ᠲᠥᠪ ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠡᠴᠡ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠳ᠋ᠤ ᠰᠢᠢᠳᠪᠦᠷᠢᠯᠡᠭᠦᠯᠬᠦ ᠪᠡᠷ ᠲᠤᠰᠢᠶᠠᠭᠰᠠᠨ ᠬᠣᠷᠢᠨ ᠭᠤᠷᠪᠠᠳᠤᠭᠠᠷ ᠪᠦᠯᠦᠭ ᠎ᠦᠨ 88 ᠬᠤᠪᠢ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ ᠎ᠢ ᠭᠦᠢᠴᠡᠳᠭᠡᠭᠰᠡᠨ ᠪᠠᠢᠳᠠᠯ
2022-04-28 10:39:01
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 25 ᠤ᠋ ᠡᠳᠦᠷ ᠪᠣᠯᠲᠠᠯ᠎ᠠ ᠂ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ( ᠳᠣᠷᠣᠭ᠍ᠰᠢ 《ᠲᠥᠪ ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ 》 ᠭᠡᠵᠦ᠍ ᠳᠥᠭᠥᠮᠴᠢᠯᠡᠨ᠎ᠡ)ᠮᠠᠨ᠎ᠤ ᠣᠷᠣᠨ᠎ᠳᠤ 31 ᠪᠦᠯᠦᠭ ᠨᠡᠢᠳᠡ 2724 ᠬᠡᠷᠡᠭ ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ ᠃ ᠲᠥᠪ ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠠᠵᠢᠯ ᠎ᠤᠨ ᠱᠠᠭᠠᠷᠳᠠᠯᠭ᠎ᠠ ᠶᠣᠰᠣᠭᠠᠷ ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ ᠬᠣᠷᠢᠨ ᠭᠤᠷᠪᠠᠳᠤᠭᠠᠷ ᠪᠦᠯᠦᠭ ᠎ᠦᠨ 88 ᠬᠤᠪᠢ ᠵᠠᠬᠢᠳᠠᠯ ᠰᠤᠷᠪᠤᠯᠵᠢᠯᠠᠯ ᠎ᠤᠨ ᠬᠡᠷᠡᠭ ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ 31 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ ᠂ 34 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ ᠂ 23 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ ᠂ 5 ᠬᠤᠪᠢ ᠵᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ ᠂ 3 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 5.3398 ᠲᠦᠮᠡᠨ ᠲᠥᠭᠥᠷᠢᠭ ᠪᠤᠯᠤᠨ᠎ᠠ᠃

4 ᠰᠠᠷ᠎ᠠ᠎ᠶ᠋ᠢᠨ 25 ᠤ᠋ ᠡᠳᠦᠷ ᠪᠣᠯᠲᠠᠯ᠎ᠠ ᠂ ᠪᠥᠬᠥ᠌ ᠣᠷᠣᠨ ᠵᠢᠡᠷ ᠵᠢᠡᠨ ᠨᠢᠭᠡᠨᠲᠡ 1 — 23 ᠳ᠋ᠤᠭᠠᠷ ᠪᠦᠯᠦᠭ ᠎ᠦᠨ 1927 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ ᠂ 734 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 705 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ ᠂ 488 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ ᠂ 789 ᠬᠤᠪᠢ᠎ᠶ᠋ᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ ᠂ 101 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ ᠂ ᠵᠤᠭᠤᠰ᠎ᠢᠶᠡᠷ ᠲᠤᠷᠭᠠᠭᠰᠠᠨ ᠮᠦᠡᠭᠬᠦᠨ᠎ᠤ ᠲᠤᠭ᠎ᠠ ᠨᠢ 714.4076 ᠲᠦᠮᠡᠨ ᠲᠥᠭᠥᠷᠢᠭ ᠪᠠᠢᠵᠤ᠂ 38 ᠬᠡᠷᠡᠭ ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 12 ᠬᠥᠮᠦᠨ ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ ᠂ 68 ᠬᠥᠮᠦᠨ᠎ᠲᠡᠶ ᠪᠣᠯᠵᠣᠨ ᠶᠠᠷᠢᠯᠴᠠᠵᠤ᠂ 67 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ ᠎ᠢ ᠦᠷᠭᠦᠯᠵᠢᠯᠡᠨ ᠠᠬᠢᠭᠤᠯᠵᠤ ᠪᠠᠢᠨ᠎ᠠ᠃


QQ图片20220428102609.png


ᠬᠣᠷᠢᠨ ᠭᠤᠷᠪᠠᠳᠤᠭᠠᠷ ᠪᠦᠯᠦᠭ ᠎ᠦᠨ ᠪᠥᠬᠥ᠌ ᠬᠡᠷᠡᠭ ᠎ᠢ ᠱᠢᠶ᠋ᠳᠪᠦᠷᠢᠯᠡᠭ᠌ᠰᠡᠨ ᠪᠠᠢᠳᠠᠯ ᠎ᠢ ᠤᠢᠯᠠᠭᠠᠶ᠎ᠠ ᠭᠡᠪᠡᠯ ᠬᠣᠶᠠᠷ ᠬᠡᠮᠵᠢᠯᠳᠦ ᠺᠣᠳ᠋  ᠢ᠋ ᠱᠢᠷᠪᠢᠵᠦ᠍ ᠦᠵᠡᠭᠡᠷᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号