3 ᠰᠠᠷ᠎ᠠ᠎ᠶ᠋ᠢᠨ 26 ᠤ᠋ ᠡᠳᠦᠷ ᠡᠴᠡ 4 ᠰᠠᠷ᠎ᠠ᠎ᠶ᠋ᠢᠨ 28 ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ 》 ᠭᠡᠵᠦ᠍ ᠳᠥᠭᠥᠮᠴᠢᠯᠡᠨ᠎ᠡ)᠎ᠡᠴᠡ ᠮᠠᠨ᠎ᠤ ᠣᠷᠣᠨ᠎ᠳᠤ 33 ᠪᠦᠯᠦᠭ ᠨᠡᠢ᠌ᠳᠡ 2825 ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ ᠪᠥᠬᠥ᠌ ᠣᠷᠣᠨ᠎ᠵᠢᠡᠷ ᠵᠢᠡᠨ ᠬᠤᠷᠢᠨ ᠨᠠᠢ᠍ᠮᠠᠳᠤᠭᠠᠷ ᠪᠦᠯᠦᠭ᠎ᠦᠨ 93 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 51 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 30 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 12 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 5 ᠡᠷᠦᠭᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 1 ᠬᠡᠷᠡᠭ ᠢ᠋ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 10 ᠲᠦᠮᠡᠨ ᠲᠥᠭᠥᠷᠢᠭᠪᠠᠢᠵᠤ᠂ 2 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠪᠠ᠃
4 ᠰᠠᠷ᠎ᠠ᠎ᠶ᠋ᠢᠨ 30 ᠤ᠋ ᠡᠳᠦᠷ ᠪᠣᠯᠲᠠᠯ᠎ᠠ᠂ ᠪᠥᠬᠥ᠌ ᠣᠷᠣᠨ᠎ᠵᠢᠡᠷ ᠵᠢᠡᠨ 1— 28 ᠳ᠋ᠤᠭᠠᠷ ᠪᠦᠯᠦᠭ ᠤ᠋ᠨ 2402 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 1017 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 824 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 561 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 872 ᠡᠷᠦᠬᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 126᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 938.0793 ᠲᠦᠮᠡᠨ ᠲᠥᠭᠥᠷᠢᠭᠪᠠᠢᠵᠤ᠂ 45 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 13 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 73 ᠬᠥᠮᠦᠨ᠎ᠲᠡᠶ ᠪᠣᠯᠵᠣᠨ ᠶᠠᠷᠢᠯᠴᠠᠵᠤ᠂ 72 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃
ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

ᠬᠤᠷᠢᠨ ᠨᠠᠢ᠍ᠮᠠᠳᠤᠭᠠᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ᠃