠬᠢᠳᠠᠯ ᠰᠤᠷᠪᠤᠯᠵᠢᠯᠠᠯ ᠲᠤᠰᠬᠠᠭᠰᠠᠨ ᠬᠦᠮᠦᠨ᠎ᠤ᠋ ᠬᠦᠰᠡᠯ ᠱᠠᠭᠠᠷᠳᠠᠯᠭ᠎ᠠ ᠶ᠋ᠢ ᠪᠦᠲᠦᠮᠵᠢᠲᠡᠢ ᠰᠢᠢᠳᠪᠦᠷᠢᠯᠡᠭᠰᠡᠨ ᠪᠦᠭᠡᠳ ᠵᠠᠬᠢᠳᠠᠯ ᠰᠤᠷᠪᠤᠯᠵᠢᠯᠠᠯ ᠲᠤᠰᠬᠠᠭᠰᠠᠨ ᠬᠦᠮᠦᠨ ᠤ᠋ ᠦᠢᠯᠡᠳᠪᠦᠷᠢ ᠠᠮᠢᠳᠤᠷᠠᠯ ᠢ᠋ ᠨᠢ ᠴᠤ᠌ ᠰᠠᠢᠲᠤᠷ ᠪᠠᠲᠤᠯᠠᠵᠤ ᠴᠢᠳᠠᠪᠠ᠃

《2003 ᠤᠨ ᠤ᠋ ᠦᠶᠡᠷ ᠤᠰᠤᠲᠤᠯ ᠡᠴᠡ ᠬᠤᠢᠰᠢ᠂ ᠪᠢ ᠵᠢᠷᠭᠤᠳᠤᠭᠠᠷ ᠰᠤᠮᠤ ᠪᠠᠯᠭᠠᠰᠤᠨ ᠤ᠋ ᠳᠠ ᠲᠦ ᠲᠠᠢ ᠲᠤᠰᠬᠤᠨ ᠡᠴᠡ ᠯᠢᠶᠠᠩᠴᠸᠩ ᠰᠢᠶᠠᠨ ᠤ᠋ ᠬᠤᠩ ᠮᠠᠤ ᠪᠠᠯᠭᠠᠰᠤᠨ ᠤ᠋ ᠵᠢᠤ ᠶᠤᠸᠠᠨ ᠨᠡᠢᠭᠡᠮ ᠲᠤᠭᠤᠷᠢᠭ ᠲᠤ᠌ ᠨᠡᠭᠦᠵᠤ ᠢᠷᠡᠵᠠᠢ᠂ ᠨᠠᠳᠠᠳᠤ ᠬᠦᠮᠤᠨ ᠡᠴᠡ ᠤᠨᠴᠠᠭᠠᠢᠷᠠᠭᠰᠠᠨ ᠮᠡᠷᠭᠡᠵᠢᠯ ᠪᠠᠢᠬᠤ ᠦᠭᠡᠢ ᠪᠤᠯᠬᠤᠷ ᠵᠦᠪᠬᠡᠨ ᠰᠠᠭᠠᠯᠢ ᠵᠢᠨ ᠦᠨᠢᠶ᠎ᠡ ᠲᠡᠵᠢᠭᠡᠳᠡᠭ᠃ ᠤᠢᠷ᠎ᠠ ᠤᠷᠴᠢᠮ ᠤ᠋ᠨ ᠵᠢᠡᠨ ᠠᠭᠤᠷ ᠠᠮᠢᠰᠬᠤᠯ ᠢ᠋ ᠨᠦᠯᠦᠭᠡᠯᠡᠭᠰᠡᠨ ᠡᠴᠡ ᠬᠤᠢᠰᠢ ᠬᠤᠲᠠ᠂ ᠰᠢᠶᠠᠠ᠂ ᠪᠠᠯᠭᠠᠰᠤ ᠭᠤᠷᠪᠠᠨ ᠱᠠᠲᠤᠨ ᠤ᠋ ᠤᠳᠤᠷᠢᠳᠤᠯᠭ᠎ᠠ ᠡᠴᠡ ᠪᠢᠳᠡᠨ ᠳ᠋ᠤ ᠦᠵᠡᠯ ᠰᠠᠨᠠᠭᠠᠨ ᠤ᠋ ᠠᠵᠢᠯ ᠬᠢᠵᠤ᠂ ᠪᠢᠳᠡᠨᠠᠷ ᠢ᠋ ᠳᠠ ᠲᠦ ᠲᠠᠢ ᠲᠤᠰᠬᠤᠨ᠎ᠳᠠᠭᠠᠨ ᠬᠠᠷᠢᠵᠤ ᠦᠬᠡᠷ ᠵᠢᠡᠨ ᠲᠡᠵᠢᠭᠡᠭᠡᠷᠠᠢ ᠬᠡᠵᠦ ᠢᠳᠬᠠᠭᠰᠠᠨ ᠤ᠋ ᠬᠠᠮᠲᠤ ᠪᠠᠰᠠ ᠪᠢᠳᠠᠨ ᠳ᠋ᠤ ᠲᠡᠵᠢᠭᠡᠨ ᠦᠷᠡᠵᠢᠭᠦᠯᠬᠦ ᠡᠷᠦᠬᠡ ᠵᠢᠨ ᠲᠦᠷᠦᠯ ᠵᠦᠢᠯ ᠢ᠋ ᠴᠢᠷᠮᠠᠢᠨ ᠤᠯᠵᠤ ᠦᠭᠭᠦ ᠪᠤᠯᠤᠨ᠎ᠡ ᠬᠡᠵᠦ ᠠᠮᠠᠯᠠᠨ᠂ ᠦᠬᠡᠷ ᠤ᠋ᠨ ᠫᠸᠩ ᠬᠤᠷᠢᠶ᠎ᠠ᠂ ᠲᠡᠵᠢᠭᠡᠯ ᠤ᠋ᠨ ᠫᠸᠩ᠂ ᠪᠤᠷᠳᠤᠭᠠᠨ ᠤ᠋ ᠫᠸᠩ ᠵᠡᠷᠭᠡ ᠠᠮᠢᠳᠤᠷᠠᠯ ᠤ᠋ᠨ ᠲᠠᠯ᠎ᠠ ᠵᠢᠨ ᠠᠰᠠᠭᠤᠳᠠᠯ ᠢ᠋ ᠰᠢᠢᠳᠪᠦᠷᠢᠯᠡᠭᠰᠡᠨ ᠪᠦᠭᠡᠳ ᠤᠷᠴᠢᠨ ᠲᠤᠭᠤᠷᠢᠨ ᠤ᠋ ᠡᠷᠡᠭᠦᠯ ᠬᠠᠮᠠᠭᠠᠯᠠᠯ ᠤ᠋ᠨ ᠠᠰᠠᠭᠤᠳᠠᠯ ᠢ᠋ ᠴᠤ᠌ ᠰᠢᠢᠳᠪᠦᠷᠢᠯᠡᠭᠰᠡᠨ ᠪᠤᠯᠬᠤᠷ ᠪᠢ ᠮᠠᠰᠢ ᠬᠠᠨᠤᠮᠵᠢᠲᠠᠢ ᠪᠠᠢᠨ᠎ᠠ》 ᠭᠡᠵᠦ ᠵᠠᠬᠢᠳᠠᠯ ᠰᠤᠷᠪᠤᠯᠵᠢᠯᠠᠯ ᠤ᠋ᠨ ᠡᠲᠡᠭᠡᠳ ᠳᠡᠵᠢᠭᠡᠨ ᠦᠷᠡᠵᠢᠭᠦᠯᠬᠦ ᠡᠷᠦᠬᠡ ᠼᠦᠢ ᠶᠢᠤ ᠴᠢᠩ ᠰᠤᠷᠪᠤᠯᠵᠢᠯᠠᠭᠴᠢ ᠳ᠋ᠤ ᠬᠡᠯᠡᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号