3 ᠰᠠᠷ᠎ᠠ᠎ᠶ᠋ᠢᠨ 26 ᠡᠴᠡ 4 ᠰᠠᠷ᠎ᠠ᠎ᠶ᠋ᠢᠨ 21 ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ
ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠪᠡ) ᠡᠴᠡ ᠮᠠᠨ᠎ᠤ ᠣᠷᠣᠨ᠎ᠳᠤ
27 ᠪᠦᠯᠦᠭ ᠨᠡᠢ᠌ᠳᠡ 2309 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂
ᠪᠥᠬᠥ᠌ ᠣᠷᠣᠨ᠎ᠢᠶᠡᠷ᠎ᠢᠶᠡᠨ ᠠᠷᠪᠠ ᠶᠢᠰᠦᠳᠦᠭᠡᠷ ᠪᠦᠯᠦᠭ᠎ᠦᠨ 91 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ
ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 28 ᠬᠤᠪᠢ
ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 44 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 19 ᠬᠤᠪᠢ ᠶ᠋ᠢ ᠨᠢ ᠬᠠᠷᠠᠬᠠᠨ
ᠱᠢᠶ᠋ᠳᠪᠦᠷᠢᠯᠡᠵᠦ ᠪᠠᠷᠠᠭᠠᠳᠤᠢ᠂ 95 ᠬᠤᠪᠢ ᠶ᠋ᠢ ᠨᠢ
ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 6 ᠬᠤᠪᠢ᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠤ᠂
ᠵᠤᠭᠤᠰ᠎ᠢᠶᠡᠷ ᠲᠤᠷᠭᠠᠭᠰᠠᠨ ᠬᠡᠮᠵᠢᠶ᠎ᠡ 93.1490 ᠲᠦᠮᠡᠨ ᠲᠥᠭᠥᠷᠢᠭ ᠪᠠᠢᠵᠤ᠂ 1 ᠬᠡᠷᠡᠭ᠎ᠢ ᠬᠡᠷᠡᠭ ᠪᠣᠯᠭᠠᠨ
ᠳᠡᠩᠰᠡᠯᠡᠵᠦ᠍ ᠲᠠᠩᠨᠠᠨ ᠪᠠᠢᠴᠠᠭᠠᠵᠤ᠂ 1 ᠬᠥᠮᠦᠨ᠎ᠲᠡᠶ ᠪᠣᠯᠵᠣᠨ ᠶᠠᠷᠢᠯᠴᠠᠪᠠ᠃
4 ᠰᠠᠷ᠎ᠠ᠎ᠶ᠋ᠢᠨ 21 ᠤ᠋ ᠡᠳᠦᠷ ᠪᠣᠯᠲᠠᠯ᠎ᠠ᠂ ᠪᠥᠬᠥ᠌ ᠣᠷᠣᠨ᠎ᠢᠶᠡᠷ᠎ᠢᠶᠡᠨ
1 — 19 ᠳ᠋ᠤᠭᠡᠷ ᠪᠦᠯᠦᠭ᠎ᠦᠨ 1531 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ
ᠱᠢᠶ᠋ᠳᠪᠦᠷᠢᠯᠡᠵᠦ ᠪᠤᠢ᠂ ᠡᠭᠦᠨ᠎ᠳᠦ 550 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 591 ᠬᠤᠪᠢ᠎ᠶ᠋ᠢ
ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 390 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ
ᠪᠠᠷᠠᠭᠠᠳᠤᠢ᠂ 740 ᠶ᠋ᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 88 ᠬᠤᠪᠢ᠎ᠶ᠋ᠢ ᠨᠢ ᠬᠡᠷᠡᠭ ᠪᠣᠯᠭᠠᠨ
ᠳᠡᠩᠰᠡᠯᠡᠨ ᠱᠢᠢᠳᠭᠡᠵᠤ᠂ ᠵᠤᠭᠤᠰ᠎ᠢᠶᠡᠷ ᠲᠤᠷᠭᠠᠭᠰᠠᠨ ᠬᠡᠮᠵᠢᠶ᠎ᠡ 627.3648 ᠲᠦᠮᠡᠨ ᠲᠥᠭᠥᠷᠢᠭ ᠪᠠᠢᠵᠤ᠂ 33 ᠬᠡᠷᠡᠭ᠎ᠢ ᠬᠡᠷᠡᠭ
ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 11 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂
67 ᠬᠥᠮᠦᠨ᠎ᠲᠡᠶ ᠪᠣᠯᠵᠣᠨ ᠶᠠᠷᠢᠯᠴᠠᠵᠤ᠂ 59 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃
ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ
ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ
ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃
ᠠᠷᠪᠠ ᠶᠢᠰᠦᠳᠦᠭᠡᠷ ᠪᠦᠯᠦᠭ᠎ᠤᠨ ᠪᠥᠬᠥ᠌ ᠬᠡᠷᠡᠭ᠎ᠢ ᠭᠦᠢᠴᠡᠳᠭᠡᠭᠰᠡᠨ ᠪᠠᠢᠳᠠᠯ᠎ᠢ
ᠤᠢᠯᠠᠭᠠᠶᠠ ᠭᠡᠪᠡᠯ ᠬᠣᠶᠠᠷ ᠬᠡᠮᠵᠢᠯᠳᠦ ᠺᠣᠳ᠋᠎ᠢ ᠰᠢᠷᠪᠢᠵᠤ ᠦᠵᠡᠬᠡᠷᠡᠢ᠃
