ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠷᠢᠨ ᠨᠠᠶ᠋ᠮᠠᠳᠤᠭᠠᠷ ᠪᠦᠯᠦᠭ᠎ᠦᠨ 93 ᠬᠤᠪᠢ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ
2022-04-24 08:51:51
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 22 ᠤ᠋ᠨ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳ᠋ᠤ ᠬᠣᠷᠢᠨ ᠨᠠᠢ᠍ᠮᠠᠳᠤᠭᠠᠷ ᠪᠦᠯᠦᠭ᠎ᠦᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 93 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃

ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠣᠷᠳᠣᠰ ᠬᠤᠳᠠ ᠵᠢᠨ 24 ᠬᠤᠪᠢ᠂ ᠬᠥᠬᠡᠬᠣᠲᠠ ᠵᠢᠨ 21 ᠬᠤᠪᠢ᠂ ᠤᠯᠠᠭᠠᠨᠬᠠᠳᠠ ᠬᠤᠳᠠ ᠵᠢᠨ 11 ᠬᠤᠪᠢ᠂ ᠪᠤᠭᠤᠲᠤ ᠬᠤᠳᠠ ᠵᠢᠨ 10 ᠬᠤᠪᠢ᠂ ᠬᠥᠯᠥᠨ ᠪᠣᠢᠷ᠂ ᠤᠯᠠᠭᠠᠨᠴᠠᠪ ᠬᠤᠳᠠ ᠵᠢᠨ ᠲᠣᠰ ᠲᠣᠰ 7 ᠬᠤᠪᠢ᠂ ᠲᠦᠩᠯᠢᠶᠣᠤ ᠬᠤᠳᠠ ᠵᠢᠨ 6 ᠬᠤᠪᠢ᠂ ᠬᠢᠩᠭᠠᠨ ᠠᠢᠮᠠᠭ ᠤ᠋ᠨ 3 ᠬᠤᠪᠢ᠂ ᠱᠢᠯᠢ᠎ᠶ᠋ᠢᠨ ᠭᠤᠤᠯ ᠠᠢᠮᠠᠭ ᠤ᠋ᠨ 2 ᠬᠤᠪᠢ᠂ ᠪᠠᠶᠠᠨᠨᠠᠭᠤᠷ ᠬᠤᠳᠠ᠂ ᠠᠯᠠᠱᠠ ᠠᠢᠮᠠᠭ ᠤ᠋ᠨ ᠲᠣᠰ ᠲᠣᠰ 1 ᠬᠤᠪᠢ ᠪᠣᠶ᠃

ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ ( ᠬᠡᠰᠡᠭ ᠬᠡᠷᠡᠭ᠎ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ )᠂ ᠠᠮᠢ ᠠᠬᠤᠶ᠎ᠶ᠋ᠢ ᠡᠪᠳᠡᠭ᠌ᠰᠡᠨ ᠬᠡᠷᠡᠭ 53 ᠬᠤᠪᠢ᠂ ᠠᠭᠠᠷ ᠮᠠᠨᠳᠠᠯ ᠤ᠋ᠨ ᠪᠤᠬᠢᠷᠳᠤᠯ ᠤ᠋ᠨ ᠬᠡᠷᠡᠭ 29 ᠬᠤᠪᠢ᠂ ᠤᠰᠤᠨ ᠤ᠋ ᠪᠤᠬᠢᠷᠳᠤᠯ ᠤ᠋ᠨ ᠬᠡᠷᠡᠭ 27 ᠬᠤᠪᠢ᠂ ᠬᠥᠷᠥᠰᠥ᠍ ᠱᠢᠷᠣᠶ ᠵᠢᠨ ᠪᠤᠬᠢᠷᠳᠤᠯ ᠤ᠋ᠨ ᠬᠡᠷᠡᠭ 17 ᠬᠤᠪᠢ᠂ ᠱᠤᠤᠬᠢᠶᠠᠨ᠎ᠤ ᠪᠣᠬᠢᠷᠲᠤᠯ ᠤ᠋ᠨ ᠬᠡᠷᠡᠭ 11 ᠬᠤᠪᠢ᠂ ᠪᠤᠰᠤᠳ ᠵᠦᠢᠯ ᠤ᠋ᠨ ᠪᠣᠬᠢᠷᠲᠤᠯ ᠤ᠋ᠨ ᠬᠡᠷᠡᠭ 6 ᠬᠤᠪᠢ ᠪᠣᠶ᠃

ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠰᠢᠯᠵᠢᠭᠦᠯᠦᠨ ᠰᠢᠢᠳᠪᠦᠷᠢᠯᠡᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号