ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳ᠋ᠤ ᠰᠢᠢᠳᠪᠦᠷᠢᠯᠡᠭᠦᠯᠬᠦ ᠪᠡᠷ ᠲᠤᠰᠢᠶᠠᠭᠰᠠᠨ ᠬᠤᠷᠢ ᠶᠢᠰᠦᠳᠦᠭᠡᠷ ᠪᠦᠯᠦᠭ᠎ᠦᠨ 128 ᠬᠤᠪᠢ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠭᠦᠢᠴᠡᠳᠭᠡᠭᠰᠡᠨ ᠪᠠᠢᠳᠠᠯ
2022-05-04 20:06:33
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 26 ᠤ᠋ ᠡᠳᠦᠷ ᠡᠴᠡ 4 ᠰᠠᠷ᠎ᠠ᠎ᠶ᠋ᠢᠨ 28 ᠎ᠤ᠋ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ) ᠡᠴᠡ ᠮᠠᠨ᠎ᠤ ᠣᠷᠣᠨ᠎ᠳᠤ 33 ᠪᠦᠯᠦᠭ ᠨᠡᠢ᠌ᠳᠡ 2825 ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ ᠪᠥᠬᠥ᠌ ᠣᠷᠣᠨ᠎ᠵᠢᠡᠷ ᠵᠢᠡᠨ ᠬᠤᠷᠢ ᠶᠢᠰᠦᠳᠦᠭᠡᠷ ᠪᠦᠯᠦᠭ᠎ᠦᠨ 128 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 67 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 38 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 23 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 18 ᠡᠷᠦᠭᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 2 ᠬᠡᠷᠡᠭ ᠢ᠋ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 3 ᠲᠦᠮᠡᠨ ᠲᠥᠭᠥᠷᠢᠭ᠎ᠪᠠᠢᠵᠤ᠂ 7 ᠬᠥᠮᠦᠨ᠎ᠲᠡᠶ ᠪᠣᠯᠵᠣᠨ ᠶᠠᠷᠢᠯᠴᠠᠪᠠ᠃

5 ᠰᠠᠷ᠎ᠠ᠎ᠶ᠋ᠢᠨ 1 ᠎ᠤ᠋ ᠡᠳᠦᠷ ᠪᠣᠯᠲᠠᠯ᠎ᠠ᠂ ᠪᠥᠬᠥ᠌ ᠣᠷᠣᠨ᠎ᠵᠢᠡᠷ ᠵᠢᠡᠨ 1 — 29 ᠳ᠋ᠤᠭᠡᠷ ᠪᠦᠯᠦᠭ ᠤ᠋ᠨ 2530 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠦ ᠪᠤᠢ᠂ ᠡᠭᠦᠨ᠎ᠳᠦ 1090 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 859 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 581 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ᠂ 890 ᠡᠷᠦᠬᠡ᠎ᠶ᠋ᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 138᠎ᠶ᠋ᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠂ ᠵᠣᠭᠣᠰ ᠵᠢᠡᠷ ᠲᠤᠷᠭᠠᠭᠰᠠᠨ ᠮᠦᠩᠭᠦᠨ ᠤ᠋ ᠲᠣᠭ᠎ᠠ ᠨᠢ 1031.0705 ᠲᠦᠮᠡᠨ ᠲᠥᠭᠥᠷᠢᠭ᠎ᠪᠠᠢᠵᠤ᠂ 45 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 13 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠵᠤ᠂ 80 ᠬᠥᠮᠦᠨ᠎ᠲᠡᠶ ᠪᠣᠯᠵᠣᠨ ᠶᠠᠷᠢᠯᠴᠠᠵᠤ᠂ 72 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃

ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

ᠬᠤᠷᠢ ᠶᠢᠰᠦᠳᠦᠭᠡᠷ ᠪᠦᠯᠦᠭ ᠤ᠋ᠨ ᠪᠦᠬᠦ ᠬᠡᠷᠡᠭ ᠢ᠋ ᠭᠦᠢᠴᠡᠳᠭᠡᠭᠰᠡᠨ ᠪᠠᠢᠳᠠᠯ ᠢ᠋ ᠤᠢᠯᠠᠭᠠᠶ᠎ᠠ ᠬᠡᠪᠡᠯ ᠬᠤᠶᠠᠷ ᠬᠡᠮᠵᠢᠯᠳᠤ ᠺᠤᠳ᠋ ᠢ᠋ ᠰᠢᠷᠪᠢᠬᠡᠷᠡᠢ᠃


QQ截图20220504200754.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号