3 ᠰᠠᠷ᠎ᠠ᠎ᠶ᠋ᠢᠨ 26᠎ᠤ᠋ ᠡᠳᠤᠷ ᠡᠴᠡ 4 ᠰᠠᠷ᠎ᠠ᠎ᠶ᠋ᠢᠨ 28 ᠤ᠋ ᠡᠳᠦᠷ ᠪᠣᠯᠲᠠᠯ᠎ᠠ᠂ ᠲᠥᠪ ᠦᠨ ᠠᠮᠢ ᠠᠬᠤᠢ ᠣᠷᠴᠢᠨ
ᠲᠣᠭᠣᠷᠢᠨ᠎ᠤ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ ᠦᠨ ᠱᠠᠯᠠᠪᠳᠠᠭᠤᠯᠤᠨ ᠪᠠᠢᠴᠠᠭᠠᠬᠤ
ᠳᠤᠭᠤᠢᠯᠠᠩ》 ᠭᠡᠵᠦ᠍ ᠳᠥᠭᠥᠮᠴᠢᠯᠡᠨ᠎ᠡ ) ᠡᠴᠡ ᠮᠠᠨ᠎ᠤ ᠣᠷᠣᠨ᠎ᠳᠤ 33 ᠪᠦᠯᠦᠭ᠎ᠤᠨ ᠨᠡᠢᠳᠡ 2825 ᠬᠡᠷᠡᠭ ᠢ ᠰᠢᠢᠳᠪᠦᠷᠢᠯᠡᠭᠦᠯᠬᠦ
ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ
ᠶᠣᠰᠣᠭᠠᠷ᠂ ᠣᠳᠣᠬᠠᠨ᠎ᠳᠤ᠂ ᠪᠥᠬᠥ᠌ ᠣᠷᠣᠨ ᠵᠢᠡᠷ᠎ᠢᠶᠡᠨ ᠭᠤᠴᠢᠨ ᠬᠤᠶᠠᠳᠤᠭᠠᠷ ᠪᠦᠯᠦᠭ᠎ᠦᠨ 70 ᠬᠤᠪᠢ ᠵᠠᠬᠢᠳᠠᠯ
ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ 33 ᠬᠤᠪᠢ᠎ᠶ᠋ᠢ ᠨᠢ ᠨᠢᠭᠡᠨᠲᠡ
ᠱᠢᠶ᠋ᠳᠪᠦᠷᠢᠯᠡᠨ ᠳᠠᠭᠤᠰᠭᠠᠵᠤ᠂ 25 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂
12 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 36 ᠬᠤᠪᠢ ᠵᠢ ᠨᠢ ᠵᠠᠷᠯᠢᠭᠳᠡᠨ ᠴᠡᠭᠴᠡᠯᠡᠨ
ᠰᠠᠢᠵᠢᠷᠠᠭᠤᠯᠵᠤ᠂ 4 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂ ᠵᠤᠭᠤᠰ᠎ᠢᠶᠡᠷ ᠲᠤᠷᠭᠠᠭᠰᠠᠨ
ᠮᠦᠡᠭᠬᠦᠨᠤ ᠲᠤᠭ᠎ᠠ ᠨᠢ 9.1083 ᠲᠦᠮᠡᠨ ᠲᠥᠭᠥᠷᠢᠭ ᠪᠤᠯᠤᠨ᠎ᠠ᠃
5 ᠰᠠᠷ᠎ᠠ᠎ᠶ᠋ᠢᠨ 4 ᠤ᠋ ᠡᠳᠦᠷ ᠪᠣᠯᠲᠠᠯ᠎ᠠ᠂ ᠪᠥᠬᠥ᠌ ᠣᠷᠣᠨ ᠵᠢᠡᠷ ᠵᠢᠡᠨ 1 — 32 ᠳ᠋ᠤᠭᠠᠷ ᠪᠦᠯᠦᠭ ᠦᠨ
2795 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠵᠤ ᠪᠤᠢ᠂ ᠡᠭᠦᠨ᠎ᠳᠦ᠂
1337 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 877 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ
ᠱᠢᠶ᠋ᠳᠪᠦᠷᠢᠯᠡᠨ ᠳᠠᠭᠤᠰᠭᠠᠵᠤ᠂ 581 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ᠂ 986 ᠬᠤᠪᠢ᠎ᠶ᠋ᠢ
ᠨᠢ ᠵᠠᠷᠯᠢᠭᠳᠡᠨ ᠴᠡᠭᠴᠡᠯᠡᠨ ᠰᠠᠢᠵᠢᠷᠠᠭᠤᠯᠵᠤ᠂ 164 ᠬᠤᠪᠢ ᠵᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠤ᠂
ᠵᠤᠭᠤᠰ᠎ᠢᠶᠡᠷ ᠲᠤᠷᠭᠠᠭᠰᠠᠨ ᠮᠦᠡᠭᠬᠦᠨᠤ ᠲᠤᠭ᠎ᠠ ᠨᠢ 1107.57 ᠲᠦᠮᠡᠨ ᠲᠥᠭᠥᠷᠢᠭ ᠪᠠᠢᠵᠤ᠂ 50 ᠬᠡᠷᠡᠭ᠎ᠢ
ᠬᠡᠷᠡᠭ ᠪᠣᠯᠭᠠᠨ ᠳᠡᠩᠰᠡᠯᠡᠨ ᠲᠠᠩᠨᠠᠨ ᠪᠠᠢᠴᠠᠭᠠᠵᠤ᠂ 15 ᠬᠥᠮᠦᠨ᠎ᠢ ᠡᠷᠡᠭᠦᠦ᠍᠎ᠶ᠋ᠢᠨ ᠬᠡᠷᠡᠭ᠎ᠢᠶᠡᠷ ᠲᠦᠷ
ᠬᠣᠷᠢᠵᠤ᠂ 80 ᠬᠥᠮᠦᠨ᠎ᠲᠡᠶ ᠪᠣᠯᠵᠣᠨ ᠶᠠᠷᠢᠯᠴᠠᠵᠤ᠂ 78 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃
ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ
ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠣᠯᠪᠣᠭ᠍ᠳᠠᠯ
ᠪᠦᠬᠦᠢ ᠬᠡᠷᠡᠭ᠎ᠢ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ
ᠠᠬᠢᠭᠤᠯᠵᠤ ᠪᠠᠢᠨ᠎ᠠ᠃
ᠭᠤᠴᠢᠨ ᠬᠤᠶᠠᠳᠤᠭᠠᠷ ᠪᠦᠯᠦᠭ᠎ᠦᠨ ᠪᠥᠬᠥ᠌ ᠬᠡᠷᠡᠭ᠎ᠢ ᠬᠦᠢᠴᠡᠳᠬᠡᠭᠰᠡᠨ ᠪᠠᠢᠳᠠᠯ᠎ᠢ
ᠤᠢᠯᠠᠭᠠᠶᠠ ᠭᠡᠪᠡᠯ ᠬᠣᠶᠠᠷ ᠬᠡᠮᠵᠢᠯᠳᠦ ᠺᠣᠳ᠋ ᠢ᠋ ᠱᠢᠷᠪᠢᠭᠡᠷᠡᠶ᠃
