4 ᠰᠠᠷ᠎ᠠ᠎ᠶ᠋ᠢᠨ 24 ᠤ᠋ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠭᠤᠴᠢᠳᠤᠭᠠᠷ ᠪᠦᠯᠦᠭ᠎ᠦᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 111 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃
ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠤᠯᠠᠭᠠᠨᠬᠠᠳᠠ ᠬᠤᠲᠠ᠎ᠵᠢᠨ 19 ᠬᠤᠪᠢ᠂ ᠲᠦᠩᠯᠢᠶᠣᠤ ᠬᠤᠲᠠ᠎ᠵᠢᠨ 16 ᠬᠤᠪᠢ᠂ ᠬᠥᠬᠡᠬᠣᠲᠠ᠂ ᠣᠷᠳᠣᠰ ᠬᠤᠲᠠ᠎ᠵᠢᠨ ᠲᠣᠰ ᠪᠦᠷᠢ 15 ᠬᠤᠪᠢ᠂ ᠤᠯᠠᠭᠠᠨᠴᠠᠪ ᠬᠤᠲᠠ᠎ᠵᠢᠨ 11 ᠬᠤᠪᠢ᠂ ᠪᠤᠭᠤᠲᠤ ᠬᠤᠲᠠ᠎ᠵᠢᠨ 10 ᠬᠤᠪᠢ᠂ ᠬᠥᠯᠥᠨ ᠪᠣᠢᠷ ᠬᠤᠲᠠ᠎ᠵᠢᠨ 9 ᠬᠤᠪᠢ᠂ ᠱᠢᠯᠢ᠎ᠶ᠋ᠢᠨ ᠭᠤᠤᠯ ᠠᠢᠮᠠᠭ᠂ ᠪᠠᠶᠠᠨᠨᠠᠭᠤᠷ ᠬᠤᠲᠠ᠎ᠵᠢᠨ ᠲᠣᠰ ᠲᠣᠰ 5 ᠬᠤᠪᠢ᠂ ᠬᠢᠩᠭᠠᠨ ᠠᠢᠮᠠᠭ᠎ᠤᠨ 4 ᠬᠤᠪᠢ᠂ ᠦᠬᠠᠶ ᠬᠤᠲᠠ᠎ᠵᠢᠨ 2 ᠬᠤᠪᠢ ᠪᠣᠶ᠃
ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ (ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 65 ᠬᠤᠪᠢ᠂ ᠠᠭᠠᠷ ᠮᠠᠨᠳᠠᠯ᠎ᠤᠨ ᠪᠤᠬᠢᠷᠳᠤᠯ᠎ᠤᠨ ᠬᠡᠷᠡᠭ 29 ᠬᠤᠪᠢ᠂ ᠤᠰᠤᠨ᠎ᠤ ᠪᠣᠬᠢᠷᠲᠤᠯ᠎ᠤᠨ ᠬᠡᠷᠡᠭ 16 ᠬᠤᠪᠢ᠂ ᠬᠥᠷᠥᠰᠥ᠍ ᠱᠢᠷᠣᠶ᠎ᠶ᠋ᠢᠨ ᠪᠤᠬᠢᠷᠳᠤᠯ᠎ᠤᠨ ᠬᠡᠷᠡᠭ 12 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 10 ᠬᠤᠪᠢ᠂ ᠪᠤᠰᠤᠳ ᠪᠣᠬᠢᠷᠲᠤᠯ᠎ᠤᠨ ᠬᠡᠷᠡᠭ 7 ᠬᠤᠪᠢ ᠪᠣᠶ᠃
ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃