ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠭᠤᠴᠢᠨ ᠭᠤᠷᠪᠠᠳᠤᠭᠠᠷ ᠪᠦᠯᠦᠭ᠎ᠦᠨ 30 ᠬᠤᠪᠢ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ
2022-04-30 19:56:03
ᠵᠣᠬᠢᠶᠠᠭ᠍ᠴᠢ᠄
​ᠱᠤᠸᠠᠢ ᠵᠧᠩ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 28 ᠎ᠤ᠋ ᠡᠳᠦᠷ᠂ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠳᠤ ᠭᠤᠴᠢᠨ ᠭᠤᠷᠪᠠᠳᠤᠭᠠᠷ ᠪᠦᠯᠦᠭ ᠎ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 30 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃

ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠲᠦᠩᠯᠢᠶᠣᠤ ᠬᠤᠲᠠ ᠂ ᠤᠯᠠᠭᠠᠨᠬᠠᠳᠠ ᠬᠤᠲᠠ ᠪᠤᠯᠤᠨ ᠤᠷᠳᠤᠰ ᠬᠤᠲᠠ᠎ᠵᠢᠨ ᠲᠤᠰ ᠲᠤᠰ 4 ᠬᠤᠪᠢ᠂ ᠪᠤᠭᠤᠲᠤ ᠬᠤᠲᠠ᠂ ᠬᠢᠩᠭᠠᠨ ᠠᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠎ᠵᠢᠨ ᠲᠤᠰ ᠲᠤᠰ 3 ᠬᠤᠪᠢ᠂ ᠬᠦᠬᠡᠬᠤᠲᠠ ᠪᠤᠯᠤᠨ ᠬᠦᠯᠦᠨ ᠪᠤᠢᠷ ᠬᠤᠲᠠ ᠵᠢᠨ ᠲᠤᠰ ᠲᠤᠰ 2 ᠬᠤᠪᠢ ᠂ ᠦᠬᠠᠢ ᠬᠤᠳᠠ ᠪᠤᠯᠤᠨ ᠠᠯᠠᠱᠠ ᠠᠢᠮᠠᠭ ᠎ᠤᠨ  ᠲᠤᠰ ᠲᠤᠰ 1 ᠬᠤᠪᠢ ᠪᠣᠶ᠃ ᠪᠣᠬᠢᠷᠲᠤᠯ ᠎ᠤᠨ ᠲᠥᠷᠥᠯ᠎ᠢᠶᠡᠷ ᠨᠢ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 22 ᠬᠤᠪᠢ᠂ ᠠᠭᠠᠷ ᠮᠠᠨᠳᠠᠯ ᠎ᠤᠨ ᠪᠤᠬᠢᠷᠳᠤᠯ ᠎ᠤᠨ ᠬᠡᠷᠡᠭ 4 ᠬᠤᠪᠢ ᠂ ᠤᠰᠤᠨ᠎ᠤ ᠪᠣᠬᠢᠷᠲᠤᠯ᠎ᠤᠨ ᠬᠡᠷᠡᠭ 3 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 2 ᠬᠤᠪᠢ ᠂  ᠬᠥᠷᠥᠰᠥ᠍ ᠱᠢᠷᠣᠶ᠎ᠶ᠋ᠢᠨ ᠪᠤᠬᠢᠷᠳᠤᠯ᠎ᠤᠨ ᠬᠡᠷᠡᠭ 2 ᠬᠤᠪᠢ᠂ ᠪᠤᠰᠤᠳ ᠪᠣᠬᠢᠷᠲᠤᠯ᠎ᠤᠨ ᠬᠡᠷᠡᠭ 2 ᠬᠤᠪᠢ ᠪᠣᠶ᠃

ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号