3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 26 ᠤ᠋ ᠡᠳᠦᠷ ᠪᠣᠯᠲᠠᠯ᠎ᠠ᠂ ᠲᠥᠪ ᠦᠨ ᠠᠮᠢ ᠠᠬᠤᠢ ᠣᠷᠴᠢᠨ
ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ( ᠳᠣᠷᠣᠭ᠍ᠰᠢ 《 ᠲᠥᠪ᠎ᠦᠨ ᠱᠠᠯᠠᠪᠳᠠᠭᠤᠯᠤᠨ
ᠪᠠᠢᠴᠠᠭᠠᠬᠤ ᠳᠤᠭᠤᠢᠯᠠᠩ 》 ᠭᠡᠵᠦ᠍ ᠳᠥᠭᠥᠮᠴᠢᠯᠡᠨ᠎ᠡ)ᠮᠠᠨ᠎ᠤ ᠣᠷᠣᠨ᠎ᠳᠤ
32 ᠪᠦᠯᠦᠭ ᠨᠡᠢᠳᠡ 2795 ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ ᠦᠨ ᠱᠠᠯᠠᠪᠳᠠᠭᠤᠯᠤᠨ
ᠪᠠᠢᠴᠠᠭᠠᠬᠤ ᠳᠤᠭᠤᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ
ᠬᠣᠷᠢᠨ ᠲᠦᠷᠪᠡᠳᠦᠭᠡᠷ ᠪᠦᠯᠦᠭ ᠦᠨ 100 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ ᠢ ᠪᠠᠢᠴᠠᠭᠠᠨ ᠱᠢᠶ᠋ᠳᠪᠦᠷᠢᠯᠡᠵᠤ
ᠪᠤᠢ᠂ ᠡᠭᠦᠨ᠎ᠳᠦ 47 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 33 ᠬᠤᠪᠢ᠎ᠶ᠋ᠢ ᠨᠢ ᠱᠠᠲᠤᠴᠢ
ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 20 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂
7 ᠬᠤᠪᠢ ᠵᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 3 ᠬᠤᠪᠢ ᠵᠢ ᠨᠢ ᠬᠡᠷᠡᠭ ᠪᠣᠯᠭᠠᠨ ᠳᠡᠩᠰᠡᠯᠡᠨ
ᠰᠢᠢᠳᠭᠡᠵᠤ᠂ ᠵᠤᠭᠤᠰ᠎ᠢᠶᠡᠷ ᠲᠤᠷᠭᠠᠭᠰᠠᠨ ᠮᠦᠡᠭᠬᠦᠨᠤ ᠲᠤᠭ᠎ᠠ ᠨᠢ 1.695 ᠲᠦᠮᠡᠨ ᠲᠥᠭᠥᠷᠢᠭ ᠪᠠᠢᠵᠤ᠂ 1 ᠬᠥᠮᠦᠨ
ᠲᠠᠢ ᠪᠤᠯᠵᠤᠨ ᠶᠠᠷᠢᠯᠴᠠᠪᠠ᠃
4
ᠰᠠᠷ᠎ᠠ᠎ᠶ᠋ᠢᠨ 26 ᠤ᠋ ᠡᠳᠦᠷ ᠪᠣᠯᠲᠠᠯ᠎ᠠ᠂ ᠪᠥᠬᠥ᠌ ᠣᠷᠣᠨ ᠵᠢᠡᠷ ᠵᠢᠡᠨ ᠨᠢᠭᠡᠨᠲᠡ 1 — 24 ᠳ᠋ᠤᠭᠡᠷ ᠪᠦᠯᠦᠭ᠎ᠦᠨ
2027 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ᠂
794 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 727 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ
ᠱᠢᠶ᠋ᠳᠪᠦᠷᠢᠯᠡᠨ ᠳᠠᠭᠤᠰᠭᠠᠵᠤ᠂ 506 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 797 ᠬᠤᠪᠢ᠎ᠶ᠋ᠢ
ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 106 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂
ᠵᠤᠭᠤᠰ᠎ᠢᠶᠡᠷ ᠲᠤᠷᠭᠠᠭᠰᠠᠨ ᠮᠦᠡᠭᠬᠦᠨᠤ ᠲᠤᠭ᠎ᠠ ᠨᠢ 726.2426 ᠲᠦᠮᠡᠨ ᠲᠥᠭᠥᠷᠢᠭ ᠪᠠᠢᠵᠤ᠂ 38 ᠬᠡᠷᠡᠭ᠎ᠢ
ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 12 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ
ᠬᠣᠷᠢᠵᠤ᠂ 70 ᠬᠥᠮᠦᠨ᠎ᠲᠡᠶ ᠪᠣᠯᠵᠣᠨ ᠶᠠᠷᠢᠯᠴᠠᠵᠤ᠂ 67 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃
ᠲᠥᠪ᠎ᠦᠨ
ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ
ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ
ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃
ᠬᠣᠷᠢᠨ
ᠲᠦᠷᠪᠡᠳᠦᠭᠡᠷ ᠪᠦᠯᠦᠭ᠎ᠦᠨ ᠪᠥᠬᠥ᠌ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ᠎ᠢ ᠤᠢᠯᠠᠭᠠᠶᠠ ᠭᠡᠪᠡᠯ ᠬᠣᠶᠠᠷ
ᠬᠡᠮᠵᠢᠯᠳᠦ ᠺᠣᠳ᠋ ᠢ᠋ ᠱᠢᠷᠪᠢᠵᠦ᠍ ᠦᠵᠡᠭᠡᠷᠡᠶ᠃
