ᠬᠦᠬᠡᠬᠤᠳᠠ
ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ ᠪᠡᠷ ᠭᠤᠤᠯ
ᠰᠢᠵᠢᠮ ᠪᠤᠯᠭᠠᠵᠤ᠂ 《ᠭᠤᠷᠪᠠᠨ ᠶᠡᠬᠡ ᠢᠨᠵᠸᠨ᠋ᠸᠷᠢᠩ》 ᠢ᠋ ᠲᠠᠪᠬᠤᠷᠭ᠎ᠠ ᠲᠦᠷᠦᠯ
ᠬᠤᠪᠢᠶᠠᠨ ᠤᠨᠢᠨ ᠲᠡᠭᠡᠷ᠎ᠡ ᠨᠢ ᠬᠡᠷᠡᠭᠵᠢᠬᠦᠯᠵᠦ᠂ ᠦᠨᠳᠦᠰᠦᠳᠡᠨ ᠤ᠋ ᠪᠦᠯᠬᠦᠮᠳᠡᠯ ᠲᠠᠪᠰᠢᠯᠳᠠ
ᠵᠢᠨ ᠡᠬᠦᠳᠦᠨ ᠪᠠᠢᠭᠤᠯᠬᠤ ᠠᠵᠢᠯᠯᠠᠭ᠎ᠠ ᠵᠢ ᠪᠦᠬᠦ ᠨᠡᠢᠬᠡᠮ
ᠳ᠋ᠤ ᠦᠷᠬᠡᠨ ᠲᠡᠯᠬᠡᠷ ᠦᠷᠨᠢᠬᠦᠯᠬᠦ ᠵᠢ ᠬᠦᠨᠵᠡᠬᠡᠢ ᠠᠬᠢᠭᠤᠯᠵᠤ ᠪᠤᠢ᠃ 《ᠭᠤᠷᠪᠠᠨ ᠶᠡᠬᠡ ᠢᠨᠵᠸᠨ᠋ᠸᠷᠢᠩ》 ᠬᠡᠳᠡᠭ ᠨᠢ᠂ ᠺᠠᠳ᠋ᠷᠴᠤᠳ
ᠤ᠋ᠨ ᠲᠤᠮᠳᠠ ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ
ᠬᠦᠮᠦᠵᠢᠯ ᠪᠤᠯᠪᠠᠰᠤᠷᠠᠯ ᠶᠠᠪᠤᠬᠳᠠᠭᠤᠯᠬᠤ᠂ ᠤᠯᠠᠨ ᠲᠦᠮᠡᠨᠴᠢ ᠴᠢᠨᠠᠷᠳᠠᠢ ᠤᠬᠠᠭᠤᠯᠭ᠎ᠠ ᠬᠦᠮᠦᠵᠢᠯ ᠤ᠋ᠨ ᠠᠵᠢᠯᠯᠠᠭ᠎ᠠ
ᠦᠷᠨᠢᠬᠦᠯᠬᠦ᠂ ᠲᠤᠮᠳᠠᠳᠤ ᠪᠠᠭ᠎ᠠ ᠰᠤᠷᠭᠠᠭᠤᠯᠢ ᠨᠤᠭᠤᠳ
ᠲᠦ᠍ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢᠨ ᠬᠦᠮᠦᠵᠢᠯ ᠤ᠋ᠨ 《ᠲᠤᠯᠤᠭᠠᠨ ᠨᠢᠬᠡ》 ᠵᠢᠨ ᠠᠵᠢᠯᠯᠠᠭ᠎ᠠ ᠦᠷᠨᠢᠬᠦᠯᠬᠦ
ᠵᠢ ᠬᠡᠯᠡᠵᠦ ᠪᠠᠢᠨ᠎ᠠ᠃
ᠦᠨᠳᠦᠰᠦᠳᠡᠨ
ᠤ᠋ ᠪᠦᠯᠬᠦᠮᠳᠡᠯ ᠲᠠᠪᠰᠢᠯᠳᠠ ᠵᠢᠨ ᠡᠬᠦᠳᠦᠨ ᠪᠠᠢᠭᠤᠯᠬᠤ ᠠᠵᠢᠯᠯᠠᠭ᠎ᠠ ᠪᠤᠯ ᠬᠦᠬᠡᠬᠤᠳᠠ ᠵᠢᠨ ᠲᠤᠮᠳᠠᠳᠤ ᠵᠢᠨ
ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ
ᠢ᠋ ᠪᠠᠳᠤ ᠴᠤᠬᠴᠠᠯᠠᠬᠤ《ᠰᠡᠳᠬᠢᠯ ᠢ᠋ ᠨᠢᠬᠳᠠᠷᠠᠭᠤᠯᠬᠤ ᠠᠵᠢᠯ》 ᠪᠤᠯᠬᠤ ᠪᠦᠬᠡᠳ ᠪᠠᠰᠠ
ᠴᠦ᠍ 《ᠵᠢᠱ᠌ᠢᠶᠡᠴᠢ ᠦᠪᠡᠷᠳᠡᠬᠡᠨ
ᠵᠠᠰᠠᠬᠤ ᠤᠷᠤᠨ》 ᠤ᠋ ᠡᠷᠬᠢᠮ ᠲᠡᠭᠡᠳᠦ
ᠢᠷᠠᠭᠤ ᠠᠯᠳᠠᠷ ᠢ᠋ ᠬᠠᠮᠠᠭᠠᠯᠠᠬᠤ ᠪᠤᠳᠠᠳᠠᠢ ᠠᠵᠢᠯᠯᠠᠭ᠎ᠠ ᠪᠤᠯᠤᠨ᠎ᠠ᠃ ᠬᠦᠬᠡᠬᠤᠳᠠ ᠤᠷᠤᠨᠤ ᠲᠦᠪ ᠬᠤᠳᠠ ᠪᠤᠯᠤᠭᠰᠠᠨᠤ
ᠬᠤᠪᠢ ᠳ᠋ᠤ᠂ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢᠨ ᠡᠬᠦᠳᠦᠨ ᠪᠠᠢᠭᠤᠯᠬᠤ ᠠᠵᠢᠯᠯᠠᠭ᠎ᠠ ᠵᠢ 《ᠨᠢᠬᠡᠳᠦᠬᠡᠷ ᠬᠠᠷᠢᠭᠤᠴᠠᠯᠭᠠᠳᠠᠨ》 ᠤ᠋ ᠠᠵᠢᠯ ᠪᠤᠯᠭᠠᠵᠤ᠂ ᠬᠠᠮᠢᠶ᠎ᠠ ᠪᠦᠬᠦᠢ ᠵᠢᠯᠤᠭᠤᠳᠬᠤ ᠴᠢᠨᠠᠷᠳᠠᠢ ᠪᠢᠴᠢᠭ ᠮᠠᠲᠸᠷᠢᠶᠠᠯ ᠲᠠᠷᠬᠠᠭᠠᠵᠤ᠂ ᠪᠤᠳᠠᠳᠠᠢ ᠠᠷᠭ᠎ᠠ ᠬᠡᠮᠵᠢᠶ᠎ᠡ
ᠲᠤᠬᠳᠠᠭᠠᠵᠤ᠂ ᠡᠬᠦᠳᠦᠨ ᠪᠠᠢᠭᠤᠯᠬᠤ ᠠᠵᠢᠯ ᠢ᠋ ᠠᠬᠢᠭᠤᠯᠵᠤ ᠪᠠᠢᠭ᠎ᠠ ᠵᠢ ᠦᠨᠡᠯᠡᠬᠦᠰᠢᠳᠡᠢ ᠶᠤᠮ᠃
ᠦᠨᠳᠦᠰᠦᠳᠡᠨ
ᠤ᠋ ᠪᠦᠯᠬᠦᠮᠳᠡᠯ ᠲᠠᠪᠰᠢᠯᠳᠠ ᠵᠢᠨ ᠡᠬᠦᠳᠦᠨ ᠪᠠᠢᠭᠤᠯᠬᠤ
ᠠᠵᠢᠯᠯᠠᠭ᠎ᠠ ᠵᠢ ᠵᠠᠰᠠᠬ ᠤ᠋ᠨ ᠲᠠᠯ᠎ᠠ ᠡᠴᠨ ᠪᠢᠴᠢᠭ ᠮᠠᠲᠸᠷᠢᠶᠠᠯ ᠬᠤᠷᠠᠯ ᠴᠤᠭᠯᠠᠭᠠᠨ ᠲᠡᠭᠡᠷ᠎ᠡ ᠴᠢᠬᠤᠯᠠᠴᠢᠯᠠᠭᠠᠳ
ᠯᠠ ᠪᠤᠯᠴᠢᠬᠠᠬᠤ ᠪᠢᠰᠢ᠂ ᠬᠠᠷᠢᠨ ᠦᠷᠬᠡᠨ ᠤᠯᠠᠨ ᠺᠠᠳ᠋ᠷ ᠤᠯᠠᠨ ᠲᠦᠮᠡᠨ᠂ ᠨᠡᠢᠬᠡᠮ ᠤ᠋ᠨ ᠡᠯ᠎ᠡ ᠡᠳᠡᠬᠡᠳ ᠤ᠋ᠨ
ᠦᠷᠭᠡᠨ ᠲᠡᠯᠭᠡᠷ ᠦᠨᠡᠨ ᠪᠤᠳᠠᠳᠠᠢ ᠤᠷᠤᠯᠴᠠᠯᠭ᠎ᠠ ᠦᠢᠯᠡᠳᠦᠯᠭᠡᠵᠢᠬᠦᠯᠦᠯ ᠶᠠᠭᠤᠨ ᠡᠴᠨ ᠴᠦ᠍ ᠴᠢᠬᠤᠯᠠ ᠶᠤᠮ᠂ ᠡᠨᠡ ᠪᠤᠯ ᠮᠦᠨ ᠴᠸ᠋ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢᠨ ᠡᠬᠦᠳᠦᠨ
ᠪᠠᠢᠭᠤᠯᠬᠤ ᠠᠵᠢᠯ ᠤ᠋ᠨ ᠰᠢᠯᠭᠠᠭᠤᠷ ᠪᠠᠢᠵᠤ ᠲᠠᠭᠠᠷᠠᠨ᠎ᠠ᠃ ᠬᠦᠬᠡᠬᠤᠳᠠ ᠵᠢᠨ ᠬᠢᠨ 《ᠭᠤᠷᠪᠠᠨ ᠶᠡᠬᠡ ᠢᠨᠵᠸᠨ᠋ᠸᠷᠢᠩ》 ᠢ᠋ ᠤᠨᠤᠴᠠᠳᠠᠢ ᠬᠡᠷᠡᠭᠵᠢᠬᠦᠯᠵᠦ᠂
ᠤᠯᠠᠨ ᠲᠦᠮᠡᠨᠤ ᠤᠷᠤᠯᠴᠠᠯᠭ᠎ᠠ ᠵᠢ ᠢᠳᠡᠪᠬᠢᠳᠡᠢ ᠲᠠᠢᠴᠢᠯᠠᠵᠤ᠂ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢᠨ ᠡᠬᠦᠳᠦᠨ ᠪᠠᠢᠭᠤᠯᠬᠤ ᠠᠵᠢᠯᠯᠠᠭ᠎ᠠ
ᠵᠢ ᠪᠦᠬᠦ ᠤᠷᠤᠨ ᠪᠦᠰᠡ ᠳ᠋ᠤ ᠪᠦᠷᠬᠦᠬᠦᠯᠵᠦ ᠪᠠᠢᠭ᠎ᠠ ᠨᠢ
ᠡᠯ᠎ᠡ ᠭᠠᠵᠠᠷ ᠤᠷᠤᠨᠤ ᠬᠢᠨ ᠳ᠋ᠤ ᠦᠯᠢᠭᠡᠷ ᠵᠢᠱ᠌ᠢᠶ᠎ᠡ
ᠪᠤᠯᠵᠤ ᠪᠤᠯᠤᠨ᠎ᠠ᠃ ᠺᠠᠳ᠋ᠷᠴᠤᠳ ᠤ᠋ᠨ ᠲᠤᠮᠳᠠ ᠲᠤᠮᠳᠠᠳᠤ
ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ ᠬᠦᠮᠦᠵᠢᠯ ᠪᠤᠯᠪᠠᠰᠤᠷᠠᠯ
ᠦᠷᠨᠢᠬᠦᠯᠬᠦ ᠢᠨᠵᠸᠨ᠋ᠸᠷᠢᠩ ᠨᠢ 1104 ᠬᠤᠭᠤᠴᠠᠭᠠᠨᠤ ᠬᠦᠮᠦᠵᠢᠯ ᠪᠤᠯᠪᠠᠰᠤᠷᠠᠯ ᠢ᠋ ᠵᠤᠬᠢᠶᠠᠨ ᠪᠠᠢᠭᠤᠯᠵᠤ᠂ ᠺᠠᠳ᠋ᠷᠴᠤᠳᠤ᠋ᠨ ᠲᠤᠮᠳᠠ ᠤᠨᠤᠯ ᠰᠤᠷᠤᠯᠴᠠᠯᠭ᠎ᠠ ᠵᠢ ᠪᠦᠷᠬᠦᠬᠦᠯᠪᠡ; ᠤᠯᠠᠨ ᠲᠦᠮᠡᠨᠴᠢ ᠴᠢᠨᠠᠷᠳᠠᠢ
ᠤᠬᠠᠭᠤᠯᠭ᠎ᠠ ᠬᠦᠮᠦᠵᠢᠯ ᠤ᠋ᠨ ᠠᠵᠢᠯᠯᠠᠭ᠎ᠠ ᠦᠷᠨᠢᠬᠦᠯᠬᠦ ᠢᠨᠵᠸᠨ᠋ᠸᠷᠢᠩ ᠨᠢ ᠡᠯ᠎ᠡ ᠵᠦᠢᠯ ᠤ᠋ᠨ ᠤᠬᠠᠭᠤᠯᠭ᠎ᠠ
ᠬᠦᠮᠦᠵᠢᠯ ᠤ᠋ᠨ ᠠᠵᠢᠯᠯᠠᠭ᠎ᠠ ᠵᠢ ᠠᠷᠠᠳ ᠤᠯᠠᠨ ᠤ᠋ ᠡᠳᠦᠷ ᠲᠤᠳᠤᠮ ᠤ᠋ᠨ ᠠᠮᠢᠳᠤᠷᠠᠯ ᠳ᠋ᠤ ᠠᠭᠤᠰᠬᠠᠬᠤ ᠵᠢ ᠪᠡᠶᠡᠯᠡᠬᠦᠯᠵᠦ᠂
ᠪᠦᠯᠬᠦᠮᠳᠡᠯ ᠲᠠᠪᠰᠢᠯᠳᠠ ᠵᠢᠨ ᠡᠬᠦᠳᠦᠨ ᠪᠠᠢᠭᠤᠯᠬᠤ ᠠᠵᠢᠯᠯᠠᠭ᠎ᠠ ᠵᠢ ᠲᠡᠰ ᠲᠡᠪᠰᠢᠬᠦᠯᠦᠨ᠎ᠡ; ᠲᠤᠮᠳᠠᠳᠤ ᠪᠠᠭ᠎ᠠ ᠰᠤᠷᠭᠠᠭᠤᠯᠢ ᠨᠤᠭᠤᠳ ᠲᠦ᠍ ᠦᠨᠳᠦᠰᠦᠳᠡᠨ
ᠤ᠋ ᠪᠦᠯᠬᠦᠮᠳᠡᠯ ᠲᠠᠪᠰᠢᠯᠳᠠ ᠵᠢᠨ ᠬᠦᠮᠦᠵᠢᠯ ᠤ᠋ᠨ 《ᠲᠤᠯᠤᠭᠠᠨ ᠨᠢᠬᠡ》 ᠵᠢᠨ ᠠᠵᠢᠯᠯᠠᠭ᠎ᠠ ᠦᠷᠨᠢᠬᠦᠯᠬᠦ ᠢᠨᠵᠸᠨ᠋ᠸᠷᠢᠩ ᠨᠢ ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ
ᠴᠤᠬᠴᠠ ᠵᠢᠨ ᠤᠬᠠᠮᠰᠠᠷ ᠢ᠋ ᠪᠠᠭᠠᠴᠤᠳ ᠬᠡᠦᠬᠡᠳ ᠤ᠋ᠨ ᠰᠡᠳᠬᠢᠯ ᠳ᠋ᠤ ᠦᠨᠳᠦᠰᠦᠯᠡᠬᠦᠯᠬᠦ ᠵᠢ ᠦᠨᠡᠨ ᠪᠤᠳᠠᠳᠠᠢ
ᠠᠬᠢᠭᠤᠯᠤᠨ᠎ᠠ᠃
ᠰᠡᠳᠬᠢᠯᠤᠨ
ᠬᠦᠴᠦᠨ ᠪᠤᠯ ᠠᠤᠭ᠎ᠠ ᠶᠡᠭᠡ ᠶᠤᠮ᠃ ᠬᠦᠬᠡᠬᠤᠳᠠ《ᠭᠤᠷᠪᠠᠨ ᠶᠡᠬᠡ ᠢᠨᠵᠸᠨ᠋ᠸᠷᠢᠩ》 ᠵᠢᠡᠷ ᠦᠨᠳᠦᠰᠦᠳᠡᠨ ᠨᠤᠬᠦᠳᠤᠨ ᠤᠯᠠᠨ ᠲᠦᠮᠡᠨᠤ ᠪᠦᠯᠬᠦᠮᠳᠡᠯ ᠲᠠᠪᠰᠢᠯᠳᠠ ᠵᠢ ᠬᠦᠨᠵᠡᠭᠡᠢᠷᠡᠬᠦᠯᠦᠨ ᠠᠬᠢᠭᠤᠯᠬᠤ 《ᠰᠡᠳᠬᠢᠯᠤᠨ ᠢᠨᠵᠸᠨ᠋ᠸᠷᠢᠩ》 ᠪᠤᠯᠭᠠᠵᠤ᠂ ᠺᠠᠳ᠋ᠷ᠂ ᠤᠯᠠᠨ ᠲᠦᠮᠡᠨ᠂ ᠰᠤᠷᠤᠬᠴᠢᠳ ᠤ᠋ᠨ ᠲᠤᠮᠳᠠ ᠦᠨᠳᠦᠰᠦᠳᠡᠨ ᠤ᠋ ᠪᠦᠯᠬᠦᠮᠳᠡᠯ
ᠲᠠᠪᠰᠢᠯᠳᠠ ᠵᠢᠨ ᠡᠬᠦᠳᠦᠨ ᠪᠠᠢᠭᠤᠯᠬᠤ ᠠᠵᠢᠯᠯᠠᠭ᠎ᠠ ᠵᠢ ᠪᠦᠷᠬᠦᠬᠦᠯᠵᠦ᠂ ᠠᠤᠭ᠎ᠠ ᠶᠡᠭᠡ ᠰᠡᠳᠬᠢᠯᠤᠨ ᠬᠦᠴᠦᠨᠢ ᠲᠠᠢᠴᠢᠯᠠᠨ ᠬᠦᠭᠵᠢᠭᠡᠵᠦ᠂ ᠪᠦᠬᠦ ᠤᠯᠤᠰᠤᠨ ᠦᠨᠳᠦᠰᠦᠳᠡᠨᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠬᠦᠯᠬᠦ ᠬᠤᠳᠠ
ᠵᠢ ᠡᠬᠦᠳᠦᠨ ᠪᠠᠢᠭᠤᠯᠬᠤ ᠵᠠᠮ ᠵᠢᠡᠷ ᠲᠤᠷᠪᠢᠳᠠᠢ ᠤᠷᠤᠭᠰᠢᠯᠠᠨ᠎ᠠ᠃