ᠲᠦᠩᠯᠢᠶᠣᠤ ᠬᠤᠳᠡ᠄ 《ᠭᠤᠷᠪᠠᠨ ᠵᠦᠶ᠋ᠯ᠎ᠦᠨ ᠲᠣᠭ᠍ᠲᠠᠴᠠ》 ᠵᠢᠨ ᠱᠢᠨ᠎ᠡ᠎ᠶ᠋ᠢ ᠡᠭᠦᠳᠴᠦ᠍ ᠮᠥᠩᠭᠥᠨ ᠭᠦᠶ᠋ᠯᠭᠡᠭᠡᠨ᠎ᠦ ᠬᠦᠷᠢᠶᠡᠨ᠎ᠳᠡᠬᠢ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠤ ᠪᠤᠢ
2022-06-16 09:13:45
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠵᠢᠯ᠎ᠦᠨ ᠡᠬᠢᠨ᠎ᠡᠴᠡ᠂ ᠲᠥᠩᠯᠢᠶᠤᠤ ᠬᠣᠲᠠ᠎ᠶ᠋ᠢᠨ ᠮᠥᠩᠭᠥᠨ ᠭᠦᠶ᠋ᠯᠭᠡᠭᠡᠨ᠎ᠦ ᠠᠯᠪᠠᠨ ᠬᠡᠷ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠥ 《ᠭᠤᠷᠪᠠᠨ ᠵᠦᠶ᠋ᠯ᠎ᠦᠨ ᠲᠣᠭ᠍ᠲᠠᠴᠠ》᠎ᠵᠢ ᠱᠢᠨ᠎ᠡ᠎ᠪᠡᠷ ᠡᠭᠦᠳᠦᠨ ᠪᠠᠢᠭᠤᠯᠵᠤ᠂ ᠮᠥᠩᠭᠥᠨ ᠭᠦᠶ᠋ᠯᠭᠡᠭᠡᠨ᠎ᠦ ᠬᠦᠷᠢᠶ᠎ᠡ ᠴᠠᠷᠠᠭᠠᠨ᠎ᠳᠡᠬᠢ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠴᠢᠨᠰᠠᠭ᠎ᠠ ᠪᠤᠯᠤᠨ ᠦᠷ᠎ᠡ ᠠᠱᠢᠭ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠤ ᠪᠠᠢᠨ᠎ᠠ᠃

ᠲᠠᠪᠴᠠᠩ ᠪᠠᠢᠭᠤᠯᠤᠨ ᠰᠠᠨᠠᠭᠠᠴᠢᠯᠠᠭ᠎ᠠ᠎ᠡᠴᠡ᠎ᠪᠠᠨ ᠵᠣᠯᠭᠠᠯᠴᠡᠭᠤᠯᠵᠤ᠂ ᠵᠠᠰᠠᠭ᠎ᠤᠨ ᠣᠷᠳᠣᠨ ᠮᠥᠩᠭᠥᠨ ᠭᠥᠢᠯᠭᠡᠭᠡ ᠠᠵᠤ ᠠᠬᠤᠢᠯᠠᠯ ᠪᠠᠢᠩᠭᠤ ᠵᠣᠯᠭᠠᠯᠴᠠᠬᠤ ᠲᠣᠭ᠍ᠲᠠᠴᠠ ᠵᠢ ᠪᠠᠢᠭᠤᠯᠪᠠ᠃ ᠦᠢᠯᠡᠴᠢᠯᠡᠭᠡᠨ᠎ᠦ ᠠᠵᠤ ᠠᠬᠤᠢᠯᠠᠯ᠎ᠤᠨ ᠴᠢᠨᠠᠷ ᠴᠢᠨᠰᠠᠭ᠎ᠠ ᠪᠤᠯᠤᠨ ᠦᠷ᠎ᠡ ᠠᠱᠢᠭ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠲᠦᠩᠯᠢᠶᠣᠤ ᠬᠣᠲᠠ᠎ᠶ᠋ᠢᠨ ᠮᠥᠩᠭᠥᠨ ᠭᠦᠢᠯᠭᠡᠭᠡᠨ᠎ᠦ ᠠᠯᠪᠠᠨ ᠭᠡᠷ 《ᠵᠠᠰᠠᠭ᠎ᠤᠨ ᠤᠷᠳᠤᠨ ᠮᠥᠩᠭᠥᠨ ᠬᠥᠢᠯᠭᠡᠭᠡ ᠠᠵᠤ ᠠᠬᠤᠢᠯᠠᠯ ᠪᠠᠢᠩᠭᠤ ᠵᠣᠯᠭᠠᠯᠴᠠᠬᠤ ᠲᠣᠭ᠍ᠲᠠᠴᠠ》᠎ᠵᠢ ᠪᠠᠢᠭᠤᠯᠵᠤ᠂ ᠲᠤᠰ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠂ ᠬᠣᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠂ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠂ ᠬᠣᠲᠠ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠂ ᠠᠷᠠᠳ᠎ᠤᠨ ᠪᠠᠩᠬᠢ᠎ᠶ᠋ᠢᠨ ᠲᠦᠩᠯᠢᠶᠣᠤ ᠬᠣᠲᠠ᠎ᠶ᠋ᠢᠨ ᠭᠤᠤᠯ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ᠎ᠲᠡᠶ ᠬᠣᠯᠪᠣᠭᠠᠯᠠᠨ ᠵᠠᠰᠠᠭ᠎ᠤᠨ ᠤᠷᠳᠤᠨ ᠮᠥᠩᠭᠥᠨ ᠭᠥᠢᠯᠭᠡᠭᠡ ᠠᠵᠤ ᠠᠬᠤᠢᠯᠠᠯ᠎ᠤᠨ ᠰᠦᠯᠵᠢᠶᠡᠨ ᠳᠡᠭᠡᠷ᠎ᠡ ᠵᠣᠯᠭᠠᠯᠴᠠᠬᠤ ᠬᠤᠷᠠᠯ ᠬᠤᠷᠠᠯᠳᠤᠭᠤᠯᠤᠨ᠂ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠳᠤ ᠪᠠᠯᠠ ᠲᠣᠬᠢᠷᠠᠭᠤᠯᠭ᠎ᠠ᠎ᠶ᠋ᠢᠨ ᠮᠡᠳᠡᠭᠡ ᠵᠠᠩᠭᠢ ᠬᠠᠩᠭᠠᠬᠤ᠂ ᠵᠢᠭᠡᠯᠡᠯᠭᠡ᠎ᠶ᠋ᠢᠨ ᠳᠡᠩᠰᠡᠯᠡᠯᠲᠡ᠂ ᠪᠠᠯᠠ ᠲᠣᠬᠢᠷᠠᠭᠤᠯᠭ᠎ᠠ᠎ᠶ᠋ᠢᠨ ᠯᠠᠪᠯᠠᠭ᠎ᠠ᠂ ᠮᠥᠩᠭᠥᠨ ᠭᠦᠶ᠋ᠯᠭᠡᠭᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠦᠶ᠋ᠯᠡᠳᠬᠦᠨ ᠪᠠ ᠦᠶ᠋ᠯᠡᠴᠢᠯᠡᠭᠡᠨ᠎ᠦ ᠲᠠᠨᠢᠯᠴᠠᠭᠤᠯᠭ᠎ᠠ᠂ ᠪᠠᠯᠠ ᠲᠣᠬᠢᠷᠠᠭᠤᠯᠭ᠎ᠠ ᠶ᠋ᠢᠨ ᠲᠤᠬᠠᠢᠯᠠᠭ᠍ᠰᠠᠨ ᠠᠵᠢᠯ᠎ᠤᠨ ᠬᠠᠪᠰᠤᠷᠤᠨ ᠵᠢᠯᠣᠭᠣᠳᠣᠯᠭ᠎ᠠ᠂ ᠪᠣᠯᠪᠠᠰᠤᠷᠠᠯ ᠬᠥᠷᠳᠡᠭᠡᠬᠥ ᠵᠡᠷᠭᠡ ᠦᠶ᠋ᠯᠡᠴᠢᠯᠡᠭᠡ ᠵᠢ ᠤᠯᠠᠮ ᠨᠢᠭᠡ ᠠᠯᠬᠤᠮ ᠬᠠᠩᠭᠠᠵᠤ᠂ ᠳᠤᠮᠳᠠ ᠵᠢᠵᠢᠭ ᠠᠵᠤ ᠠᠬᠤᠢᠯᠠᠯ ᠪᠠ ᠠᠷᠠᠳ ᠡᠴᠡ ᠡᠵᠡᠩᠨᠡᠭ᠌ᠰᠡᠨ ᠠᠵᠤ ᠠᠬᠤᠢᠯᠠᠯ᠎ᠤᠨ ᠪᠠᠯᠠ ᠲᠣᠬᠢᠷᠠᠭᠤᠯᠬᠤ᠎ᠳᠤ ᠬᠦᠴᠢᠷᠳᠡᠯᠲᠡᠶ᠂ ᠪᠠᠯᠠ ᠲᠣᠬᠢᠷᠠᠭᠤᠯᠬᠤ᠎ᠳᠤ ᠦᠨᠡᠲᠡᠶ ᠪᠠᠢᠬᠤ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠨ᠂ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠬᠦᠴᠦᠨ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠠᠢ᠃᠎ᠡᠣᠲᠣ ᠪᠣᠯᠲᠠᠯ᠎ᠠ᠂ 323 ᠠᠵᠤ ᠠᠬᠤᠢᠯᠠᠯ ᠵᠢᠴᠢ ᠲᠠᠷᠢᠶᠠᠯᠠᠩ ᠮᠠᠯ ᠠᠵᠤ ᠠᠬᠤᠶ᠎ᠶ᠋ᠢᠨ ᠲᠡᠵᠢᠬᠡᠪᠤᠷᠢ ᠵᠢᠠ ᠲᠣᠮᠣ  ᠡᠷᠦᠬᠡ᠂ ᠲᠤᠰᠬᠠᠢ ᠬᠣᠷᠱᠢᠶ᠎ᠠ ᠵᠢ ᠠᠩᠬ᠎ᠠ ᠠᠯᠬᠤᠮ ᠵᠣᠯᠭᠠᠯᠴᠠᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ 26 ᠠᠵᠤ ᠠᠬᠤᠢᠯᠠᠯ ᠬᠤᠷᠠᠯ᠎ᠤᠨ ᠳᠠᠷᠠᠭ᠎ᠠ ᠪᠠᠩᠬᠢ᠎ᠶ᠋ᠢᠨ ᠪᠠᠢᠭᠤᠯᠤᠮᠵᠢ᠎ᠲᠠᠶ ᠤᠯᠠᠮ ᠨᠢᠭᠡ ᠠᠯᠬᠤᠮ ᠵᠣᠯᠭᠠᠯᠴᠠᠭᠰᠠᠠ ᠵᠢᠡᠷ ᠢᠲᠡᠭᠡᠮᠵᠢᠳᠥ ᠵᠢᠭᠡᠯᠡᠯᠭᠡ ᠤᠯᠭᠤᠬᠤ ᠲᠣᠭ᠎ᠠ ᠬᠡᠮᠵᠢᠶ᠎ᠡ 1 ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠪᠠᠢᠨ᠎ᠠ᠃

ᠬᠥᠨᠳᠡᠯᠡᠨ᠎ᠢᠶᠡᠷ ᠬᠠᠮᠵᠢᠯᠴᠠᠵᠤ᠂ ᠭᠤᠯᠳᠤ᠎ᠪᠠᠷ ᠪᠥᠷᠬᠥᠨ᠂ ᠪᠦᠬᠦ᠌ ᠬᠤᠳᠠ᠎ᠶ᠋ᠢᠨ ᠮᠥᠩᠭᠥᠨ ᠭᠦᠢᠯᠭᠡᠭᠡᠨ᠎ᠦ ᠬᠡᠷᠡᠭ ᠵᠥᠪᠳᠡᠬᠦ᠌ ᠬᠠᠮᠲᠤᠷᠠᠭ᠍ᠰᠠᠨ ᠬᠤᠷᠠᠯ᠎ᠤᠨ ᠲᠣᠭ᠍ᠲᠠᠴᠠ ᠵᠢ ᠪᠠᠢᠭᠤᠯᠪᠠ᠃ ᠰᠠᠯᠠᠭ᠎ᠠ ᠮᠥᠴᠢᠷ᠎ᠦᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠲᠦᠩᠯᠢᠶᠣᠤ ᠬᠣᠲᠠ ᠶ᠋ᠢᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ ᠳᠡᠮᠵᠢᠬᠦ᠌ ᠶ᠋ᠢᠨ ᠲᠥᠯᠥᠭᠡ ᠲᠥᠩᠯᠢᠶᠤᠤ ᠬᠣᠲᠠ᠎ᠶ᠋ᠢᠨ ᠮᠥᠩᠭᠥᠨ ᠭᠦᠶ᠋ᠯᠭᠡᠭᠡᠨ᠎ᠦ ᠠᠯᠪᠠᠨ ᠬᠡᠷ᠂ ᠠᠷᠠᠳ᠎ᠤᠨ ᠪᠠᠩᠬᠢ᠎ᠶ᠋ᠢᠨ ᠲᠦᠩᠯᠢᠶᠣᠤ ᠬᠣᠲᠠ᠎ᠶ᠋ᠢᠨ ᠭᠤᠤᠯ ᠰᠠᠯᠪᠤᠷᠢ ᠪᠠᠩᠬᠢ᠂ ᠪᠠᠩᠬᠢ ᠳᠠᠭᠠᠳᠭᠠᠯ ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠩᠯᠢᠶᠣᠤ᠎ᠶ᠋ᠢᠨ ᠬᠤᠪᠢᠶᠠᠷᠢ ᠲᠣᠪᠴᠢᠶ᠎ᠠ 《ᠮᠥᠩᠭᠥᠨ ᠭᠦᠶ᠋ᠯᠭᠡᠭᠡᠨ᠎ᠦ ᠬᠡᠷᠡᠭ ᠵᠥᠪᠳᠡᠬᠥ ᠬᠠᠮᠲᠤᠷᠠᠭ᠍ᠰᠠᠨ ᠬᠤᠷᠠᠯ᠎ᠤᠨ ᠲᠣᠭ᠍ᠲᠠᠴᠠ》 ᠶ᠋ᠢ ᠬᠠᠮᠲᠤ ᠪᠠᠷ ᠪᠠᠢᠭᠤᠯᠵᠠᠢ᠃ ᠡᠢᠨ᠎ᠬᠦ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠠᠮᠲᠤᠷᠠᠭ᠍ᠰᠠᠨ ᠬᠤᠷᠠᠯ ᠬᠤᠷᠠᠯᠳᠤᠭᠤᠯᠬᠤ᠎ᠪᠠᠷ ᠳᠠᠮᠵᠢᠭᠤᠯᠤᠨ᠂ ᠰᠠᠯᠠᠭ᠎ᠠ ᠮᠥᠴᠢᠷ᠎ᠦᠳ᠎ᠦᠨ ᠬᠣᠭᠣᠷᠣᠨᠳᠣᠬᠢ ᠨᠡᠪᠲᠡᠷᠡᠯᠴᠡᠭᠡ᠂ ᠵᠣᠬᠢᠴᠠᠭᠤᠯᠭ᠎ᠠ᠂ ᠬᠢᠨᠠᠯᠲᠠ᠎ᠶ᠋ᠢ ᠴᠢᠩᠭᠠᠳᠭᠠᠬᠰᠠᠨ᠎ᠦ ᠬᠠᠮᠲᠤ ᠡᠯ᠎ᠡ ᠭᠠᠵᠠᠷ᠎ᠤᠨ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ᠂ ᠮᠥᠩᠭᠥᠨ ᠭᠦᠢᠯᠭᠡᠭᠡᠨ᠎ᠦ ᠲᠣᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠥᠨ᠂ ᠮᠥᠩᠭᠥᠨ ᠭᠦᠢᠯᠭᠡᠭᠡᠨ᠎ᠦ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ ᠪᠠ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡᠨ᠎ᠦ  ᠬᠥᠭ᠌ᠵᠢᠯᠲᠡ᠎ᠶ᠋ᠢᠨ ᠠᠵᠢᠯ᠎ᠢ ᠠᠬᠢᠭᠤᠯᠵᠤ  ᠪᠠᠢᠨ᠎ᠠ᠃

ᠵᠠᠰᠠᠭ ᠪᠠᠩᠬᠢ ᠬᠣᠯᠪᠣᠭᠠᠯᠠᠨ ᠬᠥᠳᠡᠯᠦᠯᠴᠡᠵᠦ᠍᠂ ᠪᠡᠷᠬᠡ ᠠᠰᠠᠭᠤᠳᠠᠯ᠎ᠢ ᠲᠥᠪᠯᠡᠷᠡᠭᠦᠯᠵᠤ ᠱᠢᠶ᠋ᠳᠪᠦᠷᠢᠯᠡᠨ᠂ ᠮᠥᠩᠭᠥᠨ ᠭᠦᠢᠯᠭᠡᠭᠡᠨ᠎ᠦ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠣᠭ᠍ᠲᠠᠴᠠ ᠵᠢ ᠪᠠᠢᠭᠤᠯᠪᠠ᠃ ᠲᠤᠰ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠎ᠤ ᠳᠠᠷᠤᠮᠠᠯᠯᠠᠨ ᠲᠠᠷᠬᠠᠭᠠᠭ᠍ᠰᠠᠨ 《ᠮᠥᠩᠭᠥᠨ ᠭᠦᠶ᠋ᠯᠭᠡᠭᠡᠨ᠎ᠦ ᠣᠷᠴᠢᠨ ᠲᠣᠭᠣᠷᠢᠨ᠎ᠢ ᠱᠢᠯᠢᠳᠡᠭ᠌ᠵᠢᠭᠦᠯᠦᠨ ᠪᠠᠩᠬᠢ᠎ᠶ᠋ᠢᠨ ᠦᠶ᠋ᠯᠡᠰ᠎ᠦᠨ ᠡᠷᠡᠭᠦᠯ ᠪᠤᠰᠤ ᠵᠢᠭᠡᠯᠡᠯᠭᠡ᠎ᠶ᠋ᠢ ᠴᠡᠪᠡᠷᠯᠡᠨ ᠬᠤᠷᠢᠶᠠᠵᠤ ᠱᠢᠶ᠋ᠳᠪᠦᠷᠢᠯᠡᠬᠦ᠌ ᠲᠤᠰᠭᠠᠶ ᠠᠵᠢᠯᠯᠠᠭᠠᠨ᠎ᠤ ᠲᠥᠰᠦᠯ》᠎ᠢ᠋ ᠪᠦᠲᠦᠮᠵᠢᠲᠡᠶ ᠨᠠᠢᠳᠠᠪᠤᠷᠢᠵᠢᠭᠤᠯᠵᠤ᠂ ᠮᠥᠩᠭᠥᠨ ᠭᠦᠶ᠋ᠯᠭᠡᠭᠡᠨ᠎ᠦ ᠲᠦᠭ᠌ᠰᠢᠭᠦᠷᠢ᠎ᠶ᠋ᠢ ᠰᠡᠷᠭᠡᠢᠯᠡᠵᠤ ᠠᠷᠢᠯᠭᠠᠨ᠂ ᠮᠥᠩᠭᠥᠨ ᠭᠦᠶ᠋ᠯᠭᠡᠭᠡᠨ᠎ᠦ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ᠎ᠶ᠋ᠢᠨ ᠲᠥᠯᠥᠭᠡ ᠲᠥᠩᠯᠢᠶᠤᠤ ᠬᠣᠲᠠ᠎ᠶ᠋ᠢᠨ ᠮᠥᠩᠭᠥᠨ ᠭᠦᠶ᠋ᠯᠭᠡᠭᠡᠨ᠎ᠦ ᠠᠯᠪᠠᠨ ᠬᠡᠷ᠎ᠡᠴᠡ ᠮᠥᠩᠭᠥᠨ ᠭᠦᠶ᠋ᠯᠭᠡᠭᠡᠨ ᠎ᠦ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠣᠭ᠍ᠲᠠᠴᠠ ᠵᠢ ᠪᠠᠢᠭᠤᠯᠵᠠᠢ᠃ ᠲᠤᠰ ᠬᠣᠲᠠ ᠶ᠋ᠢᠨ ᠨᠠᠮ᠎ᠤᠨ ᠬᠣᠷᠢᠶ᠎ᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠂ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠂ ᠬᠣᠲᠠ᠎ᠶ᠋ᠢᠨ ᠪᠠᠢᠴᠠᠭᠠᠬᠤ ᠬᠣᠷᠢᠶ᠎ᠠ᠂ ᠱᠢᠭᠦᠬᠦ᠌ ᠬᠣᠷᠢᠶ᠎ᠠ᠂ ᠮᠥᠩᠭᠥᠨ ᠭᠦᠢᠯᠭᠡᠭᠡᠨ᠎ᠦ ᠠᠯᠪᠠᠨ ᠭᠡᠷ᠂ ᠠᠷᠠᠳ᠎ᠤᠨ ᠪᠠᠩᠬᠢ᠎ᠶ᠋ᠢᠨ ᠲᠦᠩᠯᠢᠶᠣᠤ ᠬᠣᠲᠠ᠎ᠶ᠋ᠢᠨ ᠭᠤᠤᠯ ᠰᠠᠯᠪᠤᠷᠢ ᠪᠠᠩᠬᠢ ᠪᠣᠯᠤᠨ ᠪᠠᠩᠬᠢ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠩᠯᠢᠶᠣᠤ᠎ᠳ᠋ᠠᠬᠢ ᠬᠤᠪᠢᠶᠠᠷᠢ ᠲᠣᠪᠴᠢᠶ᠎ᠠ ᠬᠠᠮᠲᠤᠷᠠᠨ 《ᠪᠠᠩᠬᠢ ᠶ᠋ᠢᠨ ᠦᠢᠯᠡᠰ᠎ᠦᠨ ᠡᠷᠡᠭᠦᠯ ᠪᠤᠰᠤ ᠵᠢᠭᠡᠯᠡᠯᠭᠡ᠎ᠶ᠋ᠢ ᠬᠠᠤᠯᠢ ᠶᠣᠰᠣᠭᠠᠷ ᠲᠥᠪᠯᠡᠷᠡᠭᠦᠯᠦᠨ ᠬᠤᠷᠢᠶᠠᠵᠤ ᠱᠢᠶ᠋ᠳᠪᠦᠷᠢᠯᠡᠬᠦ᠌ ᠲᠤᠬᠠᠶ ᠬᠠᠮᠲᠤᠷᠠᠭ᠍ᠰᠠᠨ ᠵᠠᠷᠯᠠᠯ》᠎ᠢ ᠳᠠᠷᠤᠮᠠᠯᠯᠠᠨ ᠲᠠᠷᠬᠠᠭᠠᠪᠠ᠃

《ᠵᠠᠷᠯᠠᠯ》᠎ᠢ᠋ ᠲᠠᠷᠬᠠᠭᠠᠭ᠍ᠰᠠᠨ᠎ᠡᠴᠡ ᠨᠠᠭᠠᠰᠢ᠂ ᠠᠷᠠᠳ᠎ᠤᠨ ᠪᠠᠩᠬᠢ᠂ ᠪᠠᠩᠬᠢ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠬᠤᠪᠢᠶᠠᠷᠢ ᠲᠣᠪᠴᠢᠶ᠎ᠠ᠎ᠲᠠᠶ ᠬᠠᠮᠲᠤᠷᠠᠨ ᠣᠯᠠᠨ ᠤᠳᠠᠭ᠎ᠠ ᠬᠠᠮᠲᠤᠷᠠᠭ᠍ᠰᠠᠨ ᠬᠤᠷᠠᠯ ᠬᠤᠷᠠᠯᠳᠤᠭᠤᠯᠵᠤ᠂ ᠪᠠᠩᠬᠢ᠎ᠶ᠋ᠢᠨ ᠪᠠᠢᠭᠤᠯᠤᠮᠵᠢ᠎ᠶ᠋ᠢᠨ ᠡᠷᠡᠭᠦᠯ ᠪᠤᠰᠤ ᠵᠢᠭᠡᠯᠡᠯᠭᠡ᠎ᠶ᠋ᠢ ᠢᠯᠭᠠᠷᠠᠭᠤᠯᠤᠨ ᠬᠤᠷᠢᠶᠠᠭ᠍ᠰᠠᠨ ᠪᠠᠢᠳᠠᠯ ᠳ᠋ᠤ ᠳᠣᠭᠢᠷᠠᠭᠤᠯᠤᠯᠲᠠ ᠬᠢᠬᠥ ᠵᠢᠨ ᠬᠠᠮᠲᠤ ᠬᠣᠱᠢᠭᠤ ᠱᠢᠶᠠᠨ᠎ᠳᠤ ᠭᠦᠨᠵᠡᠭᠡᠢᠷᠡᠨ ᠲᠤᠬᠠᠶ᠎ᠶ᠋ᠢᠨ ᠲᠠᠯᠠᠪᠠᠢ ᠳ᠋ᠤ ᠬᠢᠨᠠᠨ ᠵᠢᠯᠣᠭᠣᠳᠴᠤ᠌᠂ ᠡᠯ᠎ᠡ ᠭᠠᠵᠠᠷ᠎ᠤᠨ ᠡᠷᠡᠭᠦᠯ ᠪᠤᠰᠤ ᠵᠢᠭᠡᠯᠡᠯᠭᠡ᠎ᠶ᠋ᠢ ᠢᠯᠭᠠᠷᠠᠭᠤᠯᠤᠨ ᠬᠤᠷᠢᠶᠠᠬᠤ ᠠᠵᠢᠯ᠎ᠢ ᠲᠦᠷᠭᠡᠳᠭᠡᠵᠠᠢ᠃ 《ᠵᠠᠷᠯᠠᠯ》᠎ᠢ᠋ ᠪᠠᠩᠬᠢ᠎ᠶ᠋ᠢᠨ ᠡᠵᠡᠩᠨᠡᠯᠲᠡ ᠎ᠶ᠋ᠢᠨ ᠲᠠᠯᠠᠪᠤᠷ᠎ᠲᠤ 500 ᠭᠠᠷᠤᠶ ᠬᠤᠪᠢ ᠨᠠᠭᠠᠵᠤ᠂ ᠰᠣᠨᠢᠨ ᠮᠡᠳᠡᠭᠡᠨ᠎ᠦ ᠵᠠᠭᠤᠴᠢᠯᠠᠭᠤᠷ ᠂ ᠵᠢᠷᠬᠢᠶ᠎ᠡ ᠵᠡᠷᠬᠡ ᠰᠢᠨ᠎ᠠ ᠵᠠᠭᠤᠴᠢᠯᠠᠭᠤᠷ ᠵᠢᠡᠷ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠵᠣᠭᠣᠰ᠎ᠢᠶᠠᠨ ᠪᠤᠴᠠᠭᠠᠬᠤ᠎ᠶ᠋ᠢ ᠱᠠᠯᠠᠪᠳᠠᠭᠤᠯᠵᠤ᠂ 2.9 ᠳ᠋ᠦᠩᠱᠢᠭᠤᠷ ᠲᠥᠭᠥᠷᠢᠭ᠎ᠦᠨ ᠡᠷᠡᠭᠦᠯ ᠪᠤᠰᠤ ᠵᠢᠭᠡᠯᠡᠯᠭᠡ᠎ᠶ᠋ᠢ ᠢᠯᠭᠠᠷᠠᠭᠤᠯᠤᠨ ᠬᠤᠷᠢᠶᠠᠪᠠ᠃ ᠪᠥᠬᠥ᠌ ᠬᠣᠲᠠ᠎ᠶ᠋ᠢᠨ ᠡᠷᠡᠭᠦᠯ ᠪᠤᠰᠤ ᠵᠢᠭᠡᠯᠡᠯᠭᠡ ᠵᠢᠨ ᠨᠣᠷᠮ᠎ᠠ 4.37% ᠪᠠᠢᠭ᠍ᠰᠠᠨ᠎ᠡᠴᠡ ᠪᠠᠭᠤᠷᠠᠭᠠᠳ 3.7% ᠪᠣᠯᠵᠣ᠂ ᠬᠠᠷᠢᠶᠠᠲᠤ ᠣᠷᠣᠨ᠎ᠤ ᠪᠠᠩᠬᠢ᠎ᠶ᠋ᠢᠨ ᠦᠶ᠋ᠯᠡᠰ᠎ᠦᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠡᠷᠡᠭᠦᠯ ᠪᠤᠰᠤ ᠬᠢᠷᠢ ᠬᠡᠮᠵᠢᠶ᠎ᠡ ᠲᠡᠸ᠋ᠬᠡ᠎ᠶ᠋ᠢᠨ ᠬᠠᠮᠤᠭ ᠰᠠᠢᠨ ᠲᠥᠪᠰᠢᠨ᠎ᠳᠦ ᠬᠦᠷᠴᠦ᠍᠂ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠴᠢᠨᠰᠠᠭ᠎ᠠ ᠪᠠ ᠦᠷ᠎ᠡ ᠠᠱᠢᠭ ᠤᠯᠠᠮ ᠨᠢᠭᠡ ᠠᠯᠬᠤᠮ ᠳᠡᠭᠡᠭ᠌ᠰᠢᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号