ᠭᠠᠢᠯᠢ ᠲᠠᠲᠠᠪᠤᠷᠢ᠎ᠶᠢᠨ ᠬᠠᠤᠯᠢ ᠪᠠᠷᠢᠬᠤ ᠪᠠᠲᠤᠯᠠᠭ᠎ᠠ᠎ᠶᠢᠨ ᠴᠢᠳᠠᠪᠤᠷᠢ ᠪᠣᠯᠤᠨ ᠬᠠᠤᠯᠢ ᠶᠣᠰᠣᠭᠠᠷ ᠭᠠᠢᠯᠢ ᠵᠢ ᠵᠠᠰᠠᠬᠤ ᠲᠦᠪᠰᠢᠨ᠎ᠢ ᠳᠡᠭᠡᠭᠰᠢᠯᠡᠭᠦᠯᠬᠦ᠎ᠶᠢᠨ ᠲᠥᠯᠥᠭᠡ᠂ ᠤᠷᠠᠳ᠎ᠤᠨ ᠡᠮᠦᠨᠡᠲᠦ ᠬᠣᠰᠢᠭᠤᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠪᠣᠯᠤᠨ ᠬᠣᠰᠢᠭᠤᠨ᠎ᠤ ᠪᠠᠢᠴᠠᠭᠠᠬᠤ ᠬᠣᠷᠢᠶ᠎ᠠ ᠬᠠᠮᠲᠤᠷᠠᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠥᠷᠲᠡᠭᠡ ᠭᠠᠷᠭᠠᠵᠤ᠂ ᠭᠠᠢᠯᠢ᠎ᠶᠢᠨ ᠶᠠᠪᠤᠳᠠᠯ ᠪᠤᠯᠤᠨ ᠪᠠᠢᠴᠠᠭᠠᠬᠤ ᠠᠵᠢᠯ ᠤᠨ ᠲᠠᠯ᠎ᠠ ᠵᠢᠨ ᠬᠣᠶᠠᠷ ᠲᠠᠯ᠎ᠠ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠠᠮᠲᠤ᠎ᠪᠠᠷ ᠬᠦᠴᠦᠯᠡᠨ ᠰᠢᠯᠢᠳᠡᠭᠵᠢᠭᠦᠯᠵᠤ ᠪᠤᠢ᠃
ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠥᠷᠲᠡᠭᠡ᠎ᠨᠢ ᠲᠣᠭᠲᠠᠮᠠᠯ ᠬᠤᠭᠤᠴᠠᠭ᠎ᠠ᠎ᠲᠠᠶ᠎ᠪᠠᠷ ᠮᠡᠳᠡᠯᠭᠡ᠎ᠶᠢᠨ ᠲᠠᠢᠯᠤᠮᠵᠢ ᠬᠢᠬᠦ᠎ᠡᠴᠡ ᠭᠠᠳᠠᠨ᠎ᠠ ᠪᠠᠰᠠ ᠲᠣᠭᠲᠠᠮᠠᠯ ᠪᠤᠰᠤ ᠬᠤᠭᠤᠴᠠᠭ᠎ᠠ᠎ᠲᠠᠶ᠎ᠪᠠᠷ ᠭᠠᠢᠯᠢ᠎ᠶᠢᠨ ᠶᠠᠪᠤᠳᠠᠯ᠎ᠤᠨ ᠠᠵᠢᠯᠲᠠᠨ ᠪᠠ ᠪᠠᠢᠴᠠᠭᠠᠬᠤ ᠠᠵᠢᠯᠲᠠᠨ᠎ᠢ ᠴᠡᠭ ᠲᠤ᠌ ᠲᠣᠮᠢᠯᠠᠨ ᠰᠠᠭᠤᠯᠭᠠᠵᠤ᠂ ᠠᠵᠤ ᠠᠬᠤᠢᠯᠠᠯ᠎ᠤᠨ ᠠᠵᠢᠯᠲᠠᠳ᠎ᠲᠤ ᠲᠤᠬᠠᠢ᠎ᠶᠢᠨ ᠲᠠᠯᠠᠪᠠᠢ᠎ᠳᠤ ᠦᠢᠯᠡᠴᠢᠯᠡᠭᠦᠯᠵᠦ᠂ ᠠᠵᠤ ᠠᠬᠤᠢᠯᠠᠯ᠎ᠤᠨ ᠵᠦᠶ ᠶᠣᠰᠣᠨ᠎ᠤ ᠬᠦᠰᠡᠯ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠬᠣᠷᠢᠶᠠᠨ ᠴᠤᠭᠯᠠᠭᠤᠯᠵᠤ᠂ ᠠᠵᠤ ᠠᠬᠤᠢᠯᠠᠯ᠎ᠤᠨ ᠬᠥᠭᠵᠢᠯᠲᠡ᠎ᠶᠢᠨ ᠲᠦᠭᠵᠢᠷᠡᠯ᠂ ᠬᠦᠴᠢᠷᠳᠡᠯ᠎ᠢ ᠣᠢᠯᠠᠭᠠᠵᠤ᠂《ᠨᠢᠭᠤᠷᠳᠠᠨ ᠠᠰᠠᠭᠤᠬᠤ》᠂ 《ᠴᠡᠭ᠎ᠡᠴᠡ ᠴᠡᠭ᠎ᠲᠦ ᠬᠠᠨᠳᠤᠭᠤᠯᠤᠨ ᠰᠢᠢᠳᠪᠦᠷᠢᠯᠡᠬᠦ》᠎ᠪᠠᠷ ᠳᠠᠮᠵᠢᠭᠤᠯᠤᠨ ᠪᠥᠬᠥ ᠲᠠᠯ᠎ᠠ᠎ᠶᠢᠨ᠂ ᠪᠥᠬᠥ ᠴᠤᠪᠤᠷᠠᠯ᠎ᠤᠨ᠂ ᠪᠦᠷᠢᠨ ᠪᠦᠷᠬᠦᠭᠦᠯᠬᠦ ᠮᠠᠶᠢᠭ᠎ᠤᠨ ᠦᠢᠯᠡᠴᠢᠯᠡᠭᠡ᠎ᠪᠡᠷ ᠳᠠᠮᠵᠢᠭᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢᠯᠠᠯ᠎ᠤᠨ ᠠᠯᠤᠰ᠎ᠢ ᠵᠣᠷᠢᠨ ᠯᠠᠪᠳᠠᠭᠤᠨ᠎ᠢᠶᠠᠷ ᠠᠶᠠᠯᠠᠬᠤ᠎ᠶᠢ ᠬᠠᠮᠠᠭᠠᠯᠠᠵᠤ ᠪᠠᠢᠨ᠎ᠠ᠃
ᠤᠷᠠᠳ᠎ᠤᠨ ᠡᠮᠦᠨᠡᠲᠦ ᠬᠣᠰᠢᠭᠤᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠥᠷᠲᠡᠭᠡ᠎ᠶᠢ ᠠᠵᠤ ᠠᠬᠤᠢᠯᠠᠯ ᠨᠡᠯᠢᠶᠡᠳ ᠲᠥᠪᠯᠡᠷᠡᠭᠰᠡᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠲᠤ ᠪᠠᠢᠷᠢᠯᠠᠭᠤᠯᠵᠤ᠂ ᠠᠳᠠᠯᠢ ᠪᠤᠰᠤ ᠠᠵᠤ ᠠᠬᠤᠢᠯᠠᠯ᠎ᠤᠨ ᠪᠣᠳᠠᠲᠠᠶ ᠬᠡᠷᠡᠭᠴᠡᠭᠡ᠎ᠶᠢ ᠦᠨᠳᠦᠰᠦᠯᠡᠨ ᠴᠠᠭ ᠲᠤᠬᠠᠶ᠎ᠳᠤᠨᠢ ᠥᠪᠡᠷᠮᠢᠴᠡ᠂ ᠨᠠᠷᠢᠯᠢᠭ ᠭᠠᠢᠯᠢ᠎ᠶᠢᠨ ᠶᠠᠪᠤᠳᠠᠯ ᠪᠠ ᠬᠠᠤᠯᠢ ᠴᠠᠭᠠᠵᠠ᠎ᠶᠢᠨ ᠬᠠᠪᠰᠤᠷᠤᠯᠭ᠎ᠠ ᠦᠵᠡᠭᠦᠯᠵᠠᠢ᠃
《ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠥᠷᠲᠡᠭᠡ ᠨᠢ ᠪᠢᠳᠡᠨ᠎ᠳᠦ ᠲᠤᠰᠬᠠᠶ ᠮᠡᠷᠭᠡᠵᠢᠯ᠎ᠦᠨ ᠬᠥᠮᠦᠰ ᠵᠢᠴᠢ ᠬᠠᠤᠯᠢᠴᠢ ᠵᠢᠨ ᠠᠵᠤ ᠠᠬᠤᠢᠯᠠᠯ᠎ᠤᠨ ᠭᠠᠢᠯᠢ ᠲᠠᠲᠠᠪᠤᠷᠢ᠎ᠶᠢᠨ ᠵᠢᠷᠤᠮᠵᠢᠯ ᠪᠠ ᠬᠠᠤᠯᠢ ᠴᠠᠭᠠᠵᠠ᠎ᠶᠢᠨ ᠮᠡᠳᠡᠯᠭᠡ᠎ᠶᠢ ᠲᠠᠢᠯᠪᠤᠷᠢᠯᠠᠬᠤ᠎ᠵᠢ ᠰᠤᠨᠤᠰᠬᠤ ᠵᠠᠪᠰᠢᠶᠠᠨ ᠣᠯᠭᠣᠭᠰᠠᠨ ᠪᠥᠭᠡᠳ ᠪᠠᠰᠠ ᠮᠠᠨ᠎ᠤ ᠠᠵᠤ ᠠᠬᠤᠢᠯᠠᠯ᠎ᠳᠤ ᠵᠦᠶ ᠵᠣᠬᠢᠰᠲᠠᠶ ᠪᠥᠲᠥᠭᠡᠨ ᠪᠠᠢᠭᠤᠯᠬᠤ ᠰᠠᠨᠠᠯ ᠬᠠᠩᠭᠠᠭᠰᠠᠨ ᠪᠠᠢᠨ᠎ᠠ》ᠭᠡᠵᠦ ᠥᠪᠥᠷ ᠮᠣᠩᠭᠣᠯ᠎ᠤᠨ ᠳ᠋ᠦᠩ ᠯᠢ ᠬᠡᠷᠡᠯᠴᠢ ᠴᠡᠨᠡᠭ᠎ᠦᠨ ᠡᠯᠧᠺᠲ᠋ᠷᠣᠨ ᠬᠢᠵᠠᠭᠠᠷᠲᠤ ᠺᠣᠮᠫᠠᠨᠢ᠎ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ᠎ᠳᠤ ᠬᠡᠯᠡᠵᠤ ᠪᠠᠢᠯ᠎ᠠ ᠃