4 ᠰᠠᠷ᠎ᠠ᠎ᠶ᠋ᠢᠨ 26 ᠤ᠋ ᠡᠳᠦᠷ᠂ ᠲᠥᠪ ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠳᠤ ᠭᠤᠴᠢᠨ ᠬᠤᠶᠠᠳᠤᠭᠠᠷ ᠪᠦᠯᠦᠭ ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 71 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ ᠢ ᠰᠢᠢᠳᠪᠦᠷᠢᠯᠡᠭᠦᠯᠬᠦ ᠪᠡᠷ ᠲᠤᠰᠢᠶᠠᠵᠠᠢ᠃
ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ ᠂ ᠤᠯᠠᠭᠠᠨᠬᠠᠳᠠ ᠬᠤᠲᠠ᠎ᠵᠢᠨ 16 ᠬᠤᠪᠢ ᠂ ᠤᠷᠳᠤᠰ ᠬᠤᠲᠠ ᠵᠢᠨ 13 ᠬᠤᠪᠢ ᠂ ᠬᠦᠯᠦᠨ ᠪᠤᠢᠷ ᠬᠤᠲᠠ ᠵᠢᠨ 9 ᠬᠤᠪᠢ ᠂ ᠬᠦᠬᠡᠬᠤᠲᠠ ᠵᠢᠨ 8 ᠬᠤᠪᠢ ᠂ ᠬᠢᠩᠭᠠᠨ ᠠᠢᠮᠠᠭ ᠂ ᠲᠦᠩᠯᠢᠶᠣᠤ ᠬᠤᠲᠠ ᠪᠤᠯᠤᠨ ᠤᠯᠠᠭᠠᠨᠴᠠᠪ ᠬᠤᠲᠠ ᠵᠢᠨ ᠲᠤᠰ ᠲᠤᠰ 5 ᠬᠤᠪᠢ ᠂ ᠪᠤᠭᠤᠲᠤ ᠬᠤᠲᠠ ᠪᠤᠯᠤᠨ ᠪᠠᠶᠠᠨᠨᠠᠭᠤᠷ ᠬᠤᠲᠠ᠎ᠵᠢᠨ ᠲᠤᠰ ᠲᠤᠰ 4 ᠬᠤᠪᠢ ᠂ ᠱᠢᠯᠢ᠎ᠶ᠋ᠢᠨ ᠭᠤᠤᠯ ᠠᠢᠮᠠᠭᠪᠤᠯᠤᠨ ᠦᠬᠠᠢ ᠬᠤᠳᠠ ᠵᠢᠨ ᠲᠤᠰ ᠲᠤᠰ 1 ᠬᠤᠪᠢ ᠪᠣᠶ᠃ ᠪᠣᠬᠢᠷᠲᠤᠯ ᠤᠨ ᠲᠥᠷᠥᠯ᠎ᠢᠶᠡᠷ ᠨᠢ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 44 ᠬᠤᠪᠢ᠂ ᠠᠭᠠᠷ ᠮᠠᠨᠳᠠᠯ ᠤᠨ ᠪᠤᠬᠢᠷᠳᠤᠯ ᠤᠨ ᠬᠡᠷᠡᠭ 18 ᠬᠤᠪᠢ ᠂ ᠱᠤᠤᠬᠢᠶᠠᠨ᠎ᠤ ᠪᠣᠬᠢᠷᠲᠤᠯ᠎ᠤᠨ ᠬᠡᠷᠡᠭ 13 ᠬᠤᠪᠢ ᠂ ᠤᠰᠤᠨ᠎ᠤ ᠪᠣᠬᠢᠷᠲᠤᠯ᠎ᠤᠨ ᠬᠡᠷᠡᠭ 8 ᠬᠤᠪᠢ᠂ ᠬᠥᠷᠥᠰᠥ᠍ ᠱᠢᠷᠣᠶ᠎ᠶ᠋ᠢᠨ ᠪᠤᠬᠢᠷᠳᠤᠯ᠎ᠤᠨ ᠬᠡᠷᠡᠭ 7 ᠬᠤᠪᠢ᠂ ᠪᠤᠰᠤᠳ ᠪᠣᠬᠢᠷᠲᠤᠯ᠎ᠤᠨ ᠬᠡᠷᠡᠭ 9 ᠬᠤᠪᠢ ᠪᠣᠶ᠃
ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号