ᠦᠪᠡᠷᠲᠡᠭᠡᠨ ᠵᠠᠰᠬᠠᠤ ᠤᠷᠤᠨ ᠤ᠋ ᠬᠠᠤᠯᠢ ᠴᠠᠭᠠᠵᠠ ᠢ᠋ᠢᠨ ᠲᠢᠩᠬᠢᠮ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠲᠡᠭᠵᠢᠭᠦᠯᠦᠨ᠎ᠡ
2022-06-22 09:18:48
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠣᠯᠠᠨ ᠲᠦᠮᠡᠨ ᠪᠠ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠳᠦ ᠲᠥᠬᠥᠮ ᠦᠵᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠠᠢᠵᠢᠷᠠᠭᠤᠯᠵᠤ᠂ ᠵᠠᠰᠠᠭ᠎ᠤᠨ ᠣᠷᠳᠣᠨ᠎ᠤ ᠦᠶ᠋ᠯᠡᠴᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ᠃

ᠦᠪᠡᠷᠲᠡᠭᠡᠨ ᠵᠠᠰᠬᠠᠤ ᠤᠷᠤᠨ ᠤ᠋ ᠬᠠᠤᠯᠢ ᠴᠠᠭᠠᠵᠠ ᠢ᠋ᠢᠨ ᠲᠢᠩᠬᠢᠮ 《ᠦᠨᠡᠮᠯᠡᠯ ᠬᠡᠷᠡᠴᠢ ᠵᠢ ᠰᠠᠯᠭᠠᠬᠤ》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ 2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠲᠠᠶ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠦᠨᠡᠮᠯᠡᠯ ᠭᠡᠷᠡᠴᠢ᠎ᠶ᠋ᠢ ᠰᠠᠯᠭᠠᠬᠤ〉ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠴᠢᠨᠠᠬᠰᠢᠲᠠ ᠬᠥᠭ᠌ᠵᠢᠭᠡᠬᠦ᠌᠎ᠶ᠋ᠢᠨ ᠬᠡᠷᠡᠭ᠌ᠵᠢᠭᠦᠯᠬᠦ᠌ ᠲᠥᠰᠦᠯ 》 ᠢ᠋ ᠳᠠᠷᠤᠮᠠᠯᠯᠠᠨ ᠲᠠᠷᠬᠠᠭᠠᠵᠤ᠂ ᠠᠵᠤ ᠠᠬᠤᠢᠯᠠᠯ᠎ᠳᠤ ᠬᠣᠯᠪᠣᠭ᠍ᠳᠠᠬᠤ ᠡᠵᠡᠩᠨᠡᠯᠲᠡ᠎ᠶ᠋ᠢᠨ ᠵᠥᠪᠱᠢᠶᠡᠷᠡᠯ᠎ᠦᠨ ᠵᠦᠶ᠋ᠯᠡᠰ᠎ᠦᠨ ᠪᠦᠷᠢᠨ ᠪᠦᠷᠬᠦᠭᠦᠯᠬᠦ᠌ ᠨᠠᠷᠢᠨ ᠲᠠᠩᠰᠠ᠎ᠶ᠋ᠢᠨ ᠬᠠᠮᠢᠶᠠᠷᠤᠯᠲᠠ᠎ᠶ᠋ᠢ  ᠬᠡᠷᠡᠭ᠌ᠵᠢᠭᠦᠯᠪᠡ ᠃

ᠪᠥᠬᠥ᠌ ᠣᠷᠣᠨ᠎ᠤ ᠡᠯ᠎ᠡ ᠠᠢᠮᠠᠭ ᠬᠣᠲᠠ᠎ᠶ᠋ᠢ ᠵᠢᠯᠣᠭᠣᠳᠤᠨ ᠱᠠᠯᠠᠪᠲᠠᠭᠤᠯᠵᠦ ᠪᠠᠢᠭᠠᠳ ᠭᠡᠷᠡᠴᠢᠯᠡᠬᠦ᠌ ᠵᠦᠶ᠋ᠯᠡᠰ᠎ᠢ ᠮᠡᠳᠡᠭ᠌ᠳᠡᠬᠦ᠌ ᠠᠮᠠᠯᠠᠯᠲᠠ᠎ᠶ᠋ᠢᠨ ᠲᠦᠷᠢᠮ᠎ᠢ ᠬᠡᠷᠡᠭ᠌ᠵᠢᠭᠦᠯᠵᠦ᠂ ᠡᠷᠦᠬᠡ ᠠᠮᠠ᠎ᠶ᠋ᠢᠨ ᠬᠠᠷᠢᠶ᠎ᠠ᠎ᠶ᠋ᠢᠨ ᠬᠠᠮᠢᠶᠠᠷᠤᠯᠲᠠ᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠡᠬᠢ 18 ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ ᠬᠡᠷᠡᠭ᠌ᠵᠢᠭᠦᠯᠬᠦ᠌ ᠲᠥᠰᠦᠯ᠎ᠢᠶᠡᠨ ᠳᠠᠩᠰᠠᠯᠠᠭᠤᠯᠬᠤ᠎ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 69 ᠵᠦᠶ᠋ᠯ᠂ ᠡᠯ᠎ᠡ ᠠᠢᠮᠠᠭ ᠬᠣᠲᠠ᠎ᠶ᠋ᠢᠨ 333 ᠵᠦᠶ᠋ᠯ᠎ᠦᠨ ᠭᠡᠷᠡᠴᠢᠯᠡᠬᠦ᠌ ᠵᠦᠶ᠋ᠯᠡᠰ᠎ᠲᠦ ᠴᠥᠮ ᠠᠮᠠᠯᠠᠯᠲᠠ᠎ᠶ᠋ᠢᠨ ᠲᠦᠷᠢᠮ᠎ᠢ ᠨᠢᠭᠡᠨᠲᠡ ᠬᠡᠷᠡᠭ᠌ᠵᠢᠭᠦᠯᠪᠡ᠃

ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ 《ᠭᠤᠷᠪᠠᠨ ᠵᠦᠶ᠋ᠯ᠎ᠦᠨ ᠲᠦᠷᠢᠮ》 ᠢ᠋ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠥᠬᠥ᠌ ᠣᠷᠣᠨ᠎ᠤ ᠨᠢᠭᠡᠳᠦᠯᠲᠡᠶ ᠡᠯᠧᠺᠲ᠋ᠷᠣᠨ ᠦᠨᠡᠮᠯᠡᠯ᠎ᠦᠨ ᠱᠢᠰᠲ᠋ᠧᠮ᠎ᠲᠡᠶ ᠵᠣᠯᠭᠠᠭᠤᠯᠵᠤ᠂ 4.3 ᠲᠦᠮᠡᠨ ᠬᠤᠪᠢ ᠡᠯᠧᠺᠲ᠋ᠷᠣᠨ ᠬᠡᠪᠯᠡᠯ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠦᠨᠡᠮᠯᠡᠯ᠎ᠢ ᠬᠠᠷᠭᠤᠭᠤᠯᠤᠨ ᠣᠯᠭᠣᠵᠤ᠂ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠬᠠᠮᠲᠤ᠎ᠪᠡᠷ ᠡᠳ᠋ᠯᠡᠵᠦ᠂ ᠢᠵᠢᠯᠢ ᠠᠯᠬᠤᠮ᠎ᠢᠶᠠᠷ ᠰᠦᠯᠵᠢᠶᠡᠨ ᠳᠡᠭᠡᠷ᠎ᠡ ᠢᠯᠡ ᠨᠡᠢᠲᠡᠯᠡᠵᠦ᠍᠂ ᠪᠠᠢᠴᠠᠭᠠᠨ ᠯᠠᠪᠯᠠᠵᠤ ᠬᠢᠨᠠᠯᠲᠠ ᠲᠠᠯᠪᠢᠬᠤ᠎ᠶ᠋ᠢ ᠬᠦᠯᠢᠶᠡᠪᠡ᠃ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠲᠠᠪᠴᠠᠩ ᠵᠢᠴᠢ 《ᠬᠠᠤᠯᠢ ᠬᠡᠷᠡᠭ᠌ᠵᠢᠭᠦᠯᠬᠦ᠌᠎ᠳᠦ ᠲᠦᠭᠦᠮ》APP ᠎ᠶ᠋ᠢ ᠬᠡᠷᠡᠭ᠌ᠯᠡᠨ᠂ 2.46 ᠲᠦᠮᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠰᠦᠯᠵᠢᠶᠡᠨ ᠳᠡᠭᠡᠷᠡᠬᠢ ᠱᠢᠯᠭᠠᠯᠲᠠ᠎ᠶ᠋ᠢ 126 ᠤᠳᠠᠭ᠎ᠠ ᠵᠣᠬᠢᠶᠠᠨ ᠪᠠᠢᠭᠤᠯᠪᠠ ᠃

《ᠦᠨᠡᠮᠯᠡᠯ᠎ᠢ ᠴᠥᠭᠡᠳᠭᠡᠵᠦ᠍ ᠠᠷᠠᠳ᠎ᠲᠤ ᠲᠥᠬᠥᠮ ᠦᠵᠡᠭᠦᠯᠬᠦ᠌》 ᠠᠵᠢᠯᠯᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠦ᠂ ᠭᠡᠷᠡᠴᠢᠯᠡᠬᠦ᠌ ᠵᠦᠶ᠋ᠯᠡᠰ᠎ᠢ ᠦᠯᠡᠳᠡᠭᠡᠬᠦ᠌ ᠨᠠᠷᠢᠨ ᠬᠠᠭᠤᠳᠠᠰᠤ᠎ᠳᠤ ᠬᠥᠳᠡᠯᠦᠩᠭᠦᠶ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠭᠡᠷᠡᠴᠢᠯᠡᠬᠦ᠌ ᠵᠦᠶ᠋ᠯᠡᠰ᠎ᠢ ᠬᠦᠴᠦᠨ ᠥᠬᠡᠶ ᠪᠣᠯᠭᠠᠬᠤ ᠨᠠᠷᠢᠨ ᠬᠠᠭᠤᠳᠠᠰᠤ ᠪᠠ ᠭᠡᠷᠡᠴᠢᠯᠡᠬᠦ᠌ ᠵᠦᠶ᠋ᠯᠡᠰ᠎ᠦᠨ ᠨᠠᠷᠢᠨ ᠬᠠᠭᠤᠳᠠᠰᠤ ᠎ᠶ᠋ᠢ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 58 ᠭᠡᠷᠡᠴᠢᠯᠡᠬᠦ᠌ ᠵᠦᠶ᠋ᠯᠡᠰ᠎ᠢ ᠬᠦᠴᠦᠨ ᠥᠬᠡᠶ ᠪᠣᠯᠭᠠᠵᠤ᠂ 16 ᠭᠡᠷᠡᠴᠢᠯᠡᠬᠦ᠌ ᠵᠦᠶ᠋ᠯᠡᠰ᠎ᠢ ᠦᠯᠡᠳᠡᠭᠡᠵᠦ᠍᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠨᠡᠢᠲᠡᠯᠡᠪᠡ ᠃

ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠭᠦᠶ᠋ᠴᠡᠳᠭᠡᠬᠦ᠌᠎ᠶ᠋ᠢ ᠨᠠᠩ ᠳᠥᠭᠥᠮᠴᠢᠯᠡᠵᠦ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ᠂ ᠬᠠᠤᠯᠢ ᠴᠠᠭᠠᠵᠠ᠎ᠶ᠋ᠢᠨ ᠲᠤᠰᠠᠯᠠᠮᠵᠢ ᠵᠡᠷᠭᠡ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠦᠶ᠋ᠯᠡᠰ᠎ᠢ ᠨᠢᠭᠡᠳᠦᠯᠲᠡᠶ ᠲᠥᠯᠥᠪᠵᠢᠭᠦᠯᠵᠦ᠍ ᠡᠮᠬᠢᠯᠡᠨ ᠨᠡᠢᠯᠡᠭᠦᠯᠦᠭ᠌ᠰᠡᠨ ᠣᠯᠠᠨ ᠨᠡᠢᠲᠡ᠎ᠶ᠋ᠢᠨ ᠬᠠᠤᠯᠢ ᠴᠠᠭᠠᠵᠠ ᠶ᠋ᠢᠨ ᠦᠶ᠋ᠯᠡᠴᠢᠯᠡᠭᠡᠨ᠎ᠦ ᠲᠥᠪ᠎ᠢ ᠪᠠᠢᠭᠤᠯᠵᠤ᠂ ᠪᠥᠬᠥ᠌ ᠲᠠᠯ᠎ᠠ᠎ᠪᠠᠷ ᠭᠠᠳᠠᠭ᠍ᠰᠢ ᠨᠡᠭᠡᠭᠡᠯᠲᠡ ᠬᠢᠪᠡ᠃ ᠨᠢᠭᠡ ᠯᠡ ᠤᠳᠠᠭ᠎ᠠ᠎ᠳᠤ ᠮᠡᠳᠡᠭ᠌ᠳᠡᠬᠦ᠌ ᠳᠦᠷᠢᠮ᠂ ᠴᠠᠭ ᠬᠢᠵᠠᠭᠠᠷᠯᠠᠨ ᠭᠦᠢᠴᠡᠳᠭᠡᠵᠦ᠍ ᠳᠠᠭᠤᠰᠭᠠᠬᠤ ᠳᠦᠷᠢᠮ᠂ ᠦᠢᠯᠡᠴᠢᠯᠡᠭᠡᠨ᠎ᠦ ᠠᠮᠠᠯᠠᠯᠲᠠ᠎ᠶ᠋ᠢᠨ ᠳᠦᠷᠢᠮ ᠪᠣᠯᠤᠨ ᠬᠠᠷᠢᠭᠤᠴᠠᠯᠭ᠎ᠠ ᠨᠡᠬᠡᠮᠵᠢᠯᠡᠬᠦ᠌ ᠳᠦᠷᠢᠮ᠎ᠢ ᠪᠦᠬᠦ᠌ ᠲᠠᠯ᠎ᠠ᠎ᠪᠠᠷ ᠬᠡᠷᠡᠭᠵᠢᠭᠦᠯᠵᠦ᠂ ᠯᠠᠪᠯᠠᠭ᠎ᠠ ᠦᠢᠯᠡᠴᠢᠯᠡᠭᠡ᠂ ᠮᠠᠲᠧᠷᠢᠶᠠᠯ ᠲᠠᠷᠬᠠᠭᠠᠬᠤ᠂ ᠠᠵᠢᠯ ᠶᠠᠪᠤᠲᠠᠯ ᠢ᠋ ᠪᠦᠷ ᠨᠢᠭᠡ ᠯᠡ ᠤᠳᠠᠭ᠎ᠠ ᠳ᠋ᠤ ᠬᠦᠢᠴᠡᠳᠬᠡᠵᠦ᠂ ᠨᠢᠭᠡᠳᠦᠯᠲᠡᠶ ᠬᠦᠯᠢᠶᠡᠨ ᠠᠪᠴᠤ᠌ ᠱᠢᠶ᠋ᠳᠪᠦᠷᠢᠯᠡᠬᠦ᠌ ᠂ ᠨᠢᠭᠡᠳᠦᠯᠲᠡᠶ ᠬᠠᠷᠢᠭᠤᠯᠲᠠ ᠥᠭ᠌ᠬᠦ᠎ᠶ᠋ᠢ ᠪᠡᠶᠡᠯᠡᠭᠦᠯᠪᠡ ᠃

《ᠢᠨᠲ᠋ᠸᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠵᠢ ᠭᠦᠨᠵᠡᠭᠡᠢ ᠠᠬᠢᠭᠤᠯᠵᠦ᠂ ᠬᠠᠤᠯᠢ ᠴᠠᠭᠠᠵᠠ᠎ᠶ᠋ᠢᠨ ᠲᠢᠩᠬᠢᠮ᠎ᠦᠨ ᠵᠠᠰᠠᠭ ᠵᠠᠬᠢᠷᠭᠠᠨ᠎ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶ᠋ᠴᠡᠳᠭᠡᠬᠦ᠌ ᠲᠠᠪᠴᠠᠩ᠎ᠢ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠯᠤᠭ᠎ᠠ ᠵᠣᠯᠭᠠᠭᠤᠯᠵᠤ᠂ ᠬᠠᠤᠯᠢᠴᠢ ᠂ ᠠᠯᠪᠠᠨ ᠭᠡᠷᠡᠴᠢᠯᠡᠭᠡ᠂ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ ᠵᠡᠷᠭᠡ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠰᠦᠯᠵᠢᠶ᠎ᠡ᠎ᠶ᠋ᠢ ᠨᠢᠭᠡᠳᠦᠯᠲᠡᠶ ᠲᠥᠯᠥᠪᠵᠢᠭᠦᠯᠦᠨ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠵᠡᠷᠭᠡ ᠲᠤᠬᠠᠢᠯᠠᠭ᠍ᠰᠠᠨ ᠠᠵᠢᠯ᠎ᠢ ᠮᠡᠳᠡᠭᠡ ᠵᠠᠩᠭᠢᠵᠢᠯᠲᠠ᠎ᠶ᠋ᠢᠨ ᠲᠠᠪᠴᠠᠩ᠎ᠳᠤ ᠣᠷᠣᠭᠤᠯᠵᠤ᠂ 《ᠡᠬᠢ ᠪᠠᠶᠠᠯᠢᠭ᠂ ᠲᠣᠭ᠎ᠠ ᠪᠠᠷᠢᠮᠲᠠ᠂ ᠬᠡᠷᠡᠭ᠌ᠯᠡᠭᠡᠨ》 ᠢ᠋ ᠬᠠᠮᠲᠤ᠎ᠪᠠᠷ ᠠᠰᠢᠬᠯᠠᠬᠤ ᠪᠡᠷ ᠳᠠᠮᠵᠢᠨ᠂ ᠪᠥᠬᠥ᠌ ᠣᠷᠣᠨ᠎ᠳᠤ 《ᠨᠢᠭᠡ ᠥᠷᠲᠡᠭᠡ ᠮᠠᠶᠢᠭ》 ᠤ᠋ᠨ ᠦᠶ᠋ᠯᠡᠴᠢᠯᠡᠭᠡ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号