ᠳ᠋ᠦᠩᠱᠧᠩ ᠲᠣᠭᠣᠷᠢᠭ ᠄ 《 ᠪᠣᠬᠢᠷᠲᠤᠯ ᠥᠬᠡᠶ ᠠᠰᠠᠷᠠᠮᠵᠢ 》 ᠪᠡᠷ ᠠᠷᠠᠳ ᠢᠷᠭᠡᠳ᠎ᠲᠦ ᠠᠱᠢᠭ ᠬᠦᠷᠲᠡᠭᠡᠨ᠎ᠡ
2022-04-25 09:30:50
ᠵᠣᠬᠢᠶᠠᠭ᠍ᠴᠢ᠄
ᠸᠠᠩ ᠢᠦᠶ ᠵᠦᠸᠸ ᠸᠠᠩ ᠹᠠᠩ
ᠣᠩᠱᠢᠭ᠍ᠰᠠᠨ ᠣᠳᠠᠭ᠎ᠠ᠄
★★★☆☆

ᠬᠠᠪᠤᠷ᠎ᠤᠨ ᠰᠡᠭᠦᠯᠴᠢ᠎ᠪᠡᠷ ᠬᠥᠬᠡᠮᠳᠦᠭ ᠠᠭᠤᠯᠠ ᠬᠦᠬᠡᠷᠡᠨ ᠨᠤᠭᠤᠭᠠᠷᠠᠵᠤ᠂ ᠨᠣᠮᠢᠨ ᠨᠤᠭᠤᠭᠠᠨ ᠤᠰᠤ ᠮᠤᠷᠤᠯᠵᠠᠨ ᠤᠷᠤᠰᠤᠨ᠎ᠠ᠃ ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ᠎ᠢᠶᠠᠷ ᠠᠶᠠᠯᠠᠬᠤᠶ᠎ᠠ᠂ ᠬᠣᠲᠠ ᠳᠠᠶᠠᠭᠠᠷ ᠨᠣᠮᠢᠨ ᠨᠣᠭᠣᠭᠠᠨ ᠥᠩᠭᠡ᠎ᠪᠡᠷ ᠪᠢᠯᠬᠠᠵᠤ᠂ ᠬᠥᠮᠦᠰ ᠲᠤ᠌ ᠨᠢᠳᠤᠨ ᠳ᠋ᠤ ᠦᠵᠡᠭᠳᠡᠵᠥ ᠭᠠᠷ ᠲᠸ᠋ ᠪᠠᠷᠢᠬᠳᠠᠮ᠎ᠠ 《ᠪᠣᠬᠢᠷᠲᠤᠯ ᠥᠬᠡᠶ ᠠᠰᠠᠷᠠᠮᠵᠢ》 ᠎ᠶ᠋ᠢ ᠡᠳ᠋ᠯᠡᠭᠦᠯᠦᠨ᠎ᠡ᠃

ᠰᠠᠢᠨ ᠰᠠᠢᠬᠠᠨ ᠠᠮᠢ ᠠᠬᠤᠶ ᠵᠢᠨ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠥᠨ᠃ 2022 ᠣᠨ᠎ᠤ 4 ᠰᠠᠷ᠎ᠠ᠎ᠶ᠋ᠢᠨ 7᠎ᠤ᠋ ᠡᠳᠦᠷ᠂ ᠳ᠋ᠦᠩᠱᠧᠩ ᠲᠣᠭᠣᠷᠢᠭ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠢᠶ᠋ᠳᠪᠦᠷᠢᠯᠡᠭᠦᠯᠬᠦ ᠪᠡᠷ ᠳᠤᠰᠢᠶᠠᠭᠰᠠᠨ ᠤᠯᠠᠨ ᠲᠦᠮᠡᠨ᠎ᠦ ᠲᠤᠰᠭᠠᠭ᠍ᠰᠠᠠ《 ᠳ᠋ᠦᠩᠱᠧᠩ ᠲᠣᠭᠣᠷᠢᠭ᠎ᠤᠨ ᠵᠢᠤᠢ ᠯᠢ ᠠᠭᠤᠳᠠᠮ ᠲᠠᠯᠠᠪᠠᠢ᠎ᠶ᠋ᠢᠨ ᠬᠤᠳᠠᠯᠳᠤᠭᠠᠨ᠎ᠤ ᠣᠷᠣᠨ ᠰᠠᠭᠤᠴᠠ᠎ᠶ᠋ᠢᠨ ᠠᠰᠠᠷ᠎ᠤᠨ B ᠠᠰᠠᠷ᠎ᠤᠨ ᠰᠠᠭᠤᠭᠠᠯᠢ ᠠᠷᠠᠳ ᠠᠷᠠᠳ᠎ᠤᠨ ᠠᠮᠢᠳᠤᠷᠠᠯ᠎ᠤᠨ ᠠᠭᠤᠳᠠᠮ ᠲᠠᠯᠠᠪᠠᠢ᠎ᠶ᠋ᠢᠨ ᠠᠮᠲᠠᠲᠤ ᠢᠳᠡᠭᠡᠨ᠎ᠦ ᠵᠡᠭᠡᠯᠢ᠎ᠶ᠋ᠢᠨ ᠱᠤᠤᠭᠢᠶᠠᠨ᠎ᠤ ᠨᠥᠯᠥᠭᠡ᠎ᠶ᠋ᠢ ᠬᠦᠷᠳᠡᠭ᠌ᠰᠡᠨ 》 ᠠᠰᠠᠭᠤᠳᠠᠯ᠎ᠢ ᠬᠦᠯᠢᠶᠡᠨ ᠠᠪᠤᠭ᠍ᠰᠠᠨ᠎ᠤ ᠲᠠᠷᠠᠭ᠎ᠠ᠂ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠲᠡᠷᠡ ᠳᠠᠷᠤᠢ᠎ᠳᠤᠨᠢ ᠤᠯᠠᠨ ᠰᠠᠯᠠᠭ᠎ᠠ ᠮᠥᠴᠢᠷ᠎ᠢ ᠲᠤᠬᠠᠢ᠎ᠶ᠋ᠢᠨ ᠲᠠᠯᠠᠪᠠᠢ᠎ᠳᠤ ᠣᠴᠢᠭᠤᠯᠤᠨ ᠬᠠᠷᠭᠤᠭᠤᠯᠤᠨ ᠪᠠᠢᠴᠠᠭᠠᠯᠭᠠᠵᠤ᠂ ᠠᠰᠠᠭᠤᠳᠠᠯ᠎ᠢ ᠲᠦᠷᠭᠡᠨ ᠰᠤᠳᠤᠯᠤᠨ ᠮᠠᠭᠠᠳᠯᠠᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠪᠠ᠃

ᠳ᠋ᠦᠩᠱᠧᠩ ᠲᠣᠭᠣᠷᠢᠭ ᠲᠣᠰ ᠤᠳᠠᠭᠠᠨ᠎ᠤ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠡᠴᠡ ᠱᠢᠶ᠋ᠳᠪᠦᠷᠢᠯᠡᠭᠦᠯᠬᠦ ᠪᠡᠷ ᠳᠤᠰᠢᠶᠠᠭᠰᠠᠨ ᠣᠯᠠᠨ ᠲᠦᠮᠡᠨ᠎ᠦ ᠵᠠᠭᠠᠯᠳᠤᠯᠭ᠎ᠠ᠎ᠶ᠋ᠢᠨ ᠬᠡᠷᠡᠭ᠎ᠢ ᠴᠡᠭ᠌ᠴᠡᠯᠡᠨ ᠰᠠᠢᠵᠢᠷᠠᠭᠤᠯᠬᠤ᠎ᠪᠠᠷ ᠠᠵᠠ ᠲᠣᠬᠢᠶᠠᠯ ᠵᠢᠡᠨ ᠪᠣᠯᠭᠠᠵᠤ᠂ ᠬᠣᠲᠠ᠎ᠶ᠋ᠢᠨ ᠠᠷᠠᠳ᠎ᠤᠨ ᠬᠠᠨᠤᠮᠵᠢ᠎ᠶ᠋ᠢᠨ ᠬᠡᠮᠵᠢᠶ᠎ᠡ᠂ ᠵᠣᠯ ᠵᠢᠷᠭᠠᠯᠲᠤ ᠲᠥᠷᠥᠭ᠌ᠳᠡᠯ᠎ᠢ ᠦᠨᠡᠨ ᠬᠦ᠌ ᠪᠦᠲᠦᠮᠵᠢᠲᠡᠶ ᠳᠡᠭᠡᠭ᠌ᠰᠢᠯᠡᠭᠦᠯᠬᠦ᠌᠎ᠪᠡᠷ ᠬᠠᠷᠠᠯᠲᠠ ᠪᠣᠯᠭᠠᠵᠤ᠂ ᠠᠮᠢ ᠠᠬᠤᠶ ᠣᠷᠴᠢᠨ ᠲᠣᠭᠣᠷᠢᠨ᠎ᠤ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠣᠯᠠᠨ ᠲᠦᠮᠡᠨ᠎ᠳᠦ ᠦᠨᠡᠨ ᠬᠦ᠌ ᠪᠣᠬᠢᠷᠲᠤᠯ ᠥᠬᠡᠶ ᠡᠶ᠎ᠡ ᠵᠣᠬᠢᠴᠠᠩᠭᠤᠶ ᠡᠮᠬᠢ ᠵᠢᠷᠤᠮ᠎ᠲᠠᠶ ᠠᠮᠢ ᠠᠬᠤᠶ ᠣᠷᠴᠢᠨ ᠲᠣᠭᠣᠷᠢᠨ᠎ᠢ ᠪᠣᠶ ᠪᠣᠯᠭᠠᠵᠤ ᠥᠭ᠌ᠪᠡ᠃

ᠵᠢᠯ ᠪᠦᠷᠢ᠎ᠶ᠋ᠢᠨ ᠬᠠᠪᠤᠷ᠎ᠤᠨ ᠤᠯᠠᠷᠢᠯ᠎ᠳᠤ᠂ ᠳ᠋ᠦᠩᠱᠧᠩ ᠲᠣᠭᠣᠷᠢᠭ᠎ᠤᠨ ᠬᠡᠳᠦᠨ ᠠᠷᠪᠠᠨ ᠲᠦᠮᠡᠨ ᠬᠥᠮᠦᠨ ᠴᠥᠮ ᠪᠥᠬᠥ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠳ᠋ᠤ ᠣᠷᠣᠯᠴᠠᠳᠠᠭ᠃ ᠬᠤᠳᠠ ᠲᠣᠭᠣᠷᠢᠭ᠎ᠡᠴᠡ ᠬᠥᠳᠡᠭᠡ ᠲᠣᠰᠭᠣᠨ ᠬᠦᠷᠲᠡᠯ᠎ᠡ ᠨᠦᠭᠡ ᠮᠠᠯᠲᠠᠨ ᠱᠢᠷᠣᠢ ᠤᠬᠤᠵᠤ᠂ ᠴᠢᠬᠢ ᠮᠣᠳᠣ ᠰᠠᠭᠤᠯᠭᠠᠵᠥ᠂ ᠤᠰᠤ ᠲᠠᠮᠨᠠᠨ ᠤᠰᠤᠯᠠᠳᠠᠭ ᠁ ᠮᠣᠳᠣ ᠲᠠᠷᠢᠵᠤ ᠣᠢᠵᠢᠭᠤᠯᠬᠤ ᠨᠢ ᠬᠤᠳᠠ ᠬᠥᠳᠡᠭᠡ᠎ᠶ᠋ᠢᠨ ᠣᠷᠴᠢᠨ ᠲᠣᠭᠣᠷᠢᠨ᠎ᠢ ᠨᠣᠭᠣᠭᠠᠷᠠᠭᠤᠯᠤᠨ ᠭᠤᠶᠤᠵᠢᠭᠤᠯᠤᠭ᠍ᠰᠠᠨ᠎ᠢᠶᠠᠷ ᠪᠠᠷᠠᠬᠤ ᠦᠬᠡᠢ᠂ ᠳ᠋ᠦᠩᠱᠧᠩ ᠲᠣᠭᠣᠷᠢᠭ᠎ᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠪᠣᠯᠤᠨ ᠤᠯᠠᠨ ᠲᠦᠮᠡᠨ᠎ᠦ ᠰᠡᠳᠭᠢᠯ᠎ᠳᠦ ᠨᠣᠭᠣᠭᠠᠷᠠᠭᠤᠯᠤᠯᠲᠠ᠎ᠶ᠋ᠢ ᠬᠠᠮᠠᠭᠠᠯᠠᠬᠤ᠂ ᠨᠣᠭᠣᠭᠠᠷᠠᠭᠤᠯᠤᠯᠲᠠ᠎ᠶ᠋ᠢ ᠬᠠᠢᠷᠠᠯᠠᠬᠤ᠂ ᠨᠣᠭᠣᠭᠠᠷᠠᠭᠤᠯᠤᠯᠲᠠ᠎ᠶ᠋ᠢᠨ ᠦᠢᠯᠡᠰ᠎ᠢ ᠬᠦᠭᠵᠢᠭᠦᠯᠬᠦ ᠪᠣᠬᠢᠷᠲᠤᠯ ᠦᠬᠡᠢ ᠵᠢ ᠬᠦᠭᠡᠭᠡᠴᠡᠯᠳᠦᠬᠦ ᠪᠣᠯᠪᠠᠰᠤᠨ᠎ᠤ ᠦᠷ᠎ᠡ᠎ᠶ᠋ᠢ ᠭᠦᠨ ᠤᠷᠭᠤᠭᠤᠯᠤᠭ᠍ᠰᠠᠨ ᠪᠠᠢᠨ᠎ᠠ᠃ ᠣᠢᠯᠠᠭᠠᠭ᠍ᠰᠠᠨ᠎ᠢᠶᠠᠷ᠂ ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ 42 ᠵᠢᠯ᠎ᠦᠨ ᠲᠤᠷᠰᠢ᠂ ᠳ᠋ᠦᠩᠱᠧᠩ ᠲᠣᠭᠣᠷᠢᠭ᠎ᠤᠨ  ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠨᠡᠢ᠌ᠳᠡ 840 ᠭᠠᠷᠤᠢ ᠲᠦᠮᠡᠨ ᠬᠥᠮᠦᠨ ᠤᠳᠠᠭ᠎ᠠ ᠣᠷᠣᠯᠴᠠᠵᠤ᠂ ᠡᠯ᠎ᠡ ᠲᠦᠷᠦᠯ᠎ᠦᠨ ᠲᠤᠷᠤᠭ ᠪᠤᠳᠠᠯᠢᠭ ᠮᠣᠳᠣ᠎ᠶ᠋ᠢ 5000 ᠭᠠᠷᠤᠢ ᠲᠦᠮᠡᠨ ᠰᠠᠭᠤᠷᠢ ᠲᠠᠷᠢᠵᠠᠢ᠃2022 ᠣᠨ᠎ᠳᠤ᠂ ᠳ᠋ᠦᠩᠱᠧᠩ ᠲᠣᠭᠣᠷᠢᠭ ᠪᠥᠬᠥ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠷᠭ᠎ᠠ ᠬᠡᠯᠪᠡᠷᠢ᠎ᠶ᠋ᠢ ᠦᠷᠭᠦᠯᠵᠢᠯᠡᠨ ᠬᠡᠷᠡᠭ᠌ᠯᠡᠵᠦ᠍᠂ ᠣᠢᠵᠢᠭᠤᠯᠵᠤ ᠨᠣᠭᠣᠭᠠᠷᠠᠭᠤᠯᠬᠤ᠂ ᠠᠷᠠᠴᠢᠯᠠᠵᠤ ᠬᠠᠮᠠᠭᠠᠯᠠᠬᠤ᠂ ᠲᠠᠭᠠᠭᠠᠴᠢᠯᠠᠨ ᠠᠷᠠᠴᠢᠯᠠᠬᠤ᠂ ᠲᠣᠨᠣᠭ ᠲᠥᠬᠥᠭᠡᠷᠦᠮᠵᠢ ᠵᠢ ᠵᠠᠰᠠᠨ ᠪᠠᠢᠭᠤᠯᠬᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠩᠭᠠᠬᠤ ᠵᠡᠷᠭᠡ ᠣᠯᠠᠨ ᠶᠠᠩᠵᠤ᠎ᠶ᠋ᠢᠨ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠷᠭ᠎ᠠ ᠬᠡᠯᠪᠡᠷᠢ᠎ᠶ᠋ᠢ ᠨᠠᠷᠢᠯᠢᠭ᠍ᠵᠢᠭᠤᠯᠵᠤ᠂ ᠪᠥᠬᠥ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠬᠠᠷᠢᠭᠤᠴᠠᠯᠭ᠎ᠠ᠎ᠵᠢᠨ ᠡᠭᠦᠷᠭᠡ ᠶ᠋ᠢ 90 ᠲᠦᠮᠡᠨ ᠰᠠᠭᠤᠷᠢ ᠪᠡᠶᠡᠯᠡᠭᠦᠯᠬᠦ᠌᠎ᠪᠡᠷ ᠲᠥᠯᠥᠪᠯᠡᠵᠦ᠍ ᠪᠣᠶ᠃

ᠤᠢ᠍ᠢᠷ᠎ᠠ᠎ᠶ᠋ᠢᠨ ᠵᠢᠯ᠎ᠡᠴᠡ᠂ ᠳ᠋ᠦᠩᠱᠧᠩ ᠲᠣᠭᠣᠷᠢᠭ ᠠᠮᠢ ᠠᠬᠤᠢ᠎ᠶ᠋ᠢ ᠰᠡᠷᠭᠦᠭᠡᠬᠦ᠌᠂ ᠣᠷᠴᠢᠨ ᠲᠣᠭᠣᠷᠢᠨ᠎ᠢ ᠬᠠᠮᠠᠭᠠᠯᠠᠬᠤ᠂ ᠪᠣᠬᠢᠷᠲᠤᠯ ᠦᠭᠡᠢ ᠬᠥᠭ᠌ᠵᠢᠭᠦᠯᠬᠦ《ᠲᠤᠮᠤ ᠶᠠᠪᠤᠳᠠᠯ》 ᠎ᠢ᠋ ᠴᠥᠬᠥᠷᠡᠰᠢ ᠦᠭᠡᠢ ᠰᠠᠢᠲᠤᠷ ᠬᠢᠭᠰᠡᠨ ᠡᠴᠡ ᠨᠢᠳᠦ ᠭᠢᠯᠠᠰᠤᠮ᠎ᠠ《 ᠪᠣᠬᠢᠷᠲᠤᠯ ᠦᠭᠡᠢ ᠬᠠᠷᠢᠭᠤᠯᠲᠠ᠎ᠶ᠋ᠢᠨ ᠬᠠᠭᠤᠳᠠᠰᠤ》ᠵᠢ ᠲᠤᠱᠢᠶᠠᠵᠠᠢ᠃ ᠳ᠋ᠦᠩᠱᠧᠩ ᠲᠣᠭᠣᠷᠢᠭ ᠬᠣᠲᠠ᠎ᠶ᠋ᠢᠨ ᠨᠣᠭᠣᠭᠠᠷᠠᠭᠤᠯᠤᠯᠲᠠ᠎ᠶ᠋ᠢᠨ ᠣᠷᠣᠨ ᠵᠠᠶ᠎ᠶ᠋ᠢ ᠶᠡᠬᠡ ᠪᠡᠷ ᠥᠷᠭᠡᠳᠭᠡᠵᠦ᠍᠂ ᠠᠷᠠᠳ ᠣᠯᠠᠨ᠎ᠳᠤ ᠭᠣᠶᠣ ᠰᠠᠢᠬᠠᠨ᠂ ᠲᠠᠭᠠᠯᠠᠮᠵᠢᠲᠠᠶ᠂ ᠡᠷᠡᠭᠦᠯ ᠰᠠᠷᠠᠭᠤᠯ ᠣᠷᠣᠱᠢᠨ ᠰᠠᠭᠤᠬᠤ ᠣᠷᠴᠢᠨ ᠲᠣᠭᠣᠷᠢᠨ᠎ᠢ ᠴᠢᠷᠮᠠᠢᠨ ᠡᠭᠦᠳᠴᠦ᠍᠂ ᠰᠤᠯᠠ ᠰᠡᠯᠡᠭᠦᠦ ᠭᠠᠵᠠᠷ ᠵᠠᠢ ᠵᠠᠪᠰᠠᠷ᠎ᠪᠦᠬᠦᠨ᠎ᠢ ᠨᠣᠭᠣᠭᠠᠷᠠᠭᠤᠯᠵᠤ᠂ ᠵᠡᠭᠡᠯᠢ ᠭᠤᠳᠤᠮᠵᠢ᠎ᠶ᠋ᠢᠨ ᠵᠢᠵᠢᠭ ᠮᠥᠷᠲᠡᠭᠡᠨ ᠨᠠᠷᠢᠯᠢᠭ ᠠᠯᠢ ᠣᠯᠠᠨ ᠨᠣᠭᠣᠭᠠᠨ ᠭᠠᠵᠠᠷ᠎ᠢ ᠴᠣᠭ᠍ᠴᠠᠯᠠᠵᠤ᠂  ᠬᠣᠲᠠ᠎ᠶ᠋ᠢᠨ ᠠᠷᠠᠳ᠎ᠢ ᠴᠣᠩᠬᠣ᠎ᠪᠠᠨ ᠨᠡᠭᠡᠭᠡᠮᠡᠭᠴᠡ ᠨᠣᠭᠣᠭᠠᠨ ᠥᠩᠭᠡ ᠤᠯᠵᠤ ᠬᠠᠷᠠᠵᠤ᠂ ᠭᠠᠳᠠᠭ᠍ᠰᠢ ᠭᠠᠷᠪᠠᠯ ᠴᠡᠴᠡᠷᠯᠢᠭ᠎ᠢᠶᠡᠷ ᠵᠢᠭᠤᠯᠴᠢᠯᠠᠵᠤ ᠪᠠᠢᠬᠤ ᠮᠡᠳᠦ ᠪᠤᠯᠭᠠᠵᠠᠢ ; ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠱᠢᠪᠲᠤᠯᠤᠯᠲᠠ᠎ᠶ᠋ᠢᠨ ᠳᠠᠢᠯᠠᠯᠳᠤᠭᠠᠨ᠎ᠤ 《 10 + 1 》 ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠲᠦᠭᠦᠭᠡᠷᠦᠮᠵᠢ᠎ᠶ᠋ᠢ ᠲᠠᠰ ᠳᠡᠪᠱᠢᠭᠦᠯᠦᠨ ᠥᠭᠡᠷᠡᠴᠢᠯᠡᠬᠦ᠌ ᠂ ᠤᠰᠤᠨ᠎ᠤ ᠴᠢᠨᠠᠷ᠎ᠢ ᠴᠡᠪᠡᠷᠱᠢᠭᠦᠯᠬᠦ᠌ ᠦᠶ᠋ᠯᠡᠳᠪᠦᠷᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠥᠭᠡᠷᠡᠴᠢᠯᠡᠬᠦ᠌᠂ ᠰᠠᠢᠨ ᠲᠠᠢᠵᠢ ᠨᠠᠭᠤᠷ᠎ᠤᠨ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠵᠠᠰᠠᠬᠤ ᠵᠢᠴᠢ ᠤᠰᠤ ᠠᠮᠢᠳᠤᠷᠠᠯ᠎ᠤᠨ ᠬᠣᠭ ᠨᠣᠪᠰᠢ᠎ᠶ᠋ᠢ ᠱᠢᠶ᠋ᠳᠪᠦᠷᠢᠯᠡᠬᠦ᠌ ᠦᠶ᠋ᠯᠡᠳᠪᠦᠷᠢ᠂ ᠪᠠᠷᠢᠯᠭ᠎ᠠ᠎ᠶ᠋ᠢᠨ ᠬᠣᠭ ᠨᠣᠪᠰᠢ᠎ᠶ᠋ᠢ ᠠᠷᠢᠯᠭᠠᠬᠤ ᠲᠠᠯᠠᠪᠠᠶ᠂ ᠴᠠᠬᠢᠯᠭᠠᠨ᠎ᠤ ᠦᠶ᠋ᠯᠡᠳᠪᠦᠷᠢ᠎ᠶ᠋ᠢᠨ ᠦᠨᠡᠰᠦ ᠱᠢᠭᠠᠷᠤ᠎ᠶ᠋ᠢᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ ᠵᠡᠷᠭᠡ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠥᠷᠥᠯ ᠵᠦᠶ᠋ᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳ᠋ᠦᠩᠱᠧᠩ᠎ᠦᠨ ᠠᠷᠠᠳ ᠣᠯᠠᠨ᠎ᠤ ᠬᠥᠬᠡᠮᠳᠦᠭ ᠤᠰᠤ ᠬᠥᠬᠡ ᠣᠭ᠍ᠲᠠᠷᠭᠤᠶ᠎ᠶ᠋ᠢ ᠰᠠᠬᠢᠨ ᠬᠠᠮᠠᠭᠠᠯᠠᠪᠠ; ᠡᠨᠧᠷᠭᠢ᠎ᠶ᠋ᠢᠨ ᠬᠣᠷᠣᠭ᠍ᠳᠠᠭᠤᠯᠭ᠎ᠠ᠎ᠶ᠋ᠢᠨ《ᠬᠣᠶᠠᠷ᠎ᠢ ᠬᠢᠵᠠᠭᠠᠷᠯᠠᠬᠤ》 ᠱᠠᠭᠠᠷᠳᠠᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠣᠷᠢᠨ᠎ᠢ ᠵᠠᠰᠠᠬᠤ ᠶᠠᠰᠤ ᠴᠢᠨᠠᠷ ᠦᠷ᠎ᠡ ᠠᠱᠢᠭ᠎ᠢ ᠶᠡᠬᠡ ᠪᠡᠷ ᠳᠡᠭᠡᠭ᠌ᠰᠢᠯᠡᠭᠦᠯᠦᠨ᠂ ᠡᠨᠧᠷᠭᠢ ᠠᠷᠪᠢᠯᠠᠵᠤ ᠬᠣᠷᠣᠭ᠍ᠳᠠᠭᠤᠯᠭ᠎ᠠ᠎ᠶ᠋ᠢ ᠪᠠᠭᠠᠰᠭᠠᠬᠤ᠂ ᠪᠠᠭ᠎ᠠ ᠨᠡᠭᠦᠷᠡᠰᠦᠲᠥ᠋ᠷᠥᠭ᠌ᠴᠢᠳᠤ ᠪᠠ ᠣᠷᠴᠢᠨ ᠲᠣᠭᠣᠷᠢᠨ᠎ᠢ ᠬᠠᠮᠠᠭᠠᠯᠠᠬᠤ᠂ ᠡᠷᠴᠢᠮᠵᠢᠭᠦᠯᠦᠨ ᠠᠷᠪᠢᠯᠠᠬᠤ᠎ᠪᠠᠷ ᠭᠣᠣᠯ ᠪᠣᠯᠭᠠᠭ᠍ᠰᠠᠨ ᠪᠣᠬᠢᠷᠲᠤᠯ ᠦᠭᠡᠶ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠪᠠᠢᠭᠤᠯᠵᠤ᠂ ᠬᠥᠬᠡᠮᠳᠦᠭ ᠠᠭᠤᠯᠠ ᠮᠥᠩᠬᠡ ᠰᠦᠨᠳᠡᠷᠯᠡᠬᠦ᠌᠂ ᠲᠤᠩᠭᠠᠯᠠᠭ ᠤᠰᠤ ᠮᠥᠩᠬᠡ ᠤᠷᠤᠰᠭᠤ᠂ ᠠᠭᠠᠷ ᠪᠠᠢᠩᠭᠤ ᠰᠢᠨ᠎ᠡ ᠰᠤᠷᠭᠤᠭ᠎ᠪᠠᠢᠬᠤ ᠶ᠋ᠢ ᠪᠡᠶᠡᠯᠡᠭᠦᠯᠪᠡ᠃ ᠠᠮᠢ ᠠᠬᠤᠢ᠎ᠵᠢ ᠤᠷᠢᠳ ᠵᠢᠡᠷ ᠪᠤᠳᠤᠯᠬᠢᠯᠠᠵᠤ  ᠪᠣᠬᠢᠷᠲᠤᠯ ᠦᠭᠡᠢ ᠬᠥᠭ᠌ᠵᠢᠯᠲᠡ᠎ᠵᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠨᠢᠳᠦ ᠭᠢᠯᠠᠰᠤᠮ᠎ᠠ 《ᠪᠣᠬᠢᠷᠲᠤᠯ ᠦᠭᠡᠢ ᠬᠠᠷᠢᠭᠤᠯᠲᠠ᠎ᠶ᠋ᠢᠨ ᠬᠠᠭᠤᠳᠠᠰᠤ》 ᠪᠡᠷ  ᠳ᠋ᠦᠩᠱᠧᠩ᠎ᠦᠨ ᠠᠷᠠᠳ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号