ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠢᠢᠳᠪᠦᠷᠢᠯᠡᠭᠦᠯᠬᠦ ᠪᠡᠷ ᠲᠤᠰᠢᠶᠠᠭᠰᠠᠨ ᠬᠤᠷᠢᠳᠤᠭᠠᠷ ᠪᠦᠯᠦᠭ᠎ᠦᠨ 94 ᠬᠤᠪᠢ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠢᠶᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠭᠦᠢᠴᠡᠳᠭᠡᠭᠰᠡᠨ ᠪᠠᠢᠳᠠᠯ
2022-04-25 09:32:30
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 22 ᠎ᠤᠨ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠪᠡ )  ᠡᠴᠡ ᠮᠠᠨ᠎ᠤ ᠣᠷᠣᠨ᠎ᠳᠤ 28 ᠪᠦᠯᠦᠭ ᠨᠡᠢ᠌ᠳᠡ 2402 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ᠎ᠢᠶᠡᠷ᠎ᠢᠶᠡᠨ ᠬᠤᠷᠢᠳᠤᠭᠠᠷ ᠪᠦᠯᠦᠭ᠎ᠦᠨ 94 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 40 ᠬᠤᠪᠢ ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 30 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 24 ᠬᠤᠪᠢ ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 18 ᠬᠤᠪᠢ ᠎ᠶ᠋ᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 1 ᠬᠤᠪᠢ᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 50 ᠲᠦᠮᠡᠨ ᠲᠥᠭᠥᠷᠢᠭ ᠪᠠᠢᠵᠤ᠂ 3 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠪᠠ᠃

4 ᠰᠠᠷ᠎ᠠ᠎ᠶ᠋ᠢᠨ 22  ᠎ᠤᠨ ᠡᠳᠦᠷ ᠪᠣᠯᠲᠠᠯ᠎ᠠ᠂ ᠪᠥᠬᠥ᠌ ᠣᠷᠣᠨ᠎ᠢᠶᠡᠷ᠎ᠢᠶᠡᠨ 1 — 20 ᠳ᠋ᠤᠭᠠᠷ ᠪᠦᠯᠦᠭ᠎ᠦᠨ 1625 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 600 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 615 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 410 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 758 ᠬᠤᠪᠢ᠎ᠶ᠋ᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 90 ᠬᠤᠪᠢ᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 681.3078 ᠲᠦᠮᠡᠨ ᠲᠥᠭᠥᠷᠢᠭ ᠪᠠᠢᠵᠤ᠂ 36 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 11 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 67 ᠬᠥᠮᠦᠨ᠎ᠲᠡᠶ ᠪᠣᠯᠵᠣᠨ ᠶᠠᠷᠢᠯᠴᠠᠵᠤ᠂ 59 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

ᠬᠤᠷᠢᠳᠤᠭᠠᠷ ᠪᠦᠯᠦᠭ᠎ᠤᠨ ᠪᠥᠬᠥ᠌ ᠬᠡᠷᠡᠭ᠎ᠢ ᠭᠦᠢᠴᠡᠳᠭᠡᠭᠰᠡᠨ ᠪᠠᠢᠳᠠᠯ᠎ᠢ ᠤᠢᠯᠠᠭᠠᠶ᠎ᠠ ᠭᠡᠪᠡᠯ ᠬᠣᠶᠠᠷ ᠬᠡᠮᠵᠢᠯᠳᠦ ᠺᠣᠳ᠋᠎ᠢ ᠰᠢᠷᠪᠢᠵᠤ ᠦᠵᠡᠬᠡᠷᠡᠢ᠃


QQ图片20220425093208.png


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号