ᠬᠦᠬᠡᠬᠤᠳᠠ ᠵᠢᠨ ᠬᠣᠲᠣᠩ ᠠᠷᠠᠳ᠎ᠤᠨ ᠲᠣᠭᠣᠷᠢᠭ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠬᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠭ᠌ᠰᠡᠨ ᠰᠠᠭᠤᠷᠢᠨ ᠳᠡᠭᠡᠷ᠎ᠡ᠂ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ᠎ᠳᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ 7 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠬᠡᠷᠡᠭᠵᠢᠬᠦᠯᠪᠡ᠃
ᠬᠣᠲᠣᠩ ᠠᠷᠠᠳ ᠤ᠋ᠨ ᠲᠣᠭᠣᠷᠢᠭ ᠤ᠋ᠨ ᠵᠥᠷᠢᠴᠡᠯ ᠢ᠋ ᠡᠶᠡᠳᠡᠭᠦᠯᠬᠦ᠌ ᠲᠥᠪ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠬᠡᠷᠡᠭ ᠢ᠋ ᠵᠢᠭ᠍ᠰᠠᠭᠠᠨ ᠪᠠᠢᠴᠠᠭᠠᠬᠤ ᠠᠵᠢᠯ ᠤ᠋ᠨ ᠲᠣᠭ᠍ᠲᠠᠴᠠ ᠶ᠋ᠢ ᠪᠠᠢᠭᠤᠯᠵᠤ᠂ ᠠᠵᠤ ᠠᠬᠤᠢᠯᠠᠯ ᠤ᠋ᠨ ᠵᠥᠷᠢᠴᠡᠯ ᠵᠢᠭᠤᠷᠠᠯᠳᠤᠭᠠᠨ ᠢ᠋ ᠵᠣᠬᠢᠴᠠᠭᠤᠯᠤᠨ ᠨᠠᠮᠳᠠᠭᠤᠯᠬᠤ ᠠᠵᠢᠯ ᠢ᠋ ᠰᠠᠢᠲᠤᠷ ᠨᠠᠢᠳᠠᠪᠤᠷᠢᠵᠢᠭᠤᠯᠵᠤ᠂ ᠭᠦᠢᠴᠡᠳᠭᠡᠬᠦ᠌ ᠴᠤᠪᠤᠷᠠᠯ ᠢ᠋ ᠰᠢᠯᠢᠳᠡᠭᠵᠢᠬᠦᠯᠦᠨ᠂ ᠬᠡᠷᠡᠭ ᠬᠦᠢᠴᠡᠳᠭᠡᠭᠦ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠪᠠ; ᠪᠠᠢᠩᠭᠤ᠎ᠶ᠋ᠢᠨ ᠴᠢᠨᠠᠷᠲᠠᠢ᠎ᠪᠠᠷ ᠠᠵᠤ ᠠᠬᠤᠢᠯᠠᠯ᠎ᠳᠤ ᠦᠢᠯᠡᠴᠢᠯᠡᠬᠦ᠌ ᠲᠣᠭ᠍ᠲᠠᠴᠠ᠎ᠶ᠋ᠢ ᠪᠠᠢᠭᠤᠯᠵᠤ᠂ 《ᠬᠠᠤᠯᠢ ᠴᠠᠭᠠᠵᠠ ᠠᠵᠤ ᠠᠬᠤᠢᠯᠠᠯ ᠬᠠᠮᠲᠤ ᠪᠡᠷ ᠤᠷᠤᠬᠰᠢᠯᠠᠬᠤ》ᠱᠢᠷᠢᠰ ᠭᠣᠣᠯ ᠰᠡᠳᠦᠪᠲᠦ ᠦᠢᠯᠡᠴᠢᠯᠡᠭᠡᠨ᠎ᠦ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠠᠷᠠᠳ᠎ᠤᠨ ᠲᠥᠯᠥᠭᠡ ᠬᠠᠤᠯᠢ ᠶᠠᠪᠤᠭᠤᠯᠬᠤ᠂ ᠲᠥᠪ ᠭᠣᠣᠯᠴᠢ᠎ᠪᠠᠷ ᠬᠠᠤᠯᠢ ᠶᠠᠪᠤᠭᠤᠯᠬᠤ ᠴᠢᠳᠠᠪᠤᠷᠢ ᠪᠠ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ; ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶᠠᠨ᠎ᠤ ᠬᠠᠤᠯᠢ ᠬᠡᠷᠡᠭ᠌ᠵᠢᠭᠦᠯᠬᠦ᠌ ᠬᠠᠤᠯᠢ ᠶᠠᠪᠤᠭᠤᠯᠬᠤ ᠬᠢᠨᠠᠯᠲᠠ᠎ᠶ᠋ᠢᠨ ᠲᠦᠷᠢᠮ ᠲᠣᠭ᠍ᠲᠠᠴᠠ᠎ᠶ᠋ᠢ ᠪᠦᠷᠢᠨᠱᠢᠬᠦᠯᠵᠦ᠂ ᠬᠠᠤᠯᠢᠵᠢᠬᠰᠠᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠳᠦ ᠬᠣᠯᠪᠣᠭ᠍ᠳᠠᠭ᠍ᠰᠠᠨ ᠠᠵᠤ ᠠᠬᠤᠢᠯᠠᠯ᠎ᠤᠨ ᠭᠣᠣᠯᠳᠠᠯᠭ᠎ᠠ᠎ᠲᠠᠶ ᠬᠡᠷᠡᠭ᠎ᠦᠨ ᠰᠦᠪᠡᠭ᠌ᠴᠢ᠎ᠶ᠋ᠢ ᠦᠨᠡᠯᠡᠨ ᠪᠠᠢᠴᠠᠭᠠᠬᠤ ᠠᠵᠢᠯ᠎ᠢ ᠴᠢᠩᠭᠠᠳᠭᠠᠵᠤ᠂ ᠠᠵᠤ ᠠᠬᠤᠢᠯᠠᠯ᠎ᠤᠨ ᠬᠠᠤᠯᠢ᠎ᠳᠤ ᠬᠣᠯᠪᠣᠭ᠍ᠳᠠᠭ᠍ᠰᠠᠨ ᠵᠠᠷᠭᠤ ᠳᠤ ᠬᠣᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠯ ᠤ᠋ᠨ ᠵᠥᠷᠢᠴᠡᠯ ᠵᠢᠭᠤᠷᠠᠯᠳᠤᠭᠠᠨ᠎ᠢ ᠱᠢᠢᠳᠪᠦᠷᠢᠯᠡᠬᠦ᠌᠎ᠶ᠋ᠢ ᠪᠦᠲᠦᠮᠵᠢᠲᠡᠢ ᠠᠬᠢᠭᠤᠯᠪᠠ; ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ ᠬᠢᠭᠡᠳ ᠠᠵᠤ ᠠᠬᠤᠢᠯᠠᠯ ᠤᠨ ᠪᠠᠢᠩᠭᠤᠵᠢᠭ᠍ᠰᠠᠨ ᠬᠠᠷᠢᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠵᠤ ᠠᠬᠤᠢᠯᠠᠯ ᠤᠨ ᠬᠠᠤᠯᠢ ᠶᠠᠪᠤᠭᠤᠯᠬᠤ ᠬᠡᠷᠡᠭ᠌ᠴᠡᠭᠡ ᠪᠠ ᠣᠷᠣᠱᠢᠵᠤ ᠪᠠᠢᠭ᠎ᠠ ᠬᠠᠤᠯᠢ ᠴᠠᠭᠠᠵᠠ᠎ᠶ᠋ᠢᠨ ᠠᠶᠤᠯ ᠲᠦᠭ᠌ᠰᠢᠭᠦᠷᠢ᠎ᠶ᠋ᠢ ᠡᠵᠡᠮᠱᠢᠵᠦ᠍᠂ ᠬᠠᠤᠯᠢ ᠴᠠᠭᠠᠵᠠ᠎ᠶ᠋ᠢᠨ ᠵᠥᠪᠯᠡᠯᠭᠡ ᠬᠠᠩᠭᠠᠵᠤ᠂ ᠠᠵᠤ ᠠᠬᠤᠢᠯᠠᠯ ᠤᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠴᠢᠳᠠᠪᠤᠷᠢ᠎ᠶ᠋ᠢ ᠨᠢ ᠪᠦᠲᠦᠮᠵᠢᠲᠡᠢ ᠳᠡᠭᠡᠭ᠌ᠰᠢᠯᠡᠭᠦᠯᠪᠠ; ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠳᠦ ᠦᠶ᠋ᠯᠡᠴᠢᠯᠡᠵᠦ᠍ ᠪᠠᠲᠤᠯᠠᠬᠤ ᠠᠵᠢᠯ᠎ᠤᠨ ᠮᠡᠳᠡᠭᠡ ᠵᠠᠩᠭᠢ ᠶ᠋ᠢᠨ ᠬᠤᠤᠰ ᠴᠢᠭ᠌ᠯᠡᠯ᠎ᠢᠶᠡᠷ ᠬᠠᠷᠢᠯᠴᠠᠨ ᠨᠡᠪᠲᠡᠷᠡᠯᠴᠡᠵᠦ᠍ ᠬᠠᠷᠢᠭᠤ ᠲᠤᠰᠭᠠᠬᠤ ᠲᠣᠭ᠍ᠲᠠᠴᠠ᠎ᠶ᠋ᠢ ᠪᠠᠢᠭᠤᠯᠵᠤ᠂ 《12345》 ᠦᠶ᠋ᠯᠡᠴᠢᠯᠡᠭᠡᠨ ᠦ ᠬᠠᠯᠠᠮᠱᠢᠯ ᠤᠲᠠᠰᠤ᠂ ᠵᠢᠷᠬᠢᠶ᠎ᠠ ᠵᠢᠨ ᠣᠯᠠᠨ ᠨᠡᠢᠲᠡ᠎ᠶ᠋ᠢᠨ ᠲᠠᠪᠴᠠᠩ᠂ ᠰᠠᠨᠠᠯ ᠬᠤᠷᠢᠶᠠᠬᠤ ᠬᠠᠢᠷᠴᠠᠭ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠬᠦᠯᠢᠶᠠᠨ ᠠᠪᠤᠬᠰᠠᠨ ᠠᠰᠠᠭᠤᠨ ᠯᠠᠪᠯᠠᠭ᠎ᠠ ᠵᠠᠭᠠᠯᠳᠤᠯᠭ᠎ᠠ᠂ ᠰᠠᠨᠠᠯ ᠰᠠᠨᠠᠭᠤᠯᠭ᠎ᠠ ᠵᠡᠷᠭᠡ ᠵᠦᠶ᠋ᠯᠡᠰ᠎ᠲᠦ ᠴᠠᠭ ᠲᠤᠬᠠᠶ᠎ᠳᠤᠨᠢ ᠬᠠᠷᠢᠭᠤᠯᠲᠠ ᠥᠭ᠌ᠪᠡ; ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ ᠠᠷᠠᠳ᠎ᠡᠴᠡ ᠡᠵᠡᠩᠨᠡᠭ᠌ᠰᠡᠨ ᠠᠵᠤ ᠠᠬᠤᠢᠯᠠᠯ᠎ᠤᠨ ᠬᠥᠭ᠌ᠵᠢᠯᠲᠡ ᠳᠦ ᠬᠣᠯᠪᠣᠭ᠍ᠳᠠᠬᠤ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠦᠶ᠋ᠯᠡᠰ᠎ᠢ ᠲᠦᠷᠭᠡᠨ ᠱᠢᠶ᠋ᠳᠪᠦᠷᠢᠯᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠦᠶ᠋ᠯᠡᠴᠢᠯᠡᠭᠡᠨ᠎ᠦ 《ᠰᠠᠭᠠᠳ ᠥᠬᠡᠶ ᠨᠡᠪᠲᠡᠷᠡᠬᠦ᠌ ᠵᠠᠮ》᠎ᠢ᠋ ᠰᠢᠯᠤᠭᠤᠳᠬᠠᠨ᠂ ᠭᠦᠶ᠋ᠴᠡᠳᠭᠡᠬᠦ᠌ ᠴᠤᠪᠤᠷᠠᠯ᠎ᠢ ᠤᠯᠠᠮ ᠳᠥᠭᠥᠮᠴᠢᠯᠡᠵᠦ᠍᠂ 7 ᠠᠵᠢᠯᠯᠠᠬᠤ ᠡᠳᠦᠷ᠎ᠦᠨ ᠳᠣᠲᠣᠷ᠎ᠠ ᠭᠦᠶ᠋ᠴᠡᠳᠭᠡᠭ᠌ᠰᠡᠨ ᠦᠷ᠎ᠡ ᠳ᠋ᠦᠩ ᠪᠤᠶᠤ ᠠᠬᠢᠴᠠ᠎ᠶ᠋ᠢᠨ ᠪᠠᠢᠳᠠᠯ᠎ᠢ ᠠᠵᠤ ᠠᠬᠤᠢᠯᠠᠯ᠎ᠳᠤ ᠬᠠᠷᠢᠭᠤ ᠲᠤᠰᠭᠠᠪᠠ; ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠴᠠᠭᠠᠵᠠ᠎ᠳᠤ ᠬᠣᠯᠪᠣᠭ᠍ᠳᠠᠭ᠍ᠰᠠᠨ ᠵᠠᠷᠭᠤ᠎ᠳᠤ ᠬᠣᠯᠪᠣᠭ᠍ᠳᠠᠭ᠍ᠰᠠᠨ ᠬᠡᠷᠡᠭ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠠᠷᠢᠭᠤ ᠰᠤᠷᠪᠤᠯᠵᠢᠯᠠᠬᠤ᠂ ᠬᠠᠨᠤᠮᠵᠢ᠎ᠶ᠋ᠢᠨ ᠬᠡᠮᠵᠢᠶ᠎ᠡ᠎ᠶ᠋ᠢ ᠪᠠᠢᠴᠠᠭᠠᠬᠤ ᠲᠣᠭ᠍ᠲᠠᠴᠠ ᠶ᠋ᠢ ᠪᠠᠢᠭᠤᠯᠵᠤ᠂ ᠨᠢᠭᠡᠨᠲᠡ ᠱᠢᠭᠦᠵᠦ᠍ ᠳᠠᠭᠤᠰᠭᠠᠭ᠍ᠰᠠᠨ᠂ ᠨᠢᠭᠡᠨᠲᠡ ᠪᠠᠢᠴᠠᠭᠠᠵᠤ ᠳᠠᠭᠤᠰᠭᠠᠭ᠍ᠰᠠᠨ᠂ ᠨᠢᠭᠡᠨᠲᠡ ᠨᠠᠮᠳᠠᠭᠤᠯᠤᠬᠰᠠᠨ ᠡᠯ᠎ᠡ ᠲᠦᠷᠦᠯ᠎ᠦᠨ ᠬᠡᠷᠡᠭ᠎ᠲᠦ ᠬᠠᠤᠯᠢ᠎ᠶ᠋ᠢ ᠲᠠᠢᠯᠪᠤᠷᠢᠯᠠᠵᠤ ᠶᠣᠰᠣ ᠤᠴᠢᠷ᠎ᠢ ᠲᠣᠳᠣᠷᠬᠠᠢᠯᠠᠬᠤ ᠠᠵᠢᠯ᠎ᠢ ᠴᠢᠩᠭᠠᠳᠭᠠᠵᠤ᠂ ᠠᠵᠤ ᠠᠬᠤᠢᠯᠠᠯ ᠳ᠋ᠤ ᠬᠡᠷᠡᠭ ᠤ᠋ᠨ ᠬᠤᠢᠨᠠᠬᠢ ᠦᠢᠯᠡᠴᠢᠯᠡᠭᠡ ᠬᠠᠩᠭᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号