ᠬᠣᠶᠠᠳᠤᠭᠠᠷ ᠡᠭᠡᠯᠵᠢ᠎ᠶ᠋ᠢᠨ ᠵᠢᠷᠭᠤᠳᠤᠭᠠᠷ ᠪᠦᠯᠦᠭ᠎ᠦᠨ ᠲᠥᠪ ᠦᠨ ᠠᠮᠢ ᠠᠬᠤᠶ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ 26 ᠤ᠋ ᠡᠳᠦᠷ 5 ᠮᠤᠵᠢ ᠣᠷᠣᠨ᠎ᠤ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠷᠯᠠᠵᠤ᠂ ᠾᠸᠪᠸᠢ ᠵᠢᠨ ᠣᠯᠠᠨ ᠭᠠᠵᠠᠷ᠎ᠤᠨ ᠬᠢᠨ ᠲᠣᠭ᠍ᠲᠠᠭᠠᠯ᠎ᠢ ᠵᠥᠷᠢᠴᠡᠨ ᠪᠤᠬᠢᠷ ᠱᠢᠪᠠᠷ᠎ᠢ ᠱᠢᠶ᠋ᠳᠪᠦᠷᠢᠯᠡᠭ᠌ᠰᠡᠨ ᠵᠡᠷᠭᠡ ᠠᠰᠠᠭᠤᠳᠠᠯ᠎ᠢ ᠢᠯᠡᠴᠢᠯᠡᠪᠡ᠃
ᠾᠧᠪᠧᠶ᠎ᠳᠦ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠨ ᠬᠢᠨ ᠱᠢᠩᠲ᠋ᠠᠢ ᠬᠣᠲᠠ᠎ᠶ᠋ᠢᠨ ᠯᠦᠩ ᠶᠣᠣ ᠱᠢᠶᠠᠨ᠎ᠤ ᠵᠧᠩ ᠱᠢᠶᠠᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ ᠬᠠᠮᠢᠶ᠎ᠠ ᠪᠥᠬᠥᠶ ᠬᠢᠨᠠᠨ ᠵᠥᠪᠱᠢᠶᠡᠷᠡᠭᠦᠯᠬᠦ᠌ ᠭᠠᠷ ᠭᠦᠶ᠋ᠴᠡᠳᠭᠡᠯ ᠬᠢᠭ᠌ᠰᠡᠨ ᠥᠬᠡᠶ᠂ ᠴᠢᠭᠢᠭ᠎ᠦᠨ ᠤᠯᠠᠭᠠᠨ ᠬᠣᠷᠣᠬᠠᠶ ᠲᠡᠵᠢᠭᠡᠨ ᠦᠷᠡᠵᠢᠭᠦᠯᠬᠦ᠌ ᠨᠡᠷ᠎ᠡ᠎ᠪᠡᠷ 8.8 ᠲᠦᠮᠡ ᠭᠠᠷᠤᠶ ᠲᠣᠨ ᠠᠮᠢᠳᠤᠷᠠᠯ ᠪᠠ ᠠᠵᠤ ᠦᠶ᠋ᠯᠡᠳᠪᠦᠷᠢ᠎ᠶ᠋ᠢᠨ ᠪᠤᠬᠢᠷ ᠱᠢᠪᠠᠷ᠎ᠢ ᠬᠠᠤᠯᠢ ᠪᠤᠰᠤ᠎ᠪᠠᠷ ᠭᠥᠯᠢᠶᠡᠨ ᠠᠪᠴᠤ᠌᠂ ᠶᠡᠬᠡ ᠬᠡᠮᠵᠢᠶᠡᠨ᠎ᠦ ᠪᠤᠬᠢᠷ ᠱᠢᠪᠠᠷ ᠢ ᠬᠠᠤᠯᠢ ᠪᠤᠰᠤ᠎ᠪᠠᠷ ᠲᠠᠷᠢᠶᠠᠨ ᠭᠠᠵᠠᠷ᠎ᠲᠤ ᠴᠢᠳᠭᠤᠵᠤ᠂ ᠬᠦᠨᠳᠦ ᠨᠣᠴᠢᠲᠠᠶ ᠣᠷᠴᠢᠨ ᠲᠣᠭᠣᠷᠢᠨ᠎ᠤ ᠪᠣᠬᠢᠷᠲᠤᠯ᠎ᠢ ᠪᠣᠶ ᠪᠣᠯᠭᠠᠪᠠ᠃ ᠲᠠᠩᠱᠠᠨ ᠬᠤᠳᠠ᠎ᠶ᠋ᠢᠨ ᠭᠦ᠋ ᠶᠧ ᠲᠣᠭᠣᠷᠢᠭ᠎ᠤᠨ ᠸᠸ ᠨᠦᠩ ᠣᠷᠭᠠᠨᠢᠭ ᠪᠤᠷᠳᠤᠭᠤᠷ᠎ᠤᠨ ᠬᠢᠵᠠᠭᠠᠷᠲᠤ ᠺᠣᠮᠫᠠᠨᠢ 15.56 ᠲᠦᠮᠡᠨ ᠲᠣᠨ ᠪᠤᠬᠢᠷ ᠱᠢᠪᠠᠷ᠎ᠢ ᠬᠠᠤᠯᠢ ᠪᠤᠰᠤ᠎ᠪᠠᠷ ᠬᠦᠯᠢᠶᠠᠨ ᠠᠪᠴᠤ᠌᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ ᠢᠯᠡᠳᠲᠡ ᠲᠤᠱᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠪᠠ᠃ ᠾᠧᠩ ᠱᠦᠶ ᠬᠣᠲᠠ᠎ᠶ᠋ᠢᠨ ᠼᠤᠤ ᠴᠢᠶᠠᠩ ᠱᠢᠶᠠᠨ᠎ᠤ ᠳ᠋ᠠ ᠶᠢᠩ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠲᠣᠭ᠍ᠲᠠᠭᠠᠯ᠎ᠡᠴᠡ ᠵᠥᠷᠢᠴᠡᠨ ᠠᠵᠤ ᠦᠶ᠋ᠯᠡᠳᠪᠦᠷᠢ᠎ᠶ᠋ᠢᠨ ᠪᠤᠬᠢᠷ ᠱᠢᠪᠠᠷ᠎ᠢ ᠱᠢᠶ᠋ᠳᠪᠦᠷᠢᠯᠡᠵᠦ᠍᠂ ᠣᠷᠴᠢᠨ ᠲᠣᠭᠣᠷᠢᠨ᠎ᠤ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ ᠲᠣᠪᠣᠢᠮ᠎ᠠ ᠪᠠᠢᠬᠤ᠎ᠵᠢ ᠢᠯᠡᠷᠡᠭᠦᠯᠪᠡ᠃
ᠵᠢᠶᠠᠩᠰᠦ᠎ᠳᠦ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠨ ᠬᠢᠨ ᠬᠤᠸᠠᠢ ᠠᠨ ᠬᠤᠳᠠ᠎ᠶ᠋ᠢᠨ ᠬᠤᠳᠠ ᠪᠠᠯᠭᠠᠰᠤᠨ᠎ᠤ ᠪᠣᠬᠢᠷ ᠤᠰᠤᠨ᠎ᠤ ᠬᠣᠭᠣᠯᠠᠢ ᠲᠣᠣᠷ᠎ᠤᠨ ᠪᠦᠳᠦᠭᠡᠨ ᠪᠠᠢᠭᠤᠯᠤᠯᠲᠠ᠂ ᠪᠣᠷᠣᠭᠠᠨ ᠤ ᠤᠰᠤ ᠪᠠ ᠪᠣᠬᠢᠷ ᠤᠰᠤ᠎ᠶ᠋ᠢ ᠰᠠᠯᠭᠠᠵᠤ ᠤᠷᠤᠰᠭᠠᠬᠤ ᠥᠭᠡᠷᠡᠴᠢᠯᠡᠯᠲᠡ ᠭᠦᠢᠴᠡᠳ ᠪᠤᠰᠤ᠂ ᠠᠮᠢᠳᠤᠷᠠᠯ᠎ᠤᠨ ᠪᠣᠬᠢᠷ ᠤᠰᠤ᠎ᠶ᠋ᠢ ᠱᠢᠭᠤᠳ ᠭᠠᠳᠠᠭ᠍ᠰᠢᠯᠠᠭᠤᠯᠬᠤ ᠠᠰᠠᠭᠤᠳᠠᠯ ᠨᠡᠯᠢᠶᠡᠳ ᠲᠦᠭᠡᠮᠡᠯ ᠪᠠᠢᠬᠤ ᠶ᠋ᠢ ᠢᠯᠡᠷᠡᠭᠦᠯᠪᠡ᠃ ᠳᠠᠪᠤᠰᠤᠨ ᠭᠤᠤᠯ᠎ᠤᠨ ᠬᠣᠲᠠ᠎ᠶ᠋ᠢᠨ ᠲᠣᠭᠣᠷᠢᠭ᠎ᠤᠨ 3 ᠺᠢᠯᠣᠮᠧᠲ᠋ᠷ ᠣᠷᠴᠢᠮ ᠭᠤᠤᠯ᠎ᠤᠨ ᠵᠠᠮ ᠳᠣᠲᠣᠷ᠎ᠠ ᠪᠣᠷᠣᠭᠠᠨ᠎ᠤ ᠤᠰᠤ ᠭᠠᠳᠠᠭ᠍ᠰᠢᠯᠠᠭᠤᠯᠬᠤ 5 ᠴᠤᠷᠭᠤ ᠡᠴᠡ ᠲᠤᠩᠭᠠᠯᠠᠭ ᠡᠳᠦᠷ ᠱᠢᠭᠤᠳ ᠪᠣᠬᠢᠷ ᠤᠰᠤ ᠭᠠᠳᠠᠭ᠍ᠰᠢᠯᠠᠭᠤᠯᠵᠤ᠂ ᠡᠳᠦᠷ ᠪᠦᠷᠢ᠎ᠶ᠋ᠢᠨ ᠭᠤᠤᠯ ᠤᠷᠤᠭᠤ ᠣᠷᠣᠬᠤ ᠪᠣᠬᠢᠷ ᠤᠰᠤᠨ᠎ᠤ ᠬᠡᠮᠵᠢᠶ᠎ᠡ ᠨᠢ 2000 ᠲᠣᠨ᠎ᠢ ᠳᠠᠪᠠᠵᠤ᠂ ᠭᠤᠤᠯ᠎ᠤᠨ ᠭᠠᠳᠠᠷᠭᠤ᠎ᠳᠤ ᠢᠯᠡᠷᠬᠡᠶ ᠪᠣᠬᠢᠷᠲᠤᠯ᠎ᠤᠨ ᠪᠦᠰᠡ ᠪᠣᠶ ᠪᠣᠯᠪᠠ᠃ ᠡᠭᠦᠨ᠎ᠦ ᠬᠠᠮᠲᠤ᠂ ᠬᠤᠸᠠᠢ ᠠᠨ ᠬᠣᠲᠠ᠎ᠶ᠋ᠢᠨ ᠪᠠᠢᠭᠤᠯᠤᠭ᠍ᠰᠠᠨ ᠬᠡᠪᠴᠢᠶᠡᠨ ᠳᠣᠲᠣᠷᠠᠬᠢ ᠤᠰᠤᠨ ᠴᠣᠭ᠍ᠴᠠ᠎ᠶ᠋ᠢᠨ ᠪᠣᠬᠢᠷ ᠦᠮᠡᠬᠡᠢ ᠠᠰᠠᠭᠤᠳᠠᠯ ᠲᠣᠪᠣᠢᠮ᠎ᠠ ᠪᠠᠢᠵᠤ᠂ ᠵᠠᠷᠢᠮ ᠴᠢᠬᠤᠯᠠ ᠭᠤᠤᠯ ᠮᠥᠷᠡᠨ᠎ᠦ ᠦᠶᠡᠷ᠎ᠦᠨ ᠬᠤᠭᠤᠴᠠᠭᠠᠨ᠎ᠳᠤ ᠤᠰᠤᠨ᠎ᠤ ᠴᠢᠨᠠᠷ ᠢᠯᠡᠳᠲᠡ ᠪᠠᠭᠤᠷᠠᠵᠤ ᠪᠠᠢᠨ᠎ᠠ᠃
ᠥᠪᠥᠷ ᠮᠣᠩᠭᠣᠯ᠎ᠳᠤ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠤᠯᠠᠭᠠᠨᠬᠠᠳᠠ ᠬᠤᠳᠠ᠎ᠶ᠋ᠢᠨ ᠬᠡᠱᠢᠭ᠌ᠲᠡᠨ ᠬᠣᠱᠢᠭᠤᠨ᠎ᠤ ᠬᠤᠸᠠᠩ ᠭᠠᠩ ᠯᠢᠶᠠᠩ ᠲᠡᠮᠤᠷ᠎ᠦᠨ ᠠᠭᠤᠷᠬᠠᠢ᠎ᠶ᠋ᠢᠨ ᠣᠷᠣᠨ᠎ᠤ ᠬᠣᠶᠠᠷ ᠠᠵᠤ ᠠᠬᠤᠢᠯᠠᠯ᠂ ᠬᠤᠸᠠᠩ ᠭᠠᠩ ᠯᠢᠶᠠᠩ᠎ᠤᠨ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ᠎ᠲᠦ 7 ᠠᠭᠤᠷᠬᠠᠢ ᠮᠠᠯᠲᠠᠬᠤ ᠣᠷᠣᠨ᠂ 7 ᠠᠭᠤᠷᠬᠠᠢ ᠮᠠᠯᠲᠠᠨ ᠱᠢᠯᠢᠬᠦ᠌ ᠦᠢᠯᠡᠳᠪᠦᠷᠢ᠂ 4 ᠦᠯᠡᠳᠡᠭ᠌ᠳᠡᠯ ᠠᠭᠤᠷᠬᠠᠢ ᠮᠠᠯᠲᠠᠬᠤ ᠬᠥᠮᠥᠷᠭᠡ ᠵᠢᠴᠢ ᠬᠠᠮᠢᠶ᠎ᠠ ᠪᠦᠬᠦᠢ ᠲᠤᠰᠠᠯᠠᠬᠤ ᠢᠨᠵᠧᠨᠧᠷᠢᠩ ᠪᠠᠢᠭᠤᠯᠤᠭᠰᠠᠨᠢ ᠢᠯᠡᠷᠡᠭᠦᠯᠪᠡ᠃ ᠬᠣᠶᠠᠷ ᠠᠭᠤᠷᠬᠠᠶ ᠮᠠᠯᠲᠠᠬᠤ ᠠᠵᠤ ᠠᠬᠤᠢᠯᠠᠯ᠎ᠤᠨ ᠠᠮᠢ ᠠᠬᠤᠶ᠎ᠵᠢ ᠡᠪᠳᠡᠭ᠌ᠰᠡᠨ ᠪᠠ ᠣᠷᠴᠢᠨ ᠲᠣᠭᠣᠷᠢᠨ᠎ᠢ ᠪᠣᠬᠢᠷᠲᠤᠭᠤᠯᠤᠭ᠍ᠰᠠᠨ ᠠᠰᠠᠭᠤᠳᠠᠯ ᠲᠣᠪᠣᠢᠮ᠎ᠠ ᠪᠠᠢᠵᠤ᠂ ᠲᠤᠬᠠᠶ᠎ᠶ᠋ᠢᠨ ᠭᠠᠵᠠᠷ᠎ᠤᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠦ ᠣᠯᠠᠨᠲᠠ ᠲᠤᠷᠭᠠᠭᠳᠠᠵᠤ ᠱᠢᠢᠳᠭᠡᠭ᠌ᠳᠡᠪᠡ᠃
ᠱᠠᠯᠠᠪᠳᠠᠭᠤᠯᠤᠨ ᠪᠠᠢᠴᠠᠭᠠᠯᠲᠠ᠎ᠳᠤ ᠢᠯᠡᠷᠡᠭᠦᠯᠦᠭᠰᠡᠨ᠎ᠢᠶᠡᠷ᠂ ᠲᠥᠪᠡᠳ᠎ᠦᠨ ᠠᠭᠠᠷ᠎ᠤᠨ ᠭᠠᠷᠠᠮ ᠱᠢᠨ᠎ᠡ ᠲᠣᠭᠣᠷᠢᠭ 2020 ᠣᠨ ᠡᠴᠡ ᠡᠮᠦᠨ᠎ᠡ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠵᠢᠴᠢ ᠢᠵᠢ ᠪᠥᠷᠢᠳᠦᠭᠦᠯᠬᠦ᠌ ᠬᠣᠭᠣᠯᠠᠶ ᠲᠤᠤᠷ᠎ᠢ ᠪᠠᠢᠭᠤᠯᠬᠤ ᠬᠡᠷᠡᠭ᠌ᠲᠡᠶ᠂ ᠭᠡᠳᠡᠯ᠎ᠠ ᠣᠲᠣ ᠪᠣᠯᠲᠠᠯ᠎ᠠ ᠶᠠᠮᠠᠷ ᠴᠤ᠌ ᠮᠥᠨ ᠴᠢᠨᠠᠷ᠎ᠤᠨ ᠠᠬᠢᠯᠲᠠ ᠥᠬᠡᠶ ᠪᠠᠢᠭᠰᠠᠭᠠᠷ᠃ ᠵᠢᠶ ᠱᠢᠶᠦ᠋ᠩ ᠭᠤᠤᠯ ᠰᠤᠪᠠᠭ᠎ᠤᠨ ᠠᠭᠠᠷ᠎ᠤᠨ ᠭᠠᠷᠠᠮ ᠱᠢᠨ᠎ᠡ ᠲᠣᠭᠣᠷᠢᠭ᠎ᠤᠨ ᠬᠡᠰᠡᠭ᠎ᠦᠨ ᠡᠷᠭᠢ ᠳᠠᠭᠠᠤ ᠶᠡᠬᠡ ᠬᠡᠮᠵᠢᠶᠡᠨ᠎ᠦ ᠱᠢᠶ᠋ᠳᠪᠦᠷᠢᠯᠡᠭᠡᠳᠦᠶ ᠠᠮᠢᠳᠤᠷᠠᠯ᠎ᠤᠨ ᠪᠣᠬᠢᠷ ᠤᠰᠤ᠎ᠶ᠋ᠢ ᠱᠢᠭᠤᠳ ᠭᠠᠳᠠᠭ᠍ᠰᠢᠯᠠᠭᠤᠯᠵᠤ ᠪᠤᠢ᠃ 2021 ᠣᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠡᠴᠡ ᠴᠡᠭ᠌ᠴᠡᠯᠡᠨ ᠰᠠᠢᠵᠢᠷᠠᠭᠤᠯᠬᠤ᠎ᠪᠠᠷ ᠱᠠᠭᠠᠷᠳᠠᠵᠤ᠂ ᠠᠭᠠᠷ᠎ᠤᠨ ᠭᠠᠷᠠᠮ ᠱᠢᠨ᠎ᠡ ᠲᠣᠭᠣᠷᠢᠭ᠎ᠨᠢ ᠭᠤᠤᠯ ᠰᠤᠪᠠᠭ᠎ᠤᠨ ᠤᠰᠤᠨ ᠴᠣᠭ᠍ᠴᠠ ᠶ᠋ᠢᠨ ᠪᠠᠢᠳᠠᠯ᠎ᠢ ᠲᠦᠷ ᠬᠤᠪᠢᠷᠠᠭᠤᠯᠬᠤ ᠲᠠᠯ᠎ᠠ᠎ᠪᠠᠷ ᠮᠠᠭᠤ ᠠᠷᠭ᠎ᠠ ᠤᠬᠠᠭᠠᠨ ᠰᠡᠲᠦᠵᠦ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠠᠭᠠᠯᠲᠠ᠎ᠪᠠᠨ ᠨᠡᠭᠡᠭᠡᠵᠦ᠍ ᠤᠰᠤ ᠲᠠᠯᠪᠢᠬᠤ᠂ ᠤᠰᠤᠨ ᠴᠣᠭ᠍ᠴᠠ᠎ᠶ᠋ᠢᠨ ᠱᠢᠯᠵᠢᠯᠲᠡ᠎ᠶ᠋ᠢ ᠲᠦᠷᠭᠡᠳᠭᠡᠬᠦ᠌ ᠵᠡᠷᠭᠡ ᠥᠩᠭᠡᠨ ᠲᠠᠯ᠎ᠠ᠎ᠶ᠋ᠢᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠴᠡᠭ᠌ᠴᠡᠯᠡᠨ ᠰᠠᠢᠵᠢᠷᠠᠭᠤᠯᠤᠯᠳᠠ᠎ᠶᠢ ᠬᠠᠰᠢ ᠶᠠᠰᠢ ᠪᠡᠷ ᠠᠷᠭᠠᠴᠠᠭᠠᠵᠠᠢ᠃
ᠱᠠᠯᠠᠪᠳᠠᠭᠤᠯᠤᠨ ᠪᠠᠢᠴᠠᠭᠠᠯᠲᠠ᠎ᠳᠤ ᠢᠯᠡᠷᠡᠭᠦᠯᠦᠭ᠌ᠰᠡᠨ᠎ᠢᠶᠡᠷ᠂ ᠱᠢᠨᠵᠢᠶᠠᠩ᠎ᠤᠨ ᠵᠠᠷᠢᠮ ᠭᠠᠵᠠᠷ᠎ᠤᠨ ᠬᠢᠨ ᠰᠣᠬᠣᠷ ᠪᠠᠯᠠᠢ᠎ᠪᠠᠷ ᠲᠦᠷᠦᠯ ᠵᠦᠢᠯ᠎ᠢ ᠡᠬᠢᠯᠡᠭᠦᠯᠵᠦ᠍᠂ ᠬᠣᠴᠣᠷᠤᠩᠭᠤᠢ ᠦᠢᠯᠡᠳᠪᠦᠷᠢᠯᠡᠯ᠎ᠦᠨ ᠴᠢᠳᠠᠪᠤᠷᠢ ᠶ᠋ᠢ ᠱᠢᠭ᠌ᠰᠢᠭ᠌ᠳᠡᠭᠦᠯᠬᠦ᠌ ᠠᠵᠢᠯ ᠰᠤᠯᠠ ᠪᠠᠢᠨ᠎ᠠ᠃ ᠢ ᠡᠦ ᠱᠢᠶᠠᠨ᠎ᠤ ᠱᠢᠨᠵᠢᠶᠠᠩ᠎ᠤᠨ ᠱᠢᠤᠸᠠᠨ ᠳ᠋ᠦᠩ ᠡᠨᠧᠷᠭᠢ᠎ᠶ᠋ᠢᠨ ᠬᠢᠵᠠᠭᠠᠷᠲᠤ ᠺᠣᠮᠫᠠᠨᠢ ᠶ᠋ᠢᠨ 1000 ᠲᠦᠮᠡᠨ ᠲᠣᠨ / ᠣᠨ᠎ᠤ ᠯᠠᠨ ᠲᠠᠨ ᠬᠡᠦᠷᠡᠰᠦ᠎ᠶ᠋ᠢᠨ ᠲᠦᠷᠦᠯ ᠵᠦᠢᠯ᠎ᠢ ᠡᠨᠧᠷᠭᠢ ᠠᠷᠪᠢᠯᠠᠬᠤ ᠬᠢᠨᠠᠨ ᠪᠠᠢᠴᠠᠭᠠᠯᠲᠠ ᠪᠠ ᠣᠷᠴᠢᠨ ᠲᠣᠭᠣᠷᠢᠨ᠎ᠤ ᠦᠨᠡᠯᠡᠯᠳᠡ ᠬᠢᠯᠭᠡᠭᠰᠡᠨ ᠦᠭᠡᠢ ᠪᠠᠢᠳᠠᠯ ᠲᠤᠤᠷ᠎ᠠ ᠳᠤᠷ᠎ᠠ᠎ᠪᠠᠷ᠎ᠢᠶᠠᠨ ᠪᠠᠷᠢᠯᠭ᠎ᠠ ᠡᠬᠢᠯᠡᠭᠦᠯᠵᠦ᠍᠂ ᠣᠷᠣᠨ ᠨᠤᠲᠤᠭ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠬᠢᠨ ᠭᠣᠣᠯᠳᠠᠯᠭ᠎ᠠ ᠲᠠᠶ ᠢᠨᠵᠧᠨᠧᠷᠢᠩ᠎ᠦᠨ ᠨᠡᠷ᠎ᠡ᠎ᠪᠡᠷ ᠬᠦᠴᠦᠲᠡᠢ ᠠᠬᠢᠭᠤᠯᠵᠤ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠵᠢᠭᠠᠵᠤ ᠭᠠᠷᠭᠠᠭ᠍ᠰᠠᠨ᠎ᠤ ᠳᠠᠷᠠᠭ᠎ᠠ᠂ ᠣᠷᠣᠨ ᠨᠤᠲᠤᠭ᠎ᠤᠨ ᠬᠢᠨ ᠰᠠᠶᠢ ᠱᠢᠢᠳᠭᠡᠯ ᠥᠭ᠌ᠴᠡᠢ᠃ ᠱᠢᠨᠵᠢᠶᠠᠩ᠎ᠤᠨ ᠵᠠᠷᠢᠮ ᠭᠠᠵᠠᠷ ᠣᠷᠣᠨ᠎ᠤ ᠬᠢᠨ ᠣᠢᠷ᠎ᠠ᠎ᠶ᠋ᠢᠨ ᠵᠢᠯ ᠦᠳ᠎ᠲᠦ ᠲᠣᠭ᠍ᠲᠠᠭᠠᠯ᠎ᠢ ᠵᠥᠷᠢᠴᠡᠨ ᠴᠢᠯᠠᠭᠤᠨ ᠲᠣᠰᠣ ᠪᠣᠯᠪᠠᠰᠤᠷᠠᠭᠤᠯᠬᠤ ᠲᠥᠷᠥᠯ ᠵᠦᠶ᠋ᠯ᠎ᠢ ᠣᠯᠠᠨ ᠪᠠᠢᠭᠤᠯᠵᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ ᠴᠢᠩᠭ᠎ᠠ ᠪᠢᠰᠢ᠂ ᠠᠵᠤ ᠠᠬᠤᠢᠯᠠᠯ᠎ᠤᠨ ᠲᠣᠭ᠍ᠲᠠᠭᠠᠯ᠎ᠢ ᠵᠥᠷᠢᠴᠡᠨ ᠦᠶ᠋ᠯᠡᠳᠪᠦᠷᠢᠯᠡᠬᠦ᠌᠎ᠶ᠋ᠢ ᠳᠤᠷ᠎ᠠ᠎ᠪᠠᠷ ᠨᠢ ᠲᠠᠯᠪᠢᠵᠤ ᠪᠠᠢᠨ᠎ᠠ᠃ (ᠱᠢᠨᠬᠤᠸᠠ ᠬᠣᠷᠢᠶᠠᠨ᠎ᠤ ᠪᠡᠭᠡᠵᠢᠩ᠎ᠦᠨ 4 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ)