ᠠᠵᠤ ᠠᠬᠤᠢᠯᠠᠯ᠎ᠤᠨ ᠭᠠᠷ ᠭᠦᠶ᠋ᠴᠡᠳᠭᠡᠯ᠎ᠢ ᠱᠢᠯᠢᠳᠡᠭ᠌ᠵᠢᠭᠦᠯᠵᠦ᠍ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ
2022-06-27 10:14:25
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

《ᠳᠠᠩᠴᠤ᠌ ᠳᠥᠭᠥᠮ ᠪᠣᠯᠵᠠᠶ᠂ ᠥᠩᠭᠡᠷᠡᠭ᠌ᠰᠡᠨ᠎ᠳᠦ ᠱᠢᠨ᠎ᠡ ᠠᠵᠤ ᠠᠬᠤᠢᠯᠠᠯ ᠡᠷᠬᠢᠯᠡᠬᠦ᠌᠎ᠳᠦ ᠦᠢᠯᠡᠳᠪᠦᠷᠢ ᠬᠤᠳᠠᠯᠳᠤᠭ᠎ᠠ᠂ ᠭᠠᠢᠯᠢ᠎ᠶ᠋ᠢᠨ ᠶᠠᠪᠤᠳᠠᠯ᠂ ᠲᠠᠮᠠᠭ᠎ᠠ ᠰᠡᠢᠯᠬᠦ᠌ ᠵᠡᠷᠭᠡ ᠬᠡᠳᠦ ᠬᠡᠳᠦᠨ ᠭᠠᠵᠠᠷ᠎ᠢᠶᠠᠷ ᠶᠠᠪᠤᠬᠤ ᠬᠡᠷᠡᠭ᠌ᠲᠡᠶ ᠪᠠᠢᠭ᠍ᠰᠠᠨ ᠪᠣᠯ ᠣᠳᠣ ᠰᠦᠯᠵᠢᠶᠡᠨ ᠳᠡᠭᠡᠷ᠎ᠡ ᠭᠦᠢᠴᠡᠳᠭᠡᠪᠡᠯ ᠪᠤᠯᠴᠢᠬᠠᠨ᠎ᠠ᠂ ᠡᠨᠡ ᠨᠢ ᠴᠠᠭ ᠪᠠ ᠮᠥᠩᠭᠥᠨ ᠳ᠋ᠦ ᠪᠦᠷ ᠠᠷᠪᠢᠳᠠᠢ᠂ ᠪᠢᠳᠡ ᠬᠠᠷᠠᠴᠢᠨ ᠬᠤᠰᠢᠭᠤᠨ ᠳ᠋ᠤ ᠠᠵᠤ ᠠᠬᠤᠢᠯᠠᠯ᠎ᠢ ᠬᠥᠭ᠌ᠵᠢᠭᠦᠯᠬᠦ᠌᠎ᠳᠦ ᠨᠡᠩ ᠢᠲᠡᠭᠡᠯ᠎ᠲᠡᠶ ᠪᠤᠯᠤᠯ᠎ᠠ》ᠭᠡᠵᠦ᠍ ᠬᠠᠷᠠᠴᠢᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ ᠎ᠦ ᠲᠥᠪ᠎ᠲᠦ ᠠᠵᠤ ᠠᠬᠤᠢᠯᠠᠯ ᠡᠷᠭᠢᠯᠡᠬᠦ᠌ ᠭᠠᠷ ᠭᠦᠶ᠋ᠴᠡᠳᠭᠡᠯ ᠬᠢᠵᠦ᠍ ᠪᠠᠢᠭᠰᠠᠨ ᠵᠧᠨ ᠱ᠌ᠢ ᠡᠮ᠎ᠦᠨ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠬᠤᠸ᠋ ᠶᠠᠨ ᠪᠥᠸᠧ ᠬᠡᠯᠡᠨ᠎ᠡ᠃

ᠠᠵᠤ ᠠᠬᠤᠢᠯᠠᠯ᠎ᠤᠨ ᠨᠡᠭᠡᠭᠡᠨ ᠡᠷᠭᠢᠯᠡᠬᠦ᠌ ᠥᠪᠡᠷ᠎ᠦᠨ ᠥᠷᠲᠡᠭ᠎ᠢ ᠪᠠᠭᠤᠷᠠᠭᠤᠯᠬᠤ᠎ᠶ᠋ᠢᠨ ᠲᠥᠯᠥᠭᠡ᠂ ᠬᠠᠷᠠᠴᠢᠨ ᠬᠣᠱᠢᠭᠤ ᠬᠠᠷᠢᠶᠠᠲᠤ ᠣᠷᠣᠨ᠎ᠳᠠᠭᠠᠨ ᠱᠢᠨ᠎ᠡ᠎ᠪᠡᠷ ᠪᠠᠢᠭᠤᠯᠤᠭ᠍ᠰᠠᠨ ᠠᠵᠤ ᠠᠬᠤᠢᠯᠠᠯ᠎ᠳᠤ ᠡᠵᠡᠩᠨᠡᠯᠲᠡ᠎ᠶ᠋ᠢᠨ ᠦᠨᠡᠮᠯᠡᠯ᠂ ᠭᠠᠢᠯᠢ᠎ᠶ᠋ᠢᠨ ᠶᠠᠪᠤᠳᠠᠯ᠎ᠤᠨ ukey᠂ ᠨᠢᠭᠡ ᠢᠵᠢ ᠲᠠᠮᠠᠭ᠎ᠠ ᠵᠢᠴᠢ ᠠᠵᠤ ᠠᠬᠤᠢᠯᠠᠯ᠎ᠳᠤ ᠬᠣᠯᠪᠣᠭ᠍ᠳᠠᠬᠤ ᠬᠣᠯᠪᠣᠭ᠍ᠳᠠᠯ ᠪᠥᠬᠥᠶ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠭᠠᠷ ᠠᠪᠤᠯᠭ᠎ᠠ ᠵᠢ ᠪᠠᠭ᠍ᠲᠠᠭᠠᠭ᠍ᠰᠠᠨ《ᠲᠣᠮᠣ ᠪᠡᠯᠡᠭ》 ᠪᠡᠯᠡᠳᠭᠡᠵᠦ᠂ ᠶᠡᠷᠦᠩᠬᠡᠢᠯᠡᠭ᠌ᠰᠡᠨ ᠦᠨᠡᠮᠯᠡᠯ ᠭᠠᠷᠭᠠᠬᠤ ᠴᠣᠩᠬᠣᠪᠴᠢ ᠡᠴᠡ ᠪᠡᠯᠡᠭ᠎ᠦᠨ ᠬᠠᠢᠷᠴᠠᠭ᠎ᠤᠨ ᠬᠡᠯᠪᠡᠷᠢ᠎ᠪᠡᠷ ᠠᠵᠤ ᠠᠬᠤᠢᠯᠠᠯ᠎ᠳᠤ ᠲᠠᠷᠬᠠᠭᠠᠵᠤ᠂ ᠬᠣᠯᠪᠣᠭ᠍ᠳᠠᠯ ᠪᠥᠬᠥᠶ ᠵᠠᠷᠤᠳᠠᠯ᠎ᠢ ᠴᠥᠮ ᠵᠠᠰᠠᠭ᠎ᠤᠨ ᠣᠷᠳᠣᠨ᠎ᠠᠴᠠ 《ᠲᠣᠭᠠᠴᠠᠭ᠎ᠠ ᠬᠢᠪᠡ》᠃ ᠵᠢᠯ᠎ᠦᠨ ᠡᠬᠢᠨ᠎ᠡᠴᠡ ᠨᠠᠭᠠᠰᠢ᠂ ᠬᠠᠷᠠᠴᠢᠨ ᠬᠣᠱᠢᠭᠤ ᠨᠡᠢᠲᠡ 255 ᠡᠷᠦᠭᠡ ᠠᠵᠤ ᠠᠬᠤᠢᠯᠠᠯ ᠨᠡᠬᠡᠭᠡᠨ ᠡᠷᠬᠢᠯᠡᠬᠦ ᠠᠵᠢᠯ᠎ᠢ ᠭᠦᠢᠴᠡᠳᠭᠡᠵᠡᠢ᠃

ᠡᠨᠡ ᠵᠢᠯ ᠎ᠡᠴᠡ ᠨᠠᠭᠠᠰᠢ᠂ ᠬᠠᠷᠠᠴᠢᠨ ᠬᠣᠱᠢᠭᠤ 《ᠶᠠᠪᠤᠴᠠ ᠵᠢ ᠱᠢᠯᠢᠳᠡᠭ᠌ᠵᠢᠭᠦᠯᠦᠨ ᠠᠵᠤ ᠠᠬᠤᠢᠯᠠᠯ ᠨᠡᠭᠡᠭᠡᠨ ᠡᠷᠭᠢᠯᠡᠬᠦ᠌ ᠪᠠ ᠲᠤᠰᠭᠠᠶ ᠣᠷᠣᠨ ᠡᠴᠡ ᠤᠬᠤᠷᠢᠨ ᠭᠠᠷᠬᠤ ᠪᠥᠲᠥᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠬᠦ᠌ ᠲᠥᠰᠦᠯ》᠎ᠢ᠋ ᠨᠡᠢᠲᠡᠯᠡᠵᠦ᠍᠂ ᠠᠵᠤ ᠠᠬᠤᠢᠯᠠᠯ ᠨᠡᠭᠡᠭᠡᠨ ᠡᠷᠭᠢᠯᠡᠬᠦ᠌᠂ ᠭᠠᠷ ᠬᠦᠢᠴᠡᠳᠭᠡᠯ᠎ᠢ ᠳᠥᠭᠥᠮᠴᠢᠯᠡᠬᠦ᠌ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠂ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠤᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ 《ᠪᠢᠳᠡ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠷ ᠣᠯᠠᠨ᠎ᠠᠴᠠ ᠬᠡᠲᠦᠢᠳᠦᠭ᠌ᠰᠡᠨ ᠠᠵᠢᠯᠲᠠᠨ᠎ᠢ ᠰᠣᠩᠭᠣᠨ ᠲᠣᠮᠢᠯᠠᠬᠤ᠎ᠪᠠᠷ ᠳᠠᠮᠵᠢᠭᠤᠯᠤᠨ᠂ ᠲᠤᠰᠭᠠᠶ ᠣᠷᠣᠨ᠎ᠳᠤ ᠠᠵᠢᠯ ᠶᠠᠪᠤᠳᠠᠯ ᠭᠦᠢᠴᠡᠳᠭᠡᠵᠦ ᠪᠠᠢᠭ᠎ᠠ ᠣᠯᠠᠨ ᠲᠦᠮᠡᠨ᠎ᠢ ᠵᠢᠭᠠᠨ ᠵᠢᠯᠤᠭᠤᠳᠴᠤ ᠪᠤᠢ᠂ ᠬᠠᠷᠠᠴᠢᠨ ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠲᠦᠷᠦᠭᠦᠸ᠋ ᠲᠥᠯᠥᠭᠡᠯᠡᠭ᠌ᠴᠢ ᠬᠠᠨ ᠵᠢᠨ ᠫᠸᠩ᠎ᠤᠨ ᠲᠠᠨᠢᠯᠴᠠᠭᠤᠯᠬᠤ᠎ᠪᠡᠷ᠂ ᠭᠤᠶᠤᠴᠢᠯᠠᠬᠤ ᠶᠠᠪᠤᠴᠠ᠎ᠶ᠋ᠢ ᠰᠠᠢᠨ ᠤᠢᠯᠠᠭᠠᠬᠤ ᠦᠭᠡᠢ ᠤᠯᠠᠨ ᠲᠦᠮᠡᠨ ᠳ᠋ᠦ 〈ᠵᠢᠭᠠᠵᠤ ᠥᠭ᠌ᠬᠦ〉᠂  ᠺᠣᠮᠫᠢᠦ᠋ᠲ᠋ᠧᠷ ᠬᠡᠷᠡᠭ᠌ᠯᠡᠵᠦ᠍ ᠴᠢᠳᠠᠬᠤ ᠥᠬᠡᠶ ᠤᠯᠠᠨ ᠲᠦᠮᠡᠨ ᠳ᠋ᠦ 〈ᠬᠠᠪᠰᠤᠷᠤᠨ ᠭᠦᠶ᠋ᠴᠡᠳᠭᠡᠬᠦ 〉᠂ ᠮᠠᠲ᠋ᠧᠷᠢᠶᠠᠯ ᠪᠦᠷᠢᠨ ᠪᠤᠰᠤ ᠪᠣᠯᠪᠠᠴᠤ᠌ 〈ᠳᠤᠲᠠᠭᠤ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌〉 ᠨᠥᠬᠥᠴᠡᠯ᠎ᠳᠦ ᠨᠡᠢᠴᠡᠪᠡᠯ 〈ᠲᠤᠬᠠᠶ᠎ᠶ᠋ᠢᠨ ᠲᠠᠯᠠᠪᠤᠷ᠎ᠲᠤᠨᠢ ᠬᠠᠪᠰᠤᠷᠤᠨ ᠭᠦᠶ᠋ᠴᠡᠳᠭᠡᠵᠦ〉᠂ ᠪᠠᠴᠢᠮ ᠬᠡᠷᠡᠭ᠌ᠴᠡᠭᠡ᠎ᠲᠡᠶ ᠦᠨᠡᠮᠯᠡᠯ᠎ᠢ 〈ᠪᠠᠴᠢᠮ ᠭᠦᠶ᠋ᠴᠡᠳᠭᠡᠬᠦ〉 ᠪᠡᠷ ᠳᠠᠮᠵᠢᠨ᠂ ᠠᠵᠤ ᠠᠬᠤᠢᠯᠠᠯ ᠡᠷᠭᠢᠯᠡᠬᠦ᠌ ᠠᠵᠢᠯ᠎ᠤᠨ ᠬᠦᠴᠢᠷ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍ ᠦᠭᠭᠦᠭᠰᠡᠨ》 ᠭᠡᠵᠦ᠍ ᠬᠠᠷᠠᠴᠢᠨ ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠴᠣᠩᠬᠣᠪᠴᠢ ᠵᠢᠨ ᠲᠥᠯᠥᠭᠡᠯᠡᠭ᠌ᠴᠢ ᠬᠠᠨ ᠵᠢᠨ ᠫᠸᠩ ᠲᠠᠨᠢᠯᠴᠠᠭᠤᠯᠪᠠ ᠃

ᠬᠠᠷᠠᠴᠢᠨ ᠬᠣᠱᠢᠭᠤ ᠰᠦᠯᠵᠢᠶᠡᠨ ᠳᠡᠭᠡᠷ᠎ᠡ ᠪᠠ ᠰᠦᠯᠵᠢᠶᠡᠨ᠎ᠡᠴᠡ ᠭᠠᠳᠠᠨ᠎ᠠ ᠬᠣᠯᠪᠣᠭᠠᠯᠠᠨ ᠬᠥᠳᠡᠯᠦᠯᠴᠡᠬᠦ᠌ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠲᠤᠬᠠᠢᠯᠠᠭ᠍ᠰᠠᠨ ᠠᠵᠢᠯ᠎ᠤᠨ ᠭᠣᠭ᠍ᠴᠣᠭ᠎ᠠ᠎ᠶ᠋ᠢ ᠦᠷᠭᠦᠯᠵᠢᠯᠡᠨ ᠳᠥᠭᠥᠮᠴᠢᠯᠡᠪᠡ᠄ ᠪᠤᠳᠠᠳᠦ  ᠴᠤᠬᠴᠠ ᠵᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠦᠨ ᠶᠡᠬᠡ ᠲᠢᠩᠬᠢᠮ᠎ᠳᠦ ᠶᠡᠷᠦᠩᠬᠡᠢᠯᠡᠨ ᠭᠥᠯᠢᠶᠡᠨ ᠠᠪᠴᠤ᠌ ᠱᠢᠶ᠋ᠳᠪᠦᠷᠢᠯᠡᠬᠦ᠌ ᠴᠣᠩᠬᠤᠪᠴᠢ ᠦᠶ᠋ᠯᠡᠴᠢᠯᠡᠭᠡᠨ᠎ᠦ ᠲᠤᠰᠭᠠᠶ ᠣᠷᠣᠨ ᠭᠠᠷᠭᠠᠵᠤ᠂ ᠶᠡᠷᠦᠩᠬᠡᠢᠯᠡᠨ ᠲᠠᠭ᠍ᠯᠠᠨ ᠮᠡᠳᠡᠭᠦᠯᠬᠦ᠌ ᠬᠦᠰᠦᠨᠦᠭ᠌ᠲᠦ᠍᠎ᠶ᠋ᠢ ᠳᠠᠷᠤᠮᠠᠯᠯᠠᠨ ᠵᠣᠬᠢᠶᠠᠵᠤ᠂ ᠨᠢᠭᠡ ᠬᠦᠰᠦᠨᠦᠭ᠌ᠲᠦ᠍᠎ᠪᠡᠷ ᠲᠠᠭ᠍ᠯᠠᠨ ᠮᠡᠳᠡᠭᠦᠯᠬᠦ᠌᠂ ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌᠂ ᠨᠢᠭᠡ ᠯᠡ ᠤᠳᠠᠭ᠎ᠠ᠎ᠳᠤ ᠴᠤᠭ᠍ᠯᠠᠭᠤᠯᠬᠤ᠂ ᠠᠷᠤ ᠲᠠᠪᠴᠠᠩ᠎ᠳᠤ ᠱᠢᠯᠵᠢᠭᠦᠯᠬᠦ᠌᠂ ᠨᠢᠭᠡ ᠯᠡ ᠴᠤᠩᠬᠤᠪᠴᠢ ᠪᠡᠷ ᠭᠠᠷᠭᠠᠨ ᠠᠪᠬᠤ ᠵᠠᠭ᠍ᠪᠤᠷ᠎ᠢ ᠪᠡᠶᠡᠯᠡᠭᠦᠯᠪᠡ᠃ ᠰᠦᠯᠵᠢᠶᠡᠨ ᠳᠡᠭᠡᠷ᠎ᠡ ᠪᠥᠬᠥ᠌ ᠶᠠᠪᠤᠴᠠ᠎ᠶ᠋ᠢᠨ ᠡᠯᠸᠺᠲ᠋ᠷᠤᠨᠴᠢᠯᠠᠬᠰᠠᠨ ᠳᠡᠩᠰᠡᠯᠡᠯᠲᠡ᠎ᠶ᠋ᠢᠨ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠵᠤ ᠠᠬᠤᠢᠯᠠᠯ᠎ᠳᠤ ᠲᠤᠬᠠᠢᠯᠠᠭ᠍ᠰᠠᠨ ᠠᠵᠢᠯ᠎ᠤᠨ ᠥᠪᠡᠰᠦᠪᠡᠨ ᠦᠶ᠋ᠯᠡᠴᠢᠯᠡᠬᠦ᠌ ᠲᠣᠭᠣᠷᠢᠭ ᠭᠠᠷᠭᠠᠬᠤ᠎ᠶ᠋ᠢᠨ ᠬᠠᠮᠲᠤ ᠲᠤᠰᠭᠠᠶ ᠺᠣᠮᠫᠢᠦ᠋ᠲ᠋ᠧᠷ᠂ ᠳᠠᠷᠤᠮᠠᠯᠯᠠᠬᠤ ᠮᠠᠱᠢᠨ᠂ ᠱᠢᠷᠪᠢᠭᠦᠷ ᠵᠡᠷᠭᠡ ᠲᠥᠬᠥᠭᠡᠷᠦᠮᠵᠢ᠎ᠶ᠋ᠢ ᠳᠣᠭᠢᠷᠠᠭᠤᠯᠤᠨ᠂ ᠲᠤᠰᠭᠠᠶ ᠲᠤᠱᠢᠶᠠᠯᠲᠤ ᠠᠵᠢᠯᠲᠠᠨ᠎ᠢ ᠳᠣᠭᠢᠷᠠᠭᠤᠯᠤᠨ ᠬᠥᠲᠥᠯᠦᠨ ᠵᠢᠯᠣᠭᠣᠳᠤᠭ᠍ᠴᠢ᠎ᠶ᠋ᠢᠨ ᠲᠤᠱᠢᠶᠠᠯ᠎ᠢ ᠡᠭᠦᠷᠭᠡᠯᠡᠭᠦᠯᠵᠦ᠍᠂ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ᠎ᠳᠦ ᠲᠤᠬᠠᠢᠯᠠᠭ᠍ᠰᠠᠨ ᠠᠵᠢᠯ᠎ᠤᠨ ᠰᠦᠯᠵᠢᠶᠡᠨ ᠳᠡᠭᠡᠷ᠎ᠡ ᠲᠠᠭ᠍ᠯᠠᠨ ᠮᠡᠳᠡᠭᠦᠯᠬᠦ᠌ ᠵᠢᠯᠣᠭᠣᠳᠣᠯᠭ᠎ᠠ᠎ᠶ᠋ᠢᠨ ᠦᠶ᠋ᠯᠡᠴᠢᠯᠡᠭᠡ ᠬᠠᠩᠭᠠᠪᠠ᠃

ᠲᠠᠷᠠᠭᠠᠴᠢ᠎ᠶ᠋ᠢᠨ ᠠᠯᠬᠤᠮ᠎ᠳᠤ᠂ ᠬᠠᠷᠠᠴᠢᠨ ᠬᠣᠱᠢᠭᠤ ᠦᠶ᠋ᠯᠡᠴᠢᠯᠡᠭᠡᠨ᠎ᠦ ᠵᠠᠭ᠍ᠪᠤᠷ᠎ᠢᠶᠠᠨ ᠤᠯᠠᠮ ᠨᠢᠭᠡ ᠠᠯᠬᠤᠮ ᠱᠢᠨᠡᠳᠭᠡᠵᠦ᠂ ᠦᠶ᠋ᠯᠡᠴᠢᠯᠡᠭᠡᠨ᠎ᠦ ᠦᠷ᠎ᠡ ᠪᠦᠲᠦᠮᠵᠢ᠎ᠪᠡᠨ ᠴᠢᠷᠮᠠᠢᠨ ᠳᠡᠭᠡᠭ᠌ᠰᠢᠯᠡᠭᠦᠯᠵᠦ᠍᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠭᠦᠶ᠋ᠴᠡᠳ ᠬᠡᠷᠡᠭ᠌ᠯᠡᠨ᠂ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠶ᠋ᠢᠨ ᠡᠮᠬᠢ ᠵᠢᠷᠤᠮ᠎ᠲᠠᠶ᠎ᠪᠠᠷ ᠤᠬᠤᠷᠢᠨ ᠭᠠᠷᠬᠤ᠎ᠳᠤ ᠲᠥᠬᠥᠮ ᠦᠵᠡᠭᠦᠯᠵᠦ᠍᠂ ᠨᠡᠢᠭᠡᠮ᠎ᠦᠨ ᠦᠶ᠋ᠯᠡᠰ ᠪᠤᠰᠬᠠᠬᠤ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠨᠠᠩ ᠶᠡᠬᠡ ᠬᠡᠮᠵᠢᠶ᠎ᠡ᠎ᠪᠡᠷ ᠪᠠᠳᠠᠷᠠᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号