ᠬᠦᠬᠡᠬᠤᠳᠠ ᠪᠤᠭᠤᠮᠳᠠ᠄ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠵᠢᠡᠨ ᠰᠢᠯᠢᠳᠡᠭᠵᠢᠭᠦᠯᠤᠨ ᠭᠠᠳᠠᠭᠠᠳᠤ ᠠᠷᠠᠯᠵᠢᠶᠠᠨ ᠤ᠋ ᠲᠣᠭ᠍ᠲᠠᠭᠤᠨ ᠪᠠᠢᠳᠠᠯ ᠢ᠋ ᠪᠠᠲᠤᠯᠠᠵᠤ ᠶᠠᠰᠤ ᠴᠢᠨᠠᠷ ᠢ᠋ ᠳᠡᠭᠡᠭ᠌ᠰᠢᠯᠡᠭᠦᠯᠬᠦ ᠳ᠋ᠤ ᠬᠦᠴᠦᠨ ᠨᠡᠮᠡᠷᠢᠯᠡᠨ᠎ᠡ
2022-05-17 09:18:33
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠎ᠳᠤ ᠂ ᠦᠪᠡᠷᠲᠡᠭᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠡᠨ ᠭᠡᠷ ᠡᠴᠡ ᠡᠷᠬᠢᠯᠡᠭᠰᠡᠨ ᠬᠦᠬᠡᠬᠤᠲᠠ ᠪᠤᠭᠤᠮᠲᠠ ᠵᠢᠨ 2022ᠤᠨ ᠤ᠋《ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠵᠢᠡᠨ ᠰᠢᠯᠢᠳᠡᠭᠵᠢᠭᠦᠯᠤᠨ ᠭᠠᠳᠠᠭᠠᠳᠤ ᠠᠷᠠᠯᠵᠢᠶᠠᠨ ᠤ᠋ ᠲᠣᠭ᠍ᠲᠠᠭᠤᠨ ᠪᠠᠢᠳᠠᠯ ᠢ᠋ ᠪᠠᠲᠤᠯᠠᠵᠤ ᠶᠠᠰᠤ ᠴᠢᠨᠠᠷ ᠢ᠋ ᠳᠡᠭᠡᠭ᠌ᠰᠢᠯᠡᠭᠦᠯᠬᠦ ᠳ᠋ᠤ ᠬᠦᠴᠦᠨ ᠨᠡᠮᠡᠷᠢᠯᠡᠬᠦ》ᠰᠤᠨᠢᠨ ᠮᠡᠳᠡᠭᠡ ᠨᠡᠢᠲᠡᠯᠡᠬᠦ ᠬᠤᠷᠠᠯ ᠬᠦᠬᠡᠬᠤᠲᠠ ᠳ᠋ᠤ ᠶᠠᠪᠤᠭᠳᠠᠪᠠ᠃

ᠬᠤᠷᠠᠯ ᠳ᠋ᠤ ᠬᠦᠬᠡᠬᠤᠲᠠ ᠪᠤᠭᠤᠮᠲᠠ ᠵᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠵᠢᠴᠢ ᠮᠡᠳᠡᠭᠡ ᠵᠠᠭᠤᠴᠢᠯᠠᠭᠤᠷ ᠤ᠋ᠨ ᠬᠢᠨ ᠤᠷᠤᠯᠴᠠᠵᠤ᠂ ᠭᠤᠤᠯᠳᠠᠭᠤ ᠬᠦᠬᠡᠬᠤᠲᠠ ᠪᠤᠭᠤᠮᠲᠠ ᠵᠢᠨ ᠡᠨᠡ ᠵᠢᠯ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠵᠢᠡᠨ ᠰᠢᠯᠢᠳᠡᠭᠵᠢᠭᠦᠯᠬᠦ ᠳ᠋ᠤ ᠠᠪᠤᠭᠰᠠᠨ ᠠᠯᠢ ᠤᠯᠠᠨ ᠠᠷᠭ᠎ᠠ ᠬᠡᠮᠵᠢᠶ᠎ᠠ ᠪᠠ ᠬᠦᠬᠡᠬᠤᠲᠠ ᠪᠤᠭᠤᠮᠲᠠ ᠵᠢᠨ ᠭᠠᠳᠠᠭᠠᠳᠤ ᠠᠷᠠᠯᠵᠢᠶ᠎ᠠ ᠳ᠋ᠤ ᠦᠢᠯᠡᠴᠢᠯᠡᠬᠦ ᠂ ᠦᠭᠡᠷᠡᠴᠢᠯᠡᠯᠲᠡ ᠶ᠋ᠢ ᠭᠦᠨᠵᠡᠭᠡᠢᠷᠡᠭᠦᠯᠵᠤ ᠰᠢᠨ᠎ᠠ ᠶ᠋ᠢ ᠡᠭᠦᠳᠬᠦ᠂ ᠪᠤᠭᠤᠮᠲᠠ ᠪᠡᠷ ᠦᠩᠭᠡᠷᠡᠬᠦ ᠶᠠᠪᠤᠴᠠ ᠶ᠋ᠢ ᠰᠢᠯᠢᠳᠡᠭᠵᠢᠬᠦᠯᠬᠦ᠂ ᠭᠠᠳᠠᠭᠠᠳᠤ ᠠᠷᠠᠯᠵᠢᠶᠠᠨ ᠤ᠋ ᠲᠣᠭ᠍ᠲᠠᠭᠤᠨ ᠪᠠᠢᠳᠠᠯ ᠢ᠋ ᠪᠠᠲᠤᠯᠠᠵᠤ ᠶᠠᠰᠤ ᠴᠢᠨᠠᠷ ᠢ᠋ ᠳᠡᠭᠡᠭ᠌ᠰᠢᠯᠡᠭᠦᠯᠬᠦ ᠳ᠋ᠤ ᠤᠯᠤᠭᠰᠠᠨ ᠠᠮᠵᠢᠯᠲᠠ ᠪᠦᠲᠦᠮᠵᠢ ᠶ᠋ᠢ ᠲᠠᠨᠢᠯᠴᠠᠭᠤᠯᠤᠭᠰᠠᠨ ᠪᠠᠢᠨ᠎ᠠ᠃

ᠬᠥᠬᠡᠬᠣᠲᠠ ᠪᠣᠭᠣᠮᠲᠠ ᠪᠥᠬᠥ᠌ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠶᠡᠬᠡ ᠬᠤᠷᠠᠯ ᠤ᠋ᠨ ᠵᠣᠷᠢᠭ ᠰᠠᠨᠠᠭ᠎ᠠ ᠪᠠ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠱᠠᠭᠠᠷᠳᠠᠯᠭ᠎ᠠ ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ ᠂ ᠪᠣᠭᠣᠮᠲᠠ ᠵᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠶ᠋ᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ 3.0 ᠬᠡᠪᠯᠡᠯ᠎ᠦᠨ ᠠᠵᠢᠯ ᠤ᠋ᠨ ᠡᠭᠦᠷᠭᠡ ᠶ᠋ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ ᠶ᠋ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠪᠦᠷᠢᠳᠭᠡᠯ ᠢ᠋ ᠦᠨᠳᠦᠰᠦᠯᠡᠪᠡᠯ᠂ ᠡᠨᠡ ᠵᠢᠯ ᠤ᠋ᠨ ᠲᠦᠷᠦᠭᠦᠦ 4 ᠰᠠᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠭᠠᠳᠠᠭᠠᠳᠤ᠎ᠠᠴᠠ ᠣᠷᠣᠭᠤᠯᠵᠤ ᠭᠠᠳᠠᠭᠠᠳᠤ ᠳ᠋ᠤ ᠭᠠᠷᠭᠠᠭ᠍ᠰᠠᠨ ᠶᠡᠷᠦᠩᠬᠡᠶ ᠥᠷᠲᠡᠭ 414.9 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ᠎ᠡᠴᠡ 7.4% ᠪᠠᠷ ᠨᠡᠮᠡᠭ᠌ᠳᠡᠪᠠ᠃  ᠬᠢᠵᠢᠭ᠎ᠦᠨ ᠪᠠᠢᠳᠠᠯ ᠳᠤᠤᠷ᠎ᠠ ᠬᠥᠬᠡᠬᠣᠲᠠ ᠪᠣᠭᠣᠮᠲᠠ 《 ᠵᠢᠷᠭᠤᠭ᠎ᠠ ᠶ᠋ᠢ ᠲᠣᠭ᠍ᠲᠠᠪᠤᠷᠢᠵᠢᠭᠤᠯᠬᠤ》᠂《ᠵᠢᠷᠭᠤᠭ᠎ᠠ ᠶ᠋ᠢ ᠪᠠᠲᠤᠯᠠᠬᠤ》 ᠪᠠᠢᠷᠢᠯᠠᠭᠤᠯᠤᠯᠲᠠ ᠶ᠋ᠢ ᠡᠷᠡᠰ ᠨᠠᠢᠳᠠᠪᠤᠷᠢᠵᠢᠭᠤᠯᠵᠤ ᠂ 《 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠂ ᠪᠣᠭᠣᠮᠲᠠ ᠵᠢᠨ 〈ᠳᠠᠬᠢᠨ〉 ᠠᠵᠢᠯᠯᠠᠭ᠎ᠠ᠎ᠬᠢᠬᠦ 》 ᠲᠤᠰᠭᠠᠶ ᠠᠵᠢᠯᠯᠠᠭ᠎ᠠ ᠶ᠋ᠢ ᠯᠠᠪᠳᠠᠭᠤᠨ ᠪᠠᠲᠤᠲᠠᠶ ᠥᠷᠨᠢᠭᠦᠯᠤᠨ᠂ 《ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠨᠠᠩ ᠱᠢᠯᠢᠳᠡᠭ᠌ᠵᠢᠭᠦᠯᠦᠨ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ ᠳ᠋ᠤ ᠦᠶ᠋ᠯᠡᠴᠢᠯᠡᠬᠦ᠌ ᠠᠵᠢᠯᠯᠠᠭᠠᠨ ᠤ᠋ ᠲᠥᠰᠦᠯ》ᠢ᠋ ᠨᠠᠢᠳᠠᠪᠤᠷᠢᠵᠢᠭᠤᠯᠬᠤ 26 ᠵᠤᠷᠪᠤᠰ ᠨᠠᠷᠢᠯᠢᠬ᠍ᠵᠢᠭᠤᠯᠤᠭ᠍ᠰᠠᠨ ᠠᠷᠭ᠎ᠠ ᠬᠡᠮᠵᠢᠶ᠎ᠡ ᠶ᠋ᠢ ᠨᠡᠢᠲᠡᠯᠡᠨ᠂ ᠪᠣᠭᠣᠮᠲᠠ ᠪᠡᠷ ᠥᠩᠭᠡᠷᠡᠬᠦ᠌ ᠬᠢᠨᠠᠯᠲᠠ ᠬᠠᠮᠢᠶᠠᠷᠤᠯᠲᠠ ᠵᠢᠨ ᠬᠡᠯᠬᠢᠶ᠎ᠡ ᠶ᠋ᠢ ᠢᠳᠡᠪᠬᠢᠲᠡᠶ ᠱᠢᠯᠢᠳᠡᠭ᠌ᠵᠢᠭᠦᠯᠦᠨ᠂ ᠲᠥᠷᠥ ᠵᠢᠨ ᠪᠣᠳᠣᠯᠭ᠎ᠠ ᠵᠢᠨ ᠠᠱᠢᠭ ᠢ᠋ ᠣᠨᠣᠪᠴᠢᠲᠠᠶ᠎ᠪᠠᠷ ᠪᠠᠳᠠᠷᠠᠭᠤᠯᠵᠤ᠂ ᠪᠣᠭᠣᠮᠲᠠ ᠵᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠦᠷᠭᠦᠯᠵᠢᠯᠡᠨ ᠱᠢᠯᠢᠳᠡᠭ᠌ᠵᠢᠭᠦᠯᠵᠦ ᠂ ᠡᠯ᠎ᠡ ᠵᠦᠶ᠋ᠯ᠎ᠦᠨ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠤᠨ ᠨᠠᠷᠢᠯᠢᠬ᠍ᠵᠢᠭᠤᠯᠬᠤ ᠠᠵᠢᠯ ᠢ᠋ ᠰᠠᠢᠲᠤᠷ ᠠᠳᠭᠤᠵᠤ᠂ ᠬᠢᠯᠢ ᠰᠤᠨᠳᠠᠯᠠᠭᠰᠠᠨ ᠠᠷᠠᠯᠵᠢᠶ᠎ᠡ ᠤᠯᠠᠮ ᠳᠦᠭᠦᠮ ᠳᠦᠳᠡ ᠪᠤᠯᠵᠤ ᠰᠢᠨ᠎ᠡ ᠨᠢᠭᠡᠨ ᠳᠡᠭᠲᠡᠷ ᠲᠤ᠌ ᠭᠠᠷᠬᠤ ᠳ᠋ᠤ ᠬᠦᠴᠦᠨ ᠨᠡᠮᠡᠷᠢᠯᠡᠬᠦ ᠵᠢᠨ ᠬᠠᠮᠲᠤ᠂ ᠣᠢᠷ᠎ᠠ ᠵᠢᠨ ᠬᠤᠭᠤᠴᠠᠭᠠᠨ ᠳ᠋ᠤ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠳᠠᠷᠤᠮᠠᠯᠯᠠᠨ ᠲᠠᠷᠬᠠᠭᠠᠭ᠍ᠰᠠᠨ ᠭᠠᠳᠠᠭᠠᠳᠤ ᠠᠷᠠᠯᠵᠢᠶᠠᠨ ᠤ᠋ ᠲᠣᠭ᠍ᠲᠠᠭᠤᠨ ᠪᠥᠭᠡᠳ ᠴᠢᠨᠠᠷ ᠰᠠᠢᠲᠠᠶ ᠪᠠᠢᠬᠤ ᠶ᠋ᠢ ᠠᠬᠢᠭᠤᠯᠬᠤ ᠲᠤᠬᠠᠶ 10 ᠵᠦᠶ᠋ᠯ᠎ᠦᠨ ᠠᠷᠭ᠎ᠠ ᠬᠡᠮᠵᠢᠶ᠎ᠡ᠎ᠳᠦ ᠴᠢᠭ᠌ᠯᠡᠭᠦᠯᠦᠨ᠂ ᠬᠥᠬᠡᠬᠣᠲᠠ ᠪᠣᠭᠣᠮᠲᠠ ᠶᠠᠭ ᠪᠠᠢᠴᠠᠭᠠᠨ ᠰᠤᠳᠤᠯᠤᠯᠲᠠ ᠪᠠ ᠵᠠᠳᠠᠯᠤᠯᠲᠠ ᠶ᠋ᠢ ᠥᠷᠭᠡᠨ ᠵᠢᠡᠷ ᠥᠷᠨᠢᠭᠦᠯᠵᠦ᠍᠂ ᠨᠠᠩ ᠨᠠᠷᠢᠯᠢᠭ ᠪᠣᠳᠠᠲᠠᠶ ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠪᠡᠷ ᠭᠠᠳᠠᠭᠠᠳᠤ ᠠᠷᠠᠯᠵᠢᠶᠠᠨ ᠤ᠋ ᠲᠣᠭ᠍ᠲᠠᠭᠤᠨ ᠪᠥᠭᠡᠳ ᠴᠢᠨᠠᠷ ᠰᠠᠢᠲᠠᠶ ᠪᠠᠢᠬᠤ ᠶ᠋ᠢ ᠠᠬᠢᠭᠤᠯᠵᠤ ᠪᠤᠢ᠃

ᠤᠳᠤᠬᠠᠨ ᠪᠤᠯᠲᠠᠯ᠎ᠠ ᠬᠦᠬᠡᠬᠤᠲᠠ ᠪᠤᠭᠤᠮᠲᠠ ᠨᠢᠭᠡᠨᠲᠡ ᠠᠷᠠᠳ᠎ᠲᠤ ᠲᠥᠬᠥᠮ ᠦᠵᠡᠭᠦᠯᠵᠤ ᠠᠵᠤ ᠠᠬᠤᠢᠯᠠᠯ ᠳ᠋ᠤ ᠠᠱᠢᠭ ᠬᠦᠷᠲᠡᠭᠡᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠵᠢᠨ ᠠᠮᠢᠵᠢᠷᠠᠯ ᠤ᠋ᠨ ᠬᠦᠴᠦᠨ ᠢ᠋ ᠤᠯᠠᠮ ᠬᠥᠭ᠌ᠵᠢᠭᠡᠬᠦ᠂ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠬᠦ᠌ ᠶ᠋ᠢ ᠭᠦᠨᠵᠡᠭᠡᠢᠷᠡᠭᠦᠯᠤᠨ᠂ ᠪᠣᠭᠣᠮᠲᠠ ᠪᠡᠷ ᠥᠩᠭᠡᠷᠡᠬᠦ᠌ ᠬᠢᠨᠠᠯᠲᠠ ᠬᠠᠮᠢᠶᠠᠷᠤᠯᠲᠠ ᠵᠢᠨ ᠬᠡᠯᠬᠢᠶ᠎ᠡ ᠶ᠋ᠢ ᠤᠯᠠᠮ ᠱᠢᠯᠢᠳᠡᠭ᠌ᠵᠢᠭᠦᠯᠬᠦ᠂ ᠦᠶ᠋ᠯᠡᠴᠢᠯᠡᠭᠡᠨ᠎ᠦ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠵᠦ᠍ ᠂ ᠪᠣᠭᠣᠮᠲᠠ ᠵᠢᠨ ᠪᠠᠷᠠᠭᠠᠨ ᠤ᠋ ᠭᠦᠶ᠋ᠯᠭᠡᠭᠡ ᠵᠢᠨ ᠨᠡᠪᠲᠡᠷᠡᠬᠦ᠌ ᠵᠠᠮ ᠢ᠋ ᠤᠯᠠᠮ  ᠱᠢᠯᠤᠭᠤᠳᠭᠠᠬᠤ᠂ ᠲᠠᠪᠴᠠᠩ ᠤ᠋ᠨ ᠪᠠᠢᠭᠤᠯᠤᠯᠲᠠ ᠪᠡᠷ ᠳᠠᠮᠵᠢᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ ᠶ᠋ᠢ ᠤᠯᠠᠮ ᠠᠬᠢᠭᠤᠯᠬᠤ᠂ ᠭᠠᠳᠠᠭᠠᠳᠤ ᠭᠠᠷᠭᠠᠯᠲᠠ ᠶ᠋ᠢ ᠦᠷᠭᠦᠯᠵᠢᠯᠡᠨ ᠥᠷᠭᠡᠳᠭᠡᠵᠤ ᠂ ᠥᠪᠡᠷᠲᠡᠭᠡᠨ ᠵᠠᠰᠠᠬᠤ ᠣᠷᠣᠨ ᠤ᠋ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠶ᠋ᠢ ᠤᠯᠠᠮ ᠳᠡᠮᠵᠢᠬᠦ᠌ ᠵᠡᠷᠭᠡ ᠠᠷᠭ᠎ᠠ ᠬᠡᠮᠵᠢᠶ᠎ᠡ ᠶ᠋ᠢ ᠠᠪᠤᠭᠰᠠᠨ ᠪᠦᠭᠡᠳ ᠲᠠᠷᠠᠭᠠᠴᠢ ᠵᠢᠨ ᠠᠯᠬᠤᠮ ᠳ᠋ᠤ  ᠦᠷᠭᠦᠯᠵᠢᠯᠡᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠂ ᠢᠳᠡᠪᠬᠢᠲᠡᠶ ᠠᠵᠢᠯᠯᠠᠬᠤ᠂ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠪᠣᠭᠣᠮᠲᠠ ᠵᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌᠎ᠪᠡᠷ ᠭᠤᠤᠯ ᠱᠢᠵᠢᠮ ᠪᠣᠯᠭᠠᠨ᠂ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠶ᠋ᠢ ᠤᠶᠠᠯᠳᠤᠭᠤᠯᠬᠤ ᠶ᠋ᠢ ᠰᠠᠢᠲᠤᠷ ᠬᠡᠷᠡᠭ᠌ᠵᠢᠭᠦᠯᠵᠦ᠍᠂ ᠪᠣᠭᠣᠮᠲᠠ ᠵᠢᠨ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠤᠤᠰ ᠣᠷᠴᠢᠯ ᠳ᠋ᠤ ᠪᠠᠢᠭ᠎ᠠ 《ᠠᠭᠤᠯᠵᠠᠷ ᠬᠦᠶ᠋ᠰᠦ》 ᠵᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠭᠠᠳᠠᠭᠠᠳᠤ ᠠᠷᠠᠯᠵᠢᠶᠠᠨ ᠤ᠋ ᠭᠤᠤᠯ ᠴᠣᠭ᠍ᠴᠠ ᠵᠢᠨ ᠠᠮᠢᠵᠢᠷᠠᠯ ᠤ᠋ᠨ ᠬᠦᠴᠦᠨ ᠢ᠋ ᠲᠠᠰᠤᠷᠠᠯᠲᠠ ᠥᠬᠡᠶ ᠬᠥᠭ᠌ᠵᠢᠭᠡᠵᠦ᠍᠂ ᠥᠪᠡᠷᠲᠡᠭᠡᠨ ᠵᠠᠰᠠᠬᠤ ᠣᠷᠣᠨ ᠤ᠋ ᠭᠠᠳᠠᠭᠠᠳᠤ ᠠᠷᠠᠯᠵᠢᠶᠠᠨ ᠤ᠋ ᠲᠣᠭ᠍ᠲᠠᠭᠤᠨ ᠢ᠋ ᠪᠠᠲᠤᠯᠠᠵᠤ ᠶᠠᠰᠤ ᠴᠢᠨᠠᠷ ᠢ᠋ ᠳᠡᠭᠡᠭ᠌ᠰᠢᠯᠡᠭᠦᠯᠬᠦ ᠳ᠋ᠤ ᠦᠷᠭᠦᠯᠵᠢᠯᠡᠨ ᠱᠢᠨ᠎ᠡ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号