3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 27 ᠤ᠋ ᠡᠳᠦᠷ ᠪᠣᠯᠲᠠᠯ᠎ᠠ᠂ ᠲᠥᠪ ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ 《 ᠲᠥᠪ ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ 》 ᠭᠡᠵᠦ᠍ ᠳᠥᠭᠥᠮᠴᠢᠯᠡᠨ᠎ᠡ)ᠮᠠᠨ᠎ᠤ ᠣᠷᠣᠨ᠎ᠳᠤ 32 ᠪᠦᠯᠦᠭ ᠨᠡᠢᠳᠡ 2795 ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ ᠬᠣᠷᠢᠨ ᠲᠠᠪᠤᠳᠤᠭᠠᠷ ᠪᠦᠯᠦᠭ ᠦᠨ 80 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ 24 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 36 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 20 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 16 ᠬᠤᠪᠢ ᠵᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 6 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ ᠂ ᠵᠤᠭᠤᠰ᠎ᠢᠶᠡᠷ ᠲᠤᠷᠭᠠᠭᠰᠠᠨ ᠮᠦᠡᠭᠬᠦᠨᠤ ᠲᠤᠭ᠎ᠠ ᠨᠢ 104.2708 ᠲᠦᠮᠡᠨ ᠲᠥᠭᠥᠷᠢᠭ ᠪᠤᠯᠤᠨ᠎ᠠ᠃
4 ᠰᠠᠷ᠎ᠠ᠎ᠶ᠋ᠢᠨ 27 ᠤ᠋ ᠡᠳᠦᠷ ᠪᠣᠯᠲᠠᠯ᠎ᠠ ᠂ ᠪᠥᠬᠥ᠌ ᠣᠷᠣᠨ ᠵᠢᠡᠷ ᠵᠢᠡᠨ ᠨᠢᠭᠡᠨᠲᠡ 1 — 25 ᠳ᠋ᠤᠭᠠᠷ ᠪᠦᠯᠦᠭ ᠦᠨ 2107 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ᠂ 831 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 754 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 522 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 813 ᠬᠤᠪᠢ᠎ᠶ᠋ᠢ ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 112 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ ᠂ ᠵᠤᠭᠤᠰ᠎ᠢᠶᠡᠷ ᠲᠤᠷᠭᠠᠭᠰᠠᠨ ᠮᠦᠡᠭᠬᠦᠨᠤ ᠲᠤᠭ᠎ᠠ ᠨᠢ 830.5134 ᠲᠦᠮᠡᠨ ᠲᠥᠭᠥᠷᠢᠭ ᠪᠠᠢᠵᠤ᠂ 38 ᠬᠡᠷᠡᠭ ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂12 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂70 ᠬᠥᠮᠦᠨ᠎ᠲᠡᠶ ᠪᠣᠯᠵᠣᠨ ᠶᠠᠷᠢᠯᠴᠠᠵᠤ᠂ 67 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃
ᠲᠥᠪ ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃
ᠬᠣᠷᠢᠨ ᠲᠠᠪᠤᠳᠤᠭᠠᠷ ᠪᠦᠯᠦᠭ᠎ᠦᠨ ᠪᠥᠬᠥ᠌ ᠬᠡᠷᠡᠭ᠎ᠢ ᠱᠢᠶ᠋ᠳᠪᠦᠷᠢᠯᠡᠭ᠌ᠰᠡᠨ ᠪᠠᠢᠳᠠᠯ ᠢ ᠤᠢᠯᠠᠭᠠᠶᠠ ᠭᠡᠪᠡᠯ ᠬᠣᠶᠠᠷ ᠬᠡᠮᠵᠢᠯᠳᠦ ᠺᠣᠳ᠋ ᠢ᠋ ᠱᠢᠷᠪᠢᠵᠦ᠍ ᠦᠵᠡᠭᠡᠷᠡᠶ᠃