​ᠬᠤᠷᠴᠢᠨ ᠵᠡᠭᠦᠨ ᠭᠠᠷᠤᠨ ᠬᠤᠢᠲᠤ ᠬᠤᠱᠢᠭᠤ ᠬᠢᠲᠠᠳ ᠮᠣᠩᠭᠤᠯ ᠡᠮ ᠡᠮᠨᠡᠯᠭᠡ᠎ᠶ᠋ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ ᠪᠤᠢ
2022-05-16 10:19:12
ᠵᠣᠬᠢᠶᠠᠭ᠍ᠴᠢ᠄
ᠬᠠᠰᠤᠩᠭᠤᠸ᠎ᠠ
ᠣᠩᠱᠢᠭ᠍ᠰᠠᠨ ᠣᠳᠠᠭ᠎ᠠ᠄
★★★☆☆

ᠬᠤᠷᠴᠢᠨ ᠵᠡᠬᠦᠨ ᠭᠠᠷᠤᠨ ᠬᠤᠢᠳᠤ ᠬᠤᠰᠢᠭᠤᠨ ᠪ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠪᠣᠯᠣᠨ ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠪ᠎ᠤᠳ ᠴᠥᠮ ᠬᠢᠳᠡᠳ ᠮᠣᠩᠭᠤᠯ ᠡᠮ ᠡᠮᠨᠡᠯᠭᠡ᠎ᠶ᠋ᠢᠨ ᠦᠢᠯᠡᠴᠢᠯᠡᠭᠡ ᠥᠷᠨᠢᠭᠦᠯᠵᠦ᠍᠂ ᠬᠢᠳᠡᠳ ᠮᠣᠩᠭᠤᠯ ᠡᠮ ᠡᠮᠨᠡᠯᠭᠡ ᠎ᠶ᠋ᠢᠨ ᠲᠣᠬᠢᠷᠠᠬᠤ ᠮᠡᠷᠭᠡᠵᠢᠯ᠎ᠢ ᠬᠡᠷᠡᠭ᠌ᠯᠡᠵᠤ ᠣᠨᠣᠱᠢᠯᠠᠨ ᠡᠮᠨᠡᠵᠦ᠍᠂ 80% ᠎ᠶ᠋ᠢᠨ ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠥᠷᠲᠡᠭᠡ᠂ 90% ᠎ᠶ᠋ᠢᠨ ᠭᠠᠴᠠᠭ᠎ᠠ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ ᠮᠣᠩᠭᠤᠯ ᠡᠮ ᠡᠮᠨᠡᠯᠭᠡ᠎ᠶ᠋ᠢᠨ ᠦᠢᠯᠡᠴᠢᠯᠡᠭᠡ ᠬᠠᠩᠭᠠᠵᠤ ᠳᠡᠢᠯᠦᠨ᠎ᠡ᠃

ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠲᠤᠭ᠍ᠳᠠᠴᠠ᠎ᠶ᠋ᠢ ᠲᠡᠭᠦᠯᠳᠡᠷᠵᠢᠭᠦᠯᠪᠡ᠃ ᠮᠣᠩᠭᠤᠯ ᠡᠮᠴᠢᠯᠡᠭᠡᠨ᠎ᠤ ᠶᠠᠰᠤ ᠪᠠᠷᠢᠬᠤ ᠡᠮᠨᠡᠯᠭᠡ᠎ᠶ᠋ᠢᠨ ᠬᠤᠷᠢᠶ᠎ᠠ᠎ᠪᠠᠷ ᠳᠠᠭᠠᠭᠤᠯᠤᠭ᠍ᠴᠢ ᠪᠣᠯᠭᠠᠨ᠂ ᠰᠤᠮᠤ ᠪᠠᠯᠭᠠᠰᠤ᠎ᠶ᠋ᠢᠨ ᠡᠷᠡᠭᠦᠯ ᠬᠠᠮᠠᠭᠠᠯᠠᠯ᠎ᠤᠨ ᠬᠤᠷᠢᠶ᠎ᠠ᠎ᠪᠠᠷ ᠬᠦᠢᠰᠦ ᠪᠣᠯᠭᠠᠵᠤ᠂ ᠭᠠᠴᠠᠭ᠎ᠠ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢᠶᠠᠷ ᠰᠠᠭᠤᠷᠢ ᠪᠣᠯᠭᠠᠭ᠍ᠰᠠᠨ ᠪᠥᠬᠦ᠌ ᠬᠤᠱᠢᠭᠤᠨ᠎ᠤ ᠮᠣᠩᠭᠤᠯ ᠡᠮ ᠡᠮᠨᠡᠯᠭᠡ ᠵᠢᠨ ᠡᠮᠨᠡᠬᠦ᠌ ᠪᠠ ᠰᠤᠪᠢᠯᠠᠬᠤ᠎ᠶ᠋ᠢ ᠤᠶᠠᠯᠳᠤᠭᠤᠯᠤᠭ᠍ᠰᠠᠨ ᠪᠡᠶ᠎ᠡ ᠰᠤᠪᠢᠯᠠᠯᠲᠠ ᠡᠷᠡᠭᠦᠯᠵᠢᠯ᠎ᠤᠨ ᠰᠦᠯᠵᠢᠶ᠎ᠡ᠎ᠶ᠋ᠢᠨ ᠲᠤᠭ᠍ᠳᠠᠴᠠ᠎ᠶ᠋ᠢ ᠪᠠᠢᠭᠤᠯᠤᠨ  ᠪᠦᠷᠢᠨᠱᠢᠭᠦᠯᠪᠡ᠃

ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠪᠠ᠃ ᠬᠢᠳᠡᠳ ᠮᠣᠩᠭᠤᠯ ᠡᠮ ᠡᠮᠨᠡᠯᠭᠡ᠎ᠶ᠋ᠢᠨ ᠣᠨᠴᠠᠯᠢᠭ᠍ᠲᠤ ᠳᠠᠪᠠᠭᠤᠯᠢᠭ᠎ᠢ ᠦᠷᠭᠦᠯᠵᠢᠯᠡᠨ ᠪᠠᠳᠠᠷᠠᠭᠤᠯᠵᠤ᠂ ᠬᠢᠳᠡᠳ ᠮᠣᠩᠭᠤᠯ ᠡᠮᠨᠡᠯᠭᠡ᠎ᠶ᠋ᠢᠨ ᠬᠤᠷᠢᠶ᠎ᠠ ᠵᠢᠨ ᠪᠦᠲᠦᠭᠡᠨ ᠪᠠᠢᠭᠤᠯᠤᠯᠲᠠ ᠪᠠ ᠮᠣᠩᠭᠤᠯ ᠡᠮᠨᠡᠯᠭᠡ᠎ᠶ᠋ᠢᠨ ᠶᠠᠰᠤ ᠪᠠᠷᠢᠬᠤ ᠡᠮᠨᠡᠯᠭᠡ᠎ᠶ᠋ᠢᠨ ᠬᠤᠷᠢᠶ᠎ᠠ᠎ᠶ᠋ᠢᠨ 《ᠢᠯᠡᠷᠡᠭᠡᠳᠦᠢ ᠡᠪᠡᠳᠴᠢᠨ᠎ᠢ ᠵᠠᠰᠠᠬᠤ》 ᠲᠥᠪ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠪᠡ; ᠮᠣᠩᠭᠤᠯ ᠡᠮ ᠨᠠᠢᠷᠠᠬᠤ ᠲᠠᠰᠤᠭ᠎ᠤᠨ ᠬᠥᠭ᠌ᠵᠢᠯᠲᠡ᠎ᠶ᠋ᠢ ᠠᠭᠢᠭᠤᠯᠤᠨ᠂ ᠲᠤᠰ ᠬᠤᠱᠢᠭᠤᠨ᠎ᠳᠤ ᠣᠲᠣ ᠵᠢᠷᠤᠮᠵᠢᠭ᠍ᠰᠠᠨ ᠮᠣᠩᠭᠤᠯ ᠡᠮ ᠨᠠᠢᠷᠠᠬᠤ ᠲᠠᠰᠤᠭ 1 ᠪᠠᠢᠵᠤ᠂ ᠲᠦᠩᠯᠢᠶᠣᠣ ᠬᠤᠲᠠ᠎ᠶ᠋ᠢᠨ ᠮᠣᠩᠭᠤᠯ ᠡᠮᠨᠡᠯᠭᠡ᠎ᠶ᠋ᠢᠨ ᠶᠠᠰᠤ ᠪᠠᠷᠢᠬᠤ ᠡᠮᠨᠡᠯᠭᠡ᠎ᠶ᠋ᠢᠨ ᠬᠤᠷᠢᠶ᠎ᠠ᠎ᠶ᠋ᠢᠨ 2015 ᠣᠨ᠎ᠳᠤ ᠱᠢᠨ᠎ᠡ᠎ᠪᠠᠷ ᠪᠠᠢᠭᠤᠯᠤᠭ᠍ᠰᠠᠨ 1324.71 ᠲᠡᠭ᠌ᠰᠢ ᠳᠥᠷᠪᠡᠯᠵᠢᠨ ᠮᠧᠲᠷ᠎ᠤᠨ ᠮᠣᠩᠭᠤᠯ ᠡᠮ ᠨᠠᠢᠷᠠᠬᠤ ᠠᠰᠠᠷ᠎ᠢ ᠠᠱᠢᠭ᠍ᠯᠠᠯᠲᠠ᠎ᠳᠤ ᠣᠷᠣᠭᠤᠯᠤᠭ᠍ᠰᠠᠨ ᠪᠥᠭᠡᠳ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢᠯᠠᠰ᠎ᠤᠨ ᠬᠢᠨᠠᠯᠳᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠠᠬᠢᠨᠲᠠ ᠡᠮ ᠨᠠᠢᠷᠠᠬᠤ ᠪᠠᠢᠭᠤᠯᠤᠮᠵᠢ᠎ᠶ᠋ᠢᠨ GPP ᠱᠢᠯᠭᠠᠨ ᠪᠠᠢᠴᠠᠭᠠᠯᠲᠠ᠎ᠳᠤ ᠬᠢᠷᠢ ᠲᠡᠩᠴᠡᠭ᠌ᠰᠡᠨ ᠪᠠᠢᠨ᠎ᠠ᠃ ᠮᠣᠩᠭᠤᠯ ᠡᠮᠨᠡᠯᠭᠡ᠎ᠶ᠋ᠢᠨ ᠬᠤᠷᠢᠶ᠎ᠠ ᠵᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ 7《ᠬᠢᠳᠡᠳ ᠮᠣᠩᠭᠤᠯ ᠡᠮ ᠡᠮᠨᠡᠯᠭᠡ ᠵᠢᠨ ᠬᠤᠷᠢᠶ᠎ᠠ》ᠵᠢᠨ ᠪᠦᠲᠦᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ ᠮᠣᠩᠭᠤᠯ ᠡᠮᠨᠡᠯᠭᠡ᠎ᠶ᠋ᠢᠨ ᠶᠠᠰᠤ ᠪᠠᠷᠢᠬᠤ ᠡᠮᠨᠡᠯᠭᠡ᠎ᠶ᠋ᠢᠨ ᠬᠤᠷᠢᠶ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠩᠬᠠᠨ᠎ᠤ ᠪᠦᠯᠦᠭ ᠬᠢᠳᠡᠳ ᠮᠣᠩᠭᠤᠯ ᠡᠮᠨᠡᠯᠭᠡ᠎ᠶ᠋ᠢᠨ ᠨᠠᠷᠠᠲᠤ ᠡᠮᠨᠡᠯᠭᠡ᠎ᠶ᠋ᠢᠨ ᠬᠤᠷᠢᠶ᠎ᠠ᠎ᠪᠠᠷ ᠦᠨᠡᠯᠡᠨ ᠲᠣᠭ᠍ᠲᠠᠭᠠᠵᠤ᠂ ᠮᠣᠩᠭᠤᠯ ᠡᠮᠨᠡᠯᠭᠡ᠎ᠶ᠋ᠢᠨ ᠶᠠᠰᠤ ᠪᠠᠷᠢᠬᠤ ᠡᠮᠨᠡᠯᠭᠡ᠎ᠶ᠋ᠢᠨ ᠬᠤᠷᠢᠶ᠎ᠠ᠎ᠶ᠋ᠢ《ᠠᠮᠢ ᠠᠬᠤᠢ᠎ᠶ᠋ᠢᠨ ᠤᠭ ᠭᠠᠷᠤᠯᠲᠠ᠎ᠶ᠋ᠢᠨ ᠣᠷᠣᠨ᠎ᠤ ᠪᠦᠲᠦᠭᠡᠭ᠌ᠳᠡᠬᠦᠨ᠎ᠤ ᠬᠠᠮᠠᠭᠠᠯᠠᠯᠲᠠ᠎ᠶ᠋ᠢᠨ ᠨᠢᠭᠡᠴᠢ》 ᠳ᠋ᠤ ᠵᠢᠭ᠍ᠰᠠᠭᠠᠨ ᠣᠷᠣᠭᠤᠯᠪᠠ᠃

ᠦᠨᠳᠦᠰᠦᠨ ᠱᠠᠲᠤᠨ᠎ᠤ ᠦᠢᠯᠡᠴᠢᠯᠡᠭᠡᠨ᠎ᠤ ᠲᠦᠪᠱᠢᠨ᠎ᠢ ᠲᠡᠭᠡᠭ᠌ᠰᠢᠯᠡᠬᠦᠯᠪᠡ᠃ 《ᠦᠨᠳᠦᠰᠦᠨ ᠱᠠᠲᠤᠨ᠎ᠳᠤ ᠴᠢᠨᠠᠷ ᠰᠠᠢᠲᠠᠢ ᠦᠢᠯᠡᠴᠢᠯᠡᠬᠦ᠌ ᠠᠶᠠᠯᠠᠯ》ᠤ᠋ᠨ ᠠᠵᠢᠯᠯᠠᠭ᠎ᠠ᠎ᠶ᠋ᠢ ᠥᠷᠨᠢᠭᠦᠯᠵᠦ᠍᠂ ᠣᠷᠣᠨ ᠪᠦᠰᠡ᠎ᠶ᠋ᠢᠨ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠲᠠᠪᠴᠠᠩ᠎ᠢ ᠠᠱᠢᠭ᠍ᠯᠠᠨ᠂ ᠬᠢᠳᠡᠳ ᠮᠣᠩᠭᠤᠯ ᠡᠮᠨᠡᠯᠭᠡ᠎ᠶ᠋ᠢᠨ ᠭᠤᠤᠯᠯᠠᠬᠴᠢ ᠡᠮᠴᠢ᠎ᠶ᠋ᠢ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠳᠤ ᠲᠣᠮᠢᠯᠠᠨ ᠰᠠᠭᠤᠯᠭᠠᠵᠤ ᠡᠮᠨᠡᠭᠦᠯᠬᠦ᠂ ᠳᠠᠭᠠᠭᠤᠯᠤᠨ ᠰᠤᠷᠭᠠᠵᠤ ᠡᠪᠡᠳᠴᠢᠳᠡᠨ᠎ᠤ ᠦᠷᠦᠭᠡ᠎ᠪᠠᠷ ᠪᠠᠢᠴᠠᠭᠠᠬᠤ ᠵᠡᠷᠭᠡ ᠣᠯᠠᠨ ᠵᠦᠢᠯ᠎ᠤᠨ ᠬᠡᠯᠪᠡᠷᠢ ᠮᠠᠶᠢᠭ᠎ᠤᠨ ᠬᠠᠪᠰᠤᠷᠤᠨ ᠲᠡᠳᠬᠦᠬᠦ᠌ ᠠᠵᠢᠯ ᠦᠷᠨᠢᠭᠦᠯᠪᠡ᠃ ᠬᠢᠳᠡᠳ ᠮᠣᠩᠭᠤᠯ ᠡᠮ ᠡᠮᠨᠡᠯᠭᠡ᠎ᠶ᠋ᠢᠨ ᠲᠣᠬᠢᠷᠠᠬᠤ ᠮᠡᠷᠭᠡᠵᠢᠯ᠎ᠤᠨ ᠪᠣᠯᠪᠠᠰᠤᠷᠠᠭᠤᠯᠤᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ ᠪᠠ ᠭᠠᠴᠠᠭ᠎ᠠ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠬᠠᠪᠰᠤᠷᠤᠨ ᠬᠢᠳᠡᠳ ᠮᠣᠩᠭᠤᠯ ᠡᠮ ᠡᠮᠨᠡᠯᠭᠡ ᠎ᠶ᠋ᠢᠨ ᠲᠤᠰᠭᠠᠢ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠪᠡ᠃ 《ᠨᠠᠷᠠᠲᠤ ᠡᠮᠴᠢ᠎ᠶ᠋ᠢᠨ ᠠᠵᠢᠯᠯᠠᠬᠤ ᠲᠠᠰᠤᠭ》ᠤ᠋ᠨ ᠪᠦᠲᠦᠭᠡᠨ ᠪᠠᠢᠭᠤᠯᠤᠯᠲᠠ᠎ᠶ᠋ᠢ ᠶᠡᠬᠡ ᠪᠡᠷ ᠬᠥᠭ᠌ᠵᠢᠭᠦᠯᠵᠦ᠍᠂ ᠣᠲᠣ ᠪᠥᠬᠦ᠌ ᠬᠤᠱᠢᠭᠤᠨ᠎ᠳᠤ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠠᠷᠠᠲᠤ ᠠᠬᠠᠮᠠᠳ ᠮᠣᠩᠭᠤᠯ ᠡᠮᠴᠢ᠎ᠶ᠋ᠢᠨ ᠤᠯᠠᠮᠵᠢᠯᠠᠨ ᠵᠠᠯᠭᠠᠮᠵᠢᠯᠠᠬᠤ ᠠᠵᠢᠯᠯᠠᠬᠤ ᠲᠠᠰᠤᠭ ᠎ᠢ 2 ᠪᠠᠢᠭᠤᠯᠪᠠ᠃                       

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号