ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ᠂ 13 ᠲᠠᠯ᠎ᠠ ᠵᠢᠨ 42 ᠵᠦᠶ᠋ᠯ᠎ᠤᠨ ᠪᠣᠳᠠᠲᠠᠶ ᠠᠵᠢᠯᠯᠠᠬᠤ ᠠᠷᠭ᠎ᠠ ᠬᠡᠮᠵᠢᠶ᠎ᠡ ᠲᠣᠭ᠍ᠲᠠᠭᠠᠵᠤ᠂ ᠠᠷᠠᠳ᠎ᠤᠨ ᠶᠠᠪᠤᠳᠠᠯ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠱᠢᠨ᠎ᠡ ᠳᠡᠭᠡᠭ᠌ᠰᠢᠯᠡᠯᠲᠡ᠎ᠲᠡᠶ ᠪᠣᠯᠭᠠᠬᠤ᠎ᠶ᠋ᠢ ᠪᠥᠬᠥ᠌ ᠬᠦᠴᠦᠨ᠎ᠢᠶᠡᠷ ᠵᠢᠡᠨ ᠠᠬᠢᠭᠤᠯᠵᠤ ᠪᠤᠢ ᠃
ᠳᠤᠰ 13 ᠲᠠᠯ᠎ᠠ ᠵᠢᠨ ᠠᠵᠢᠯ᠎ᠳᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠶ᠋ᠢ ᠦᠷᠭᠦᠯᠵᠢᠯᠡᠨ ᠠᠬᠢᠭᠤᠯᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠦᠶ᠋ᠯᠡᠰ᠎ᠢ《ᠠᠯᠠᠭᠠᠨ ᠳᠡᠭᠡᠷ᠎ᠡ᠎ᠪᠡᠨ ᠭᠦᠶ᠋ᠴᠡᠳᠭᠡᠬᠦ᠌》᠎ᠶ᠋ᠢ ᠬᠡᠷᠡᠭ᠌ᠵᠢᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠶ᠋ᠯᠡᠴᠢᠯᠡᠭᠡᠨ᠎ᠦ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ ᠂ ᠳᠤᠲᠠᠭᠤᠳᠠᠯ ᠲᠠᠢ ᠭᠤᠶᠤᠴᠢᠯᠠᠯ᠎ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠠᠵᠢᠯ᠎ᠢ ᠠᠬᠢᠭᠤᠯᠬᠤ᠂ ᠭᠡᠷᠡᠴᠢᠯᠡᠬᠦ᠌ ᠵᠦᠢᠯᠡᠰ᠎ᠢ ᠮᠡᠳᠡᠭ᠌ᠳᠡᠬᠦ᠌ ᠠᠮᠠᠯᠠᠯᠲᠠ᠎ᠶ᠋ᠢᠨ ᠳᠦᠷᠢᠮ᠎ᠢ ᠴᠢᠨᠠᠭᠰᠢᠲᠠ ᠠᠬᠢᠭᠤᠯᠬᠤ᠂ ᠡᠯᠧᠺᠲ᠋ᠷᠣᠨ ᠭᠡᠷᠡᠴᠢ ᠦᠨᠡᠮᠯᠡᠯ ᠪᠠ ᠡᠯᠧᠺᠲ᠋ᠷᠣᠨ ᠲᠠᠮᠠᠭ᠎ᠠ᠎ᠶ᠋ᠢᠨ ᠬᠡᠷᠡᠭ᠌ᠯᠡᠯᠲᠡ᠎ᠶ᠋ᠢ ᠥᠷᠭᠡᠳᠭᠡᠬᠦ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠨᠤᠮᠵᠢ᠎ᠶ᠋ᠢᠨ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠂ ᠣᠷᠣᠭ᠎ᠤᠨ ᠳᠠᠩᠰᠠᠯᠠᠭᠤᠯᠤᠯᠲᠠ᠎ᠶ᠋ᠢ ᠠᠢᠮᠠᠭ ᠬᠣᠲᠠ ᠰᠤᠨᠳᠠᠯᠠᠨ ᠨᠡᠢᠳᠡᠮ ᠭᠦᠶ᠋ᠴᠡᠳᠭᠡᠬᠦ᠌᠎ᠶ᠋ᠢ ᠠᠬᠢᠭᠤᠯᠬᠤ ᠂ ᠪᠠᠭ᠍ᠲᠠᠭᠠᠮᠵᠢᠲᠠᠢ ᠪᠣᠯᠭᠣᠮᠵᠢᠲᠠᠢ ᠬᠢᠨᠠᠯᠲᠠ ᠬᠠᠮᠢᠶᠠᠷᠤᠯᠲᠠ᠎ᠶ᠋ᠢ ᠰᠦᠪᠡᠭ᠌ᠴᠢᠯᠡᠨ ᠬᠡᠷᠡᠭ᠌ᠵᠢᠭᠦᠯᠬᠦ᠂《ᠬᠣᠶᠠᠷ᠎ᠢ ᠰᠤᠭᠤᠴᠢᠵᠤ ᠨᠢᠭᠡ᠎ᠶ᠋ᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ᠎ᠶ᠋ᠢ ᠦᠷᠭᠦᠯᠵᠢᠯᠡᠨ ᠠᠬᠢᠭᠤᠯᠬᠤ᠂ ᠵᠠᠰᠠᠭ᠎ᠤᠨ ᠶᠠᠪᠤᠳᠠᠯ᠎ᠤᠨ ᠢᠲᠡᠭᠡᠮᠵᠢ ᠪᠠᠨ ᠠᠯᠳᠠᠭ᠍ᠰᠠᠨ ᠠᠵᠢᠯᠯᠠᠭ᠎ᠠ᠎ᠳᠤ ᠬᠢᠨᠠᠯᠲᠠ ᠲᠠᠯᠪᠢᠨ ᠵᠠᠰᠠᠬᠤ ᠡᠷᠴᠢᠮ᠎ᠢᠶᠡᠨ ᠴᠢᠩᠭᠠᠷᠠᠭᠤᠯᠬᠤ᠂ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤᠨ᠎ᠤ ᠠᠵᠢᠯ᠎ᠢ ᠵᠢᠷᠤᠮᠵᠢᠭᠤᠯᠬᠤ᠂ ᠭᠠᠳᠠᠭᠠᠳᠤ᠎ᠳᠤ ᠬᠣᠯᠪᠣᠭ᠍ᠳᠠᠬᠤ ᠦᠶ᠋ᠯᠡᠴᠢᠯᠡᠭᠡᠨ᠎ᠦ ᠲᠤᠰᠭᠠᠶ ᠪᠤᠯᠤᠩ ᠨᠡᠭᠡᠭᠡᠬᠦ ᠵᠡᠷᠭᠡ ᠪᠠᠬᠳᠠᠨ᠎ᠠ ᠃
42 ᠵᠦᠶ᠋ᠯ᠎ᠦᠨ ᠪᠣᠳᠠᠲᠠᠶ ᠠᠵᠢᠯᠯᠠᠬᠤ ᠠᠷᠭ᠎ᠠ ᠬᠡᠮᠵᠢᠶ᠎ᠡ᠎ᠳᠤ ᠣᠨᠴᠠᠭᠠᠢᠯᠠᠨ ᠠᠩᠬᠠᠷᠤᠭᠤᠱᠢᠲᠠᠶ ᠵᠦᠶ᠋ᠯ ᠭᠡᠪᠡᠯ᠄ ᠣᠷᠣᠭ᠎ᠤᠨ ᠳᠠᠩᠰᠠᠯᠠᠭᠤᠯᠤᠯᠲᠠ᠎ᠶ᠋ᠢ《ᠬᠣᠱᠢᠭᠤ ᠱᠢᠶᠠᠨ ᠲᠣᠭᠣᠷᠢᠭ ᠰᠤᠨᠳᠠᠯᠠᠨ ᠨᠡᠢᠳᠡᠮ ᠭᠦᠶ᠋ᠴᠡᠳᠭᠡᠬᠦ᠌》᠂ 《ᠪᠥᠬᠥ᠌ ᠬᠣᠲᠠ᠎ᠳᠤ ᠨᠡᠢᠳᠡᠮ ᠭᠦᠶ᠋ᠴᠡᠳᠭᠡᠬᠦ᠌》 ᠲᠤᠷᠱᠢᠯᠲᠠ᠎ᠶ᠋ᠢᠨ ᠴᠡᠭ ᠤᠨ ᠠᠵᠢᠯ᠎ᠢ ᠢᠳᠡᠪᠬᠢᠲᠡᠶ ᠠᠬᠢᠭᠤᠯᠵᠤ ᠂ ᠲᠤᠷᠱᠢᠯᠲᠠ ᠵᠢᠨ ᠴᠡᠭ ᠤ᠋ᠨ ᠠᠵᠢᠯ ᠨᠠᠯᠢᠶᠠᠳ ᠪᠤᠯᠪᠠᠰᠤᠷᠠᠡᠭᠭᠤᠢ ᠪᠤᠯᠤᠭᠰᠠᠨ᠎ᠤ ᠲᠠᠷᠠᠭ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠣᠷᠣᠭ᠎ᠤᠨ ᠳᠠᠩᠰᠠᠯᠠᠭᠤᠯᠤᠯᠲᠠ᠎ᠶ᠋ᠢ《ᠣᠷᠣᠨ᠎ᠤ ᠳᠣᠲᠣᠷ᠎ᠠ ᠨᠡᠢᠳᠡᠮ ᠭᠦᠶ᠋ᠴᠡᠳᠭᠡᠬᠦ᠌》 ᠵᠢᠭᠠᠪᠤᠷᠢ ᠠᠪᠴᠤ᠌᠂ ᠣᠷᠣᠭ᠎ᠤᠨ ᠳᠠᠩᠰᠠᠯᠠᠭᠤᠯᠤᠯᠲᠠ ᠶ᠋ᠢ ᠣᠷᠣᠨ᠎ᠤ ᠳᠣᠲᠣᠷ᠎ᠠ ᠨᠡᠢᠳᠡᠮ ᠭᠦᠶ᠋ᠴᠡᠳᠭᠡᠬᠦ᠌》᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠣᠯᠠᠨ ᠲᠦᠮᠡᠨ᠎ᠳᠦ ᠨᠠᠩ ᠳᠥᠭᠥᠮ ᠳᠥᠲᠡ ᠥᠨᠳᠥᠷ ᠪᠦᠲᠦᠮᠵᠢᠲᠡᠶ ᠣᠷᠣᠭ᠎ᠤᠨ ᠳᠠᠩᠰᠠᠯᠠᠯᠳᠠ ᠬᠢᠬᠦ ᠦᠶ᠋ᠯᠡᠴᠢᠯᠡᠭᠡ ᠬᠠᠩᠭᠠᠨ᠎ᠠ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠲᠠᠢ ᠢᠳᠡᠪᠬᠢᠲᠡᠶ᠎ᠪᠡᠷ ᠵᠣᠬᠢᠴᠠᠭᠤᠯᠵᠤ᠂ ᠡᠯ᠎ᠡ ᠠᠢᠮᠠᠭ ᠬᠣᠲᠠ᠎ᠳᠤ ᠨᠠᠰᠤᠲᠠᠢᠴᠤᠳ᠎ᠲᠤ ᠦᠶ᠋ᠯᠡᠴᠢᠯᠡᠬᠦ᠌ ᠬᠠᠯᠠᠮᠱᠢᠯ ᠤᠲᠠᠰᠤ ᠨᠡᠪᠲᠡᠷᠡᠭᠦᠯᠵᠦ᠍᠂ ᠡᠯ᠎ᠡ ᠭᠠᠵᠠᠷ᠎ᠤᠨ ᠢᠨᠲ᠋ᠧᠷ ᠰᠦᠯᠵᠢᠶ᠎ᠡ᠂ ᠭᠠᠷ ᠤᠲᠠᠰᠤᠨ᠎ᠤ APP᠂ ᠨᠠᠰᠤᠲᠠᠢᠴᠤᠳ᠎ᠲᠤ ᠦᠶ᠋ᠯᠡᠴᠢᠯᠡᠬᠦ᠌ ᠬᠠᠯᠠᠮᠱᠢᠯ ᠤᠲᠠᠰᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠬᠡᠷᠡᠭ᠌ᠴᠡᠭᠡ ᠱᠠᠭᠠᠷᠳᠠᠯᠭ᠎ᠠ᠎ᠲᠠᠶ ᠨᠠᠰᠤᠲᠠᠢᠴᠤᠳ᠎ᠲᠤ ᠬᠣᠭᠣᠯᠠ᠂ ᠡᠮᠴᠢᠯᠡᠭᠡ᠂ ᠤᠬᠢᠶᠠᠯᠠᠭ᠎ᠠ᠂ ᠴᠡᠪᠡᠷᠯᠡᠭᠡ᠂ ᠶᠠᠪᠤᠵᠤ ᠰᠠᠭᠤᠬᠤ᠂ ᠪᠠᠴᠢᠮ ᠪᠠᠢᠳᠠᠯ᠎ᠢ ᠲᠤᠰᠠᠯᠠᠬᠤ ᠵᠡᠷᠭᠡ ᠬᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ ᠲᠸ᠋ ᠠᠰᠠᠷᠠᠮᠵᠢ ᠵᠢᠨ ᠦᠶ᠋ᠯᠡᠴᠢᠯᠡᠭᠡ ᠬᠠᠩᠭᠠᠬᠤ᠎ᠶ᠋ᠢ ᠠᠬᠢᠭᠤᠯᠵᠤ᠂ ᠥᠷᠭᠡᠨ ᠣᠯᠠᠨ ᠨᠠᠰᠤᠲᠠᠢᠴᠤᠳ᠎ᠤᠨ ᠦᠨᠳᠦᠰᠦᠨ ᠨᠠᠰᠤᠵᠢᠯ᠎ᠤᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ;《ᠲᠡᠵᠢᠭᠡᠬᠦ᠌ ᠬᠥᠮᠦᠨ ᠥᠬᠡᠶ ᠬᠡᠦᠬᠡᠳ᠎ᠢ ᠪᠣᠳᠠᠲᠠᠶ ᠠᠰᠠᠷᠠᠨ 〈ᠨᠠᠷᠢᠯᠢᠭ ᠵᠢᠭ᠍ᠰᠠᠭᠠᠨ ᠪᠠᠢᠴᠠᠭᠠᠬᠤ᠂ ᠨᠠᠷᠢᠯᠢᠭ ᠨᠤᠲᠠᠯᠠᠨ ᠲᠣᠭ᠍ᠲᠠᠭᠠᠬᠤ᠂ ᠨᠠᠷᠢᠯᠢᠭ ᠣᠨᠣᠪᠴᠢᠲᠠᠶ ᠪᠠᠲᠤᠯᠠᠬᠤ〉ᠠᠵᠢᠯ᠎ᠢ ᠴᠢᠨᠠᠭᠰᠢᠲᠠ ᠰᠠᠢᠲᠤᠷ ᠬᠢᠬᠦ᠌ ᠲᠤᠬᠠᠶ ᠮᠡᠳᠡᠭ᠌ᠳᠡᠯ》 ᠲᠣᠭ᠍ᠲᠠᠭᠠᠵᠤ᠂ 《ᠬᠤᠪᠢ ᠬᠥᠮᠦᠨ᠎ᠦ ᠭᠤᠶᠤᠴᠢᠯᠠᠬᠤ ᠠᠮᠠᠯᠠᠯᠲᠠ + ᠰᠤᠮᠤ ᠱᠢᠶᠠᠩ ᠪᠠᠯᠭᠠᠰᠤ᠎ᠶ᠋ᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ) ᠤ᠋ ᠪᠠᠢᠴᠠᠭᠠᠨ ᠱᠢᠯᠭᠠᠬᠤ + ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠨᠤᠲᠠᠯᠠᠬᠤ》 ᠲᠠᠰ ᠳᠠᠷᠠᠭᠠᠯᠠᠯ ᠶᠣᠰᠣᠭᠠᠷ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠠᠵᠢᠯ ᠥᠷᠨᠢᠭᠦᠯᠬᠦ᠌ᠪᠤᠯᠤᠨᠠ᠃ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠦᠨ ᠬᠠᠮᠢᠶ᠎ᠠ ᠪᠥᠬᠥᠶ ᠭᠡᠷᠡᠴᠢᠯᠡᠬᠦ᠌ ᠵᠦᠶ᠋ᠯᠡᠰ᠎ᠲᠦ᠂ ᠣᠨᠴᠠᠭᠠᠶ ᠪᠠᠢᠳᠠᠯ ᠥᠬᠡᠶ ᠪᠣᠯ ᠴᠥᠮ ᠮᠡᠳᠡᠭ᠌ᠳᠡᠵᠦ᠍ ᠠᠮᠠᠯᠳᠠᠬᠤ ᠲᠦᠷᠢᠮ᠎ᠢ ᠬᠡᠷᠡᠭ᠌ᠵᠢᠭᠦᠯᠵᠦ᠍᠂ ᠭᠤᠶᠤᠴᠢᠯᠠᠭ᠍ᠴᠢ᠎ᠡᠴᠡ《ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠦᠨ ᠭᠡᠷᠡᠴᠢᠯᠡᠬᠦ᠌ ᠵᠦᠶ᠋ᠯᠡᠰ᠎ᠢ ᠮᠡᠳᠡᠭ᠌ᠳᠡᠵᠦ᠍ ᠠᠮᠠᠯᠳᠠᠬᠤ ᠪᠢᠴᠢᠭ》 ᠢ᠋ ᠲᠠᠭ᠍ᠯᠠᠵᠤ᠂ ᠬᠠᠮᠢᠶ᠎ᠠ ᠪᠥᠬᠥᠶ ᠭᠡᠷᠡᠴᠢ᠎ᠶ᠋ᠢ ᠬᠠᠷᠭᠤᠭᠤᠯᠤᠨ ᠪᠠᠢᠴᠠᠭᠠᠬᠤ ᠠᠵᠢᠯᠲᠠᠨ ᠡᠷᠦᠬᠡ᠎ᠳᠦ ᠬᠦᠷᠴᠦ᠍ ᠪᠠᠢᠴᠠᠭᠠᠬᠤ᠂ ᠬᠥᠷᠰᠢ ᠵᠡᠷᠭᠡᠯᠡᠳᠡᠭᠡᠡᠷᠦᠭᠡ ᠵᠢ ᠨᠢ ᠰᠤᠷᠪᠤᠯᠵᠢᠯᠠᠬᠤ᠂ ᠮᠡᠳᠡᠭᠡ ᠵᠠᠩᠭᠢ᠎ᠶ᠋ᠢ ᠬᠠᠷᠢᠴᠠᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠣᠯᠵᠤ᠂ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠳᠠᠷᠤᠭᠠᠰᠤ᠎ᠶ᠋ᠢ ᠬᠥᠩᠭᠡᠷᠡᠭᠦᠯᠵᠦ᠍᠂ ᠲᠣᠭ᠎ᠠ ᠪᠠᠷᠢᠮᠲᠠ᠎ᠶ᠋ᠢ ᠢᠯᠡᠭᠦᠬᠡᠨ ᠭᠦᠶᠦᠯᠭᠡᠨ ᠣᠯᠠᠨ ᠲᠦᠮᠡᠨ᠎ᠢ ᠳᠤᠲᠠᠭᠤ ᠭᠦᠶᠦᠯᠭᠡᠬᠦ ᠵᠢ ᠠᠬᠢᠭᠤᠯᠵᠤ ᠪᠤᠢ᠃